ᠰᠤᠷᠭᠠᠨ ᠬᠦᠮᠦᠵᠢᠯ ᠤᠨ ᠶᠠᠮᠤᠨ ᠰᠤᠷᠭᠠᠭᠤᠯᠢ ᠶᠢᠨ ᠬᠦᠷᠢᠶᠡᠨ ᠳᠤ ᠬᠠᠯᠳᠠᠪᠤᠷᠢᠳᠤ ᠡᠪᠡᠳᠴᠢᠨ ᠡᠬᠦᠰᠬᠦ ᠠᠴᠠ ᠰᠡᠷᠬᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠡᠢ ᠬᠡᠵᠤ ᠱᠠᠭᠠᠷᠳᠠᠵᠠᠢ
ᠨᠡᠶᠢᠲᠡᠯᠡᠭᠰᠡᠨ ᠴᠠᠭ᠄
2018-03-14
     ᠡᠮᠦᠨᠡᠬᠡᠨ᠂ ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ︽ᠬᠠᠯᠳᠠᠪᠤᠷᠢᠳᠤ ᠲᠠᠭᠰᠢᠭᠤᠷ ᠵᠡᠷᠬᠡ ᠠᠮᠢᠰᠬᠤᠯ ᠤᠨ ᠡᠷᠬᠡᠳᠡᠨ ᠤ ᠬᠠᠯᠳᠠᠪᠤᠷᠢᠳᠤ ᠡᠪᠡᠳᠴᠢᠨ ᠠᠴᠠ ᠰᠡᠷᠬᠡᠶᠢᠯᠡᠬᠦ ᠶᠢ ᠴᠢᠩᠬᠠᠳᠬᠠᠬᠤ ᠠᠵᠢᠯ ᠤᠨ ᠲᠤᠬᠠᠢ ᠰᠡᠷᠡᠮᠵᠢᠯᠡᠬᠦᠯᠬᠦ ᠮᠡᠳᠡᠭᠳᠡᠯ︾ ᠢ ᠲᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠡᠯ᠎ᠡ ᠱᠠᠳᠤᠨ ᠤ ᠰᠤᠷᠭᠠᠭᠤᠯᠢ ᠬᠠᠪᠤᠷ ᠤᠨ ᠬᠤᠭᠤᠴᠠᠭᠠᠨ ᠤ ᠰᠤᠷᠭᠠᠭᠤᠯᠢ ᠡᠬᠢᠯᠡᠬᠦ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠳᠠᠬᠢ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠠᠵᠢᠯ ᠢ ᠰᠠᠶᠢᠳᠤᠷ ᠬᠢᠵᠤ᠂ ᠬᠠᠯᠳᠠᠪᠤᠷᠢᠳᠤ ᠲᠠᠭᠰᠢᠭᠤᠷ ᠵᠡᠷᠬᠡ ᠠᠮᠢᠰᠬᠤᠯ ᠤᠨ ᠡᠷᠬᠡᠳᠡᠨ ᠤ ᠬᠠᠯᠳᠠᠪᠤᠷᠢᠳᠤ ᠡᠪᠡᠳᠴᠢᠨ ᠤ ᠰᠤᠷᠭᠠᠭᠤᠯᠢ ᠶᠢᠨ ᠬᠦᠷᠢᠶᠡᠨ ᠳᠤ ᠡᠬᠦᠰᠬᠦ ᠪᠤᠯᠤᠨ ᠲᠡᠯᠭᠡᠷᠡᠬᠦ ᠶᠢ ᠪᠦᠲᠦᠮᠵᠢᠲᠡᠢ ᠰᠡᠷᠬᠡᠶᠢᠯᠡᠵᠤ ᠰᠤᠷᠤᠭᠴᠢᠳ ᠤᠨ ᠡᠷᠡᠬᠦᠯ ᠮᠡᠨᠳᠤ ᠶᠢ ᠪᠠᠳᠤᠯᠠᠬᠤ ᠬᠡᠷᠡᠭᠲᠡᠢ ᠬᠡᠵᠡᠢ᠃      ᠡᠪᠤᠯ ᠬᠠᠪᠤᠷ ᠤᠨ ᠤᠯᠠᠷᠢᠯ ᠪᠤᠯ ᠬᠠᠯᠳᠠᠪᠤᠷᠢᠳᠤ ᠲᠠᠭᠰᠢᠭᠤᠷ᠂ ᠰᠠᠯᠬᠢᠨ ᠴᠡᠴᠡᠭ᠂ ᠤᠯᠠᠭᠠᠨ ᠨᠤᠳ᠂ ᠲᠠᠬᠤᠯᠳᠤ ᠰᠢᠨᠠ ᠶᠢᠨ ᠪᠤᠯᠴᠢᠷᠬᠠᠢ ᠶᠢᠨ ᠦᠷᠪᠢᠰᠤᠯ᠂ ᠲᠠᠷᠢᠬᠢᠨ ᠤ ᠬᠠᠯᠢᠰᠤ ᠶᠢᠨ ᠦᠷᠪᠢᠰᠤᠯ᠂ ᠰᠦᠷᠢᠶ᠎ᠡ ᠡᠪᠡᠳᠴᠢᠨ ᠵᠡᠷᠬᠡ ᠠᠮᠢᠰᠬᠤᠯ ᠤᠨ ᠡᠷᠬᠡᠳᠡᠨ ᠤ ᠬᠠᠯᠳᠠᠪᠤᠷᠢᠳᠤ ᠡᠪᠡᠳᠴᠢᠨ ᠡᠬᠦᠰᠬᠦ ᠪᠤᠯᠤᠮᠵᠢ ᠵᠩᠡ ᠤᠯᠠᠷᠢᠯ ᠪᠤᠯᠤᠨ᠎ᠠ᠂ ᠤᠳᠤᠬᠠᠨ ᠳᠤ ᠮᠠᠨ ᠤ ᠤᠯᠤᠰ ᠤᠨ ᠤᠯᠠᠩᠬᠢ ᠭᠠᠵᠠᠷ ᠲᠤ ᠤᠯᠠᠷᠢᠯ ᠤᠨ ᠴᠢᠨᠠᠷ ᠲᠠᠢ ᠬᠠᠯᠳᠠᠪᠤᠷᠢᠳᠤ ᠲᠠᠭᠰᠢᠭᠤᠷ ᠡᠬᠦᠰᠴᠦ ᠪᠠᠶᠢᠭ᠎ᠠ ᠤᠷᠬᠢᠯ ᠤᠨ ᠦᠶ᠎ᠡ ᠪᠤᠯᠤᠭᠠᠳ ᠪᠠᠶᠢᠨ᠎ᠠ᠃      ︽ᠮᠡᠳᠡᠭᠳᠡᠯ︾ ᠳᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨ ᠡᠷᠡᠬᠦᠯ ᠬᠠᠮᠠᠭᠠᠯᠠᠯ ᠪᠤᠯᠤᠨ ᠲᠦᠯᠦᠪᠯᠡᠬᠡᠳᠤ ᠦᠷᠡᠵᠢᠯ ᠤᠨ ᠰᠠᠯᠠᠭ᠎ᠠ ᠮᠦᠴᠢᠷ ᠲᠠᠢ ᠬᠠᠷᠢᠯᠴᠠᠵᠤ᠂ ᠴᠠᠭ ᠲᠤᠬᠠᠢ ᠳᠤ ᠨᠢ ᠲᠤᠬᠠᠢ ᠶᠢᠨ ᠭᠠᠵᠠᠷ ᠤᠨ ᠢᠶᠠᠨ ᠬᠠᠯᠳᠠᠪᠤᠷᠢᠳᠤ ᠲᠠᠭᠰᠢᠭᠤᠷ ᠵᠡᠷᠬᠡ ᠠᠮᠢᠰᠭᠤᠯ ᠤᠨ ᠡᠷᠬᠡᠳᠡᠨ ᠤ ᠡᠪᠡᠳᠴᠢᠨ ᠤ ᠪᠠᠶᠢᠳᠠᠯ ᠢ ᠤᠶᠢᠯᠠᠭᠠᠵᠤ᠂ ᠰᠡᠷᠬᠡᠶᠢᠯᠡᠬᠦ ᠠᠵᠢᠯ ᠢᠶᠠᠨ ᠰᠠᠶᠢᠳᠤᠷ ᠪᠠᠶᠢᠷᠢᠯᠠᠭᠤᠯᠵᠤ᠂ ᠰᠤᠷᠭᠠᠭᠤᠯᠢ ᠶᠢᠨ ᠬᠦᠷᠢᠶᠡᠨ ᠳᠤ ᠡᠬᠦᠰᠬᠦ ᠠᠴᠠ ᠰᠡᠷᠬᠡᠶᠢᠯᠡᠬᠦ ᠠᠵᠢᠯ ᠤᠨ ᠡᠯ᠎ᠡ ᠲᠦᠷᠦᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠰᠤᠷᠤᠭᠴᠢᠳ ᠲᠤ ᠬᠤᠪᠢ ᠶᠢᠨ ᠡᠷᠡᠬᠦᠯ ᠮᠡᠨᠳᠤ ᠪᠠᠨ ᠰᠠᠶᠢᠳᠤᠷ ᠬᠢᠬᠦ ᠶᠢ ᠵᠢᠭᠠᠨ ᠵᠢᠯᠤᠭᠤᠳᠴᠤ᠂ ᠰᠤᠷᠤᠭᠴᠢ ᠶᠢᠨ ᠡᠷᠡᠬᠦᠯ ᠬᠠᠮᠠᠭᠠᠯᠠᠯ ᠤᠨ ᠤᠬᠠᠮᠰᠠᠷ ᠢ ᠲᠡᠭᠡᠭᠰᠢᠯᠡᠬᠦᠯᠬᠦ ᠬᠡᠷᠡᠭᠲᠡᠢ᠃ ᠰᠤᠷᠭᠠᠭᠤᠯᠢ ᠶᠢᠨ ᠤᠷᠴᠢᠨ ᠲᠤᠭᠤᠷᠢᠨ ᠤ ᠡᠷᠡᠬᠦᠯ ᠮᠡᠨᠳᠤ ᠶᠢ ᠠᠩᠬᠠᠷᠴᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠪᠠᠳᠤᠯᠠᠬᠤ ᠬᠡᠷᠡᠭᠲᠡᠢ᠃ ᠰᠢᠨ᠎ᠡ ᠬᠤᠭᠤᠴᠠᠭᠠᠨ ᠤ ᠰᠤᠷᠭᠠᠭᠤᠯᠢ ᠡᠬᠢᠯᠡᠬᠦ ᠠᠴᠠ ᠡᠮᠦᠨ᠎ᠡ᠂ ᠰᠤᠷᠭᠠᠭᠤᠯᠢ ᠶᠢᠨ ᠬᠦᠷᠢᠶ᠎ᠠ ᠪᠠᠨ ᠴᠡᠪᠡᠷᠯᠡᠬᠦ ᠪᠦᠭᠡᠳ ᠬᠢᠨᠠᠨ ᠰᠢᠯᠭᠠᠬᠤ ᠬᠡᠷᠡᠭᠲᠡᠢ᠃ ᠰᠤᠷᠭᠠᠭᠤᠯᠢ ᠡᠬᠢᠯᠡᠬᠦ ᠦᠶ᠎ᠡ ᠳᠤ ᠠᠩᠬᠢ ᠶᠢᠨ ᠬᠡᠷ᠂ ᠪᠠᠶᠢᠷᠢ᠂ ᠨᠤᠮ ᠤᠨ ᠰᠠᠩ᠂ ᠬᠤᠭᠤᠯᠠᠨ ᠬᠡᠷ ᠵᠡᠷᠬᠡ ᠬᠦᠮᠦᠨ ᠤᠯᠠᠨ ᠭᠠᠵᠠᠷ ᠤᠨ ᠰᠠᠯᠬᠢ ᠨᠡᠪᠳᠡᠷᠡᠬᠦ ᠶᠢ ᠪᠠᠳᠤᠯᠠᠬᠤ ᠬᠡᠷᠡᠭᠲᠡᠢ᠃ ᠡᠯ᠎ᠡ ᠭᠠᠵᠠᠷ ᠤᠨ ᠪᠠᠭ᠎ᠠ ᠰᠤᠷᠭᠠᠭᠤᠯᠢ ᠪᠤᠯᠤᠨ ᠴᠡᠴᠡᠷᠯᠢᠭ ᠤᠨ ᠪᠠᠶᠢᠭᠤᠯᠤᠮᠵᠢ ᠰᠤᠷᠤᠭᠴᠢᠳ ᠤᠨ ᠦᠷᠯᠦᠬᠡᠨ ᠤ ᠪᠠᠶᠢᠴᠠᠭᠠᠯᠳᠠ ᠶᠢ ᠰᠠᠶᠢᠳᠤᠷ ᠬᠢᠵᠤ᠂ ᠡᠪᠡᠳᠴᠢᠨ ᠢᠶᠠᠷ ᠬᠢᠴᠢᠶᠡᠯ ᠰᠠᠭᠠᠳᠠᠭᠰᠠᠨ ᠰᠤᠷᠤᠭᠴᠢᠳ ᠤᠨ ᠪᠠᠶᠢᠳᠠᠯ ᠢ ᠤᠶᠢᠯᠠᠭᠠᠬᠤ ᠪᠦᠭᠡᠳ ᠲᠠᠩᠰᠠᠯᠠᠬᠤ ᠲᠦᠷᠢᠮ ᠢ ᠬᠡᠷᠡᠭᠵᠢᠬᠦᠯᠵᠤ᠂ ᠬᠠᠯᠳᠠᠪᠤᠷᠢᠳᠤ ᠡᠪᠡᠳᠴᠢᠨ ᠢ ᠡᠷᠳᠡᠬᠡᠨ ᠢᠯᠡᠷᠡᠬᠦᠯᠵᠤ᠂ ᠡᠷᠳᠡᠬᠡᠨ ᠮᠡᠳᠡᠬᠦᠯᠵᠤ᠂ ᠡᠷᠳᠡᠬᠡᠨ ᠰᠢᠶ᠋ᠳᠪᠦᠷᠢᠯᠡᠬᠦ ᠶᠢ ᠰᠠᠶᠢᠳᠤᠷ ᠬᠢᠨ᠎ᠡ᠃ ᠠᠮᠢᠰᠬᠤᠯ ᠤᠨ ᠡᠷᠬᠡᠳᠡᠨ ᠤ ᠡᠪᠡᠳᠴᠢᠨ ᠨᠢᠬᠡᠨᠳᠡ ᠡᠬᠦᠰᠦᠭᠰᠡᠨ ᠪᠤᠶᠤ ᠡᠪᠡᠳᠴᠢᠨ ᠤ ᠪᠠᠶᠢᠳᠠᠯ ᠢᠯᠡᠷᠬᠡᠢ ᠬᠡᠴᠡᠬᠦᠳᠡᠵᠤ ᠪᠠᠶᠢᠭ᠎ᠠ ᠭᠠᠵᠠᠷ ᠤᠨ ᠰᠤᠷᠭᠠᠭᠤᠯᠢ ᠪᠤᠳᠠᠳᠠᠢ ᠪᠠᠶᠢᠳᠠᠯ ᠢᠶᠠᠨ ᠦᠨᠳᠦᠰᠦᠯᠡᠨ ᠬᠠᠮᠳᠤ ᠶᠢᠨ ᠠᠵᠢᠯᠯᠠᠭ᠎ᠠ ᠦᠷᠨᠢᠬᠦᠯᠬᠦ ᠶᠢ ᠪᠠᠭᠠᠰᠬᠠᠬᠤ ᠪᠤᠶᠤ ᠵᠤᠭᠰᠤᠭᠠᠵᠤ᠂ ᠠᠷᠭ᠎ᠠ ᠬᠡᠮᠵᠢᠶ᠎ᠡ ᠠᠪᠴᠤ᠂ ᠰᠤᠷᠤᠭᠴᠢ ᠶᠢᠨ ᠡᠳᠤᠷ ᠪᠦᠷᠢ 1 ᠴᠠᠭ ᠤᠨ ᠪᠡᠶ᠎ᠡ ᠶᠢᠨ ᠲᠠᠮᠢᠷ ᠤᠨ ᠬᠦᠳᠡᠯᠬᠡᠬᠡᠨ ᠬᠢᠬᠦ ᠶᠢ ᠪᠠᠳᠤᠯᠠᠬᠤ ᠬᠡᠷᠡᠭᠲᠡᠢ ᠬᠡᠵᠤ ᠱᠠᠭᠠᠷᠳᠠᠪᠠ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号