ᠰᠤᠷᠭᠠᠨ ᠬᠦᠮᠦᠵᠢᠯ ᠤᠨ ᠶᠠᠮᠤᠨ ᠠᠷᠪᠠᠨ ᠲᠦᠷᠦᠯ ᠤᠨ ᠬᠤᠷᠢᠬᠯᠠᠯ ᠢ ᠴᠢᠬᠤᠯᠠᠴᠢᠯᠠᠪᠠ
ᠨᠡᠶᠢᠲᠡᠯᠡᠭᠰᠡᠨ ᠴᠠᠭ᠄
2018-03-14
     ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ᠮᠡᠳᠡᠭᠳᠡᠯ ᠬᠡᠪᠯᠡᠨ ᠲᠠᠷᠬᠠᠭᠠᠵᠤ᠂ 2018 ᠤᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠳᠤ ᠪᠠᠶᠢᠷᠢᠯᠠᠭᠤᠯᠤᠯᠲᠠ ᠬᠢᠪᠡ᠃      ︽ᠮᠡᠳᠡᠭᠳᠡᠯ︾ ᠳᠤ ᠴᠢᠬᠤᠯᠠᠴᠢᠯᠠᠬᠰᠠᠨ ᠨᠢ᠂ ︽ᠠᠷᠪᠠᠨ ᠲᠦᠷᠦᠯ ᠤᠨ ᠬᠤᠷᠢᠬᠯᠠᠯ︾ ᠤᠨ ᠰᠠᠬᠢᠯᠭ᠎ᠠ ᠶᠢ ᠴᠢᠩᠭ᠎ᠠ ᠲᠤᠭᠤᠰᠢᠯᠠᠭᠤᠯᠬᠤ ᠬᠡᠷᠡᠭᠲᠠᠢ᠄ ᠲᠦᠯᠦᠪᠯᠡᠭᠡ ᠦᠬᠡᠢ ᠪᠤᠶᠤ ᠲᠦᠯᠦᠪᠯᠡᠭᠡ ᠠᠴᠠ ᠪᠠᠨ ᠬᠡᠲᠤᠷᠡᠭᠦᠯᠵᠦ ᠰᠤᠷᠤᠭᠴᠢ ᠡᠯᠰᠡᠬᠦ ᠶᠢ ᠬᠤᠷᠢᠬᠯᠠᠨ᠎ᠠ︔ ᠰᠤᠷᠭᠠᠭᠤᠯᠢ ᠨᠤᠭᠤᠳ ᠥᠪᠡᠷ ᠢᠶᠠᠨ ᠪᠤᠶᠤ ᠨᠡᠶᠢᠬᠡᠮ ᠤᠨ ᠰᠤᠷᠭᠠᠯᠲᠠ ᠶᠢᠨ ᠪᠠᠶᠢᠭᠤᠯᠤᠮᠵᠢ ᠲᠠᠢ ᠬᠤᠷᠰᠢᠨ ᠰᠤᠷᠤᠭᠴᠢ ᠡᠯᠰᠡᠬᠦ ᠰᠢᠯᠲᠠᠭᠠᠨ ᠢᠶᠠᠷ ᠡᠯ᠎ᠠ ᠲᠦᠷᠦᠯ ᠤᠨ ᠰᠢᠯᠭᠠᠯᠲᠠ ᠵᠣᠬᠢᠶᠠᠨ ᠪᠠᠶᠢᠭᠤᠯᠬᠤ᠂ ᠡᠰᠡᠬᠦᠯ᠎ᠠ ᠨᠡᠶᠢᠬᠡᠮ ᠤᠨ ᠰᠤᠷᠭᠠᠯᠲᠠ ᠶᠢᠨ ᠪᠠᠶᠢᠭᠤᠯᠤᠮᠵᠢ ᠶᠢᠨ ᠥᠪᠡᠷ ᠢᠶᠠᠨ ᠵᠣᠬᠢᠶᠠᠨ ᠪᠠᠶᠢᠭᠤᠯᠤᠭᠰᠠᠨ ᠰᠢᠯᠭᠠᠯᠲᠠ ᠳᠠᠬᠢ ᠬᠢᠷᠢ ᠪᠦᠲᠦᠮᠵᠢ ᠶᠢ ᠬᠡᠷᠡᠭᠯᠡᠵᠤ ᠰᠤᠷᠤᠭᠴᠢ ᠡᠯᠰᠡᠬᠦ ᠶᠢ ᠬᠤᠷᠢᠬᠯᠠᠨ᠎ᠠ︔ ᠤᠷᠢᠳᠴᠢᠯᠠᠵᠤ ᠰᠤᠷᠤᠭᠴᠢ ᠡᠯᠰᠡᠬᠦ ᠪᠠ ᠦᠭᠡᠷ᠎ᠠ ᠬᠡᠯᠪᠡᠷᠢ ᠪᠠᠷ ︽ᠰᠢᠯᠢᠳᠡᠭ ᠢ ᠨᠢ ᠰᠤᠩᠬᠤᠵᠤ︾ ᠡᠯᠰᠡᠬᠦ ᠶᠢ ᠬᠤᠷᠢᠬᠯᠠᠨ᠎ᠠ︔ ᠠᠯᠪᠠᠨ ᠤ ᠰᠤᠷᠭᠠᠭᠤᠯᠢ ᠪᠤᠯᠤᠨ ᠠᠷᠠᠳ ᠠᠴᠠ ᠡᠷᠬᠢᠯᠡᠭᠰᠡᠨ ᠰᠤᠷᠭᠠᠭᠤᠯᠢ ᠬᠤᠯᠢᠯᠳᠤᠨ ᠰᠤᠷᠤᠭᠴᠢ ᠡᠯᠰᠡᠬᠦ ᠪᠠ ᠬᠤᠯᠢᠯᠳᠤᠨ ᠠᠩᠬᠢ ᠪᠠᠶᠢᠭᠤᠯᠬᠤ ᠶᠢ ᠬᠤᠷᠢᠬᠯᠠᠨ᠎ᠠ︔ ᠦᠨᠳᠦᠷ ᠬᠠᠩᠰᠢ ᠲᠠᠢ ᠡᠳ᠋ ᠪᠤᠳᠠᠰ ᠢᠶᠠᠷ ᠱᠠᠩᠨᠠᠬᠤ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠰᠢᠳᠤᠷᠭᠤ ᠪᠤᠰᠤ ᠠᠷᠭ᠎ᠠ ᠪᠠᠷᠢᠯ ᠢᠶᠠᠷ ᠰᠤᠷᠤᠭᠴᠢ ᠡᠯᠰᠡᠬᠦ ᠶᠢ ᠬᠤᠷᠢᠬᠯᠠᠨ᠎ᠠ︔ ᠠᠯᠢ ᠰᠤᠷᠭᠠᠭᠤᠯᠢ ᠴᠤ ᠬᠡᠰᠡᠨ ᠰᠤᠷᠭᠠᠭᠤᠯᠢ ᠳᠤ ᠤᠷᠤᠬᠤ ᠲᠠᠢ ᠬᠤᠯᠪᠤᠭᠳᠠᠭᠤᠯᠵᠤ ︽ᠰᠤᠷᠤᠯᠭ᠎ᠠ ᠳᠡᠳᠭᠦᠬᠦ ᠮᠦᠩᠬᠦ︾ ᠬᠤᠷᠢᠶᠠᠬᠤ ᠪᠤᠶᠤ ᠦᠭᠡᠷ᠎ᠠ ᠬᠡᠯᠪᠡᠷᠢ ᠪᠠᠷ ᠮᠥᠩᠭᠦ ᠬᠤᠷᠢᠶᠠᠬᠤ ᠶᠢ ᠬᠤᠷᠢᠬᠯᠠᠨ᠎ᠠ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠭᠠᠭᠤᠯᠢ ᠨᠤᠭᠤᠳ ᠡᠯ᠎ᠠ ᠲᠦᠷᠦᠯ ᠤᠨ ᠲᠡᠮᠡᠴᠡᠭᠡᠨ ᠤ ᠦᠨᠡᠮᠯᠡᠬᠦ᠂ ᠮᠡᠳᠡᠯᠬᠡ ᠶᠢᠨ ᠬᠢᠴᠢᠶᠠᠯ ᠤᠨ ᠬᠢᠷᠢ ᠪᠦᠲᠦᠮᠵᠢ ᠪᠤᠶᠤ ᠵᠡᠷᠭᠡᠯᠡᠯ ᠰᠢᠯᠭᠠᠭᠤᠯᠤᠭᠰᠠᠨ ᠬᠡᠷᠡᠴᠢ ᠪᠠᠷᠢᠮᠲᠠ ᠪᠠᠷ ᠰᠤᠷᠤᠭᠴᠢ ᠡᠯᠰᠡᠬᠦ ᠦᠨᠳᠦᠰᠦᠯᠡᠯ ᠪᠤᠯᠭᠠᠬᠤ ᠶᠢ ᠬᠤᠷᠢᠬᠯᠠᠨ᠎ᠠ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠰᠤᠷᠭᠠᠭᠤᠯᠢ ᠨᠤᠭᠤᠳ ᠶᠠᠮᠠᠷ ᠨᠢᠬᠡᠨ ᠨᠡᠷ᠎ᠠ ᠪᠠᠷ ᠭᠤᠤᠯ ᠠᠩᠬᠢ ᠪᠤᠶᠤ ᠬᠤᠷᠳᠤᠨ ᠤᠳᠠᠭᠠᠨ ᠠᠩᠬᠢ ᠪᠠᠶᠢᠭᠤᠯᠬᠤ ᠶᠢ ᠬᠤᠷᠢᠬᠯᠠᠨ᠎ᠠ︔ ᠠᠩᠬ᠎ᠠ ᠳᠤᠮᠳᠠᠳᠤ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠶᠡᠭᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠪᠤᠶᠤ ᠠᠩᠬ᠎ᠠ ᠳᠤᠮᠳᠠᠳᠤ ᠶᠢᠨ ᠳᠡᠭᠦᠰᠬᠦ ᠰᠢᠯᠭᠠᠯᠲᠠ ᠶᠢᠨ ᠬᠢᠷᠢ ᠪᠦᠲᠦᠮᠵᠢ ᠪᠠᠷ ᠰᠤᠷᠤᠭᠴᠢᠳ ᠢ ᠵᠢᠬᠰᠠᠭᠠᠬᠤ᠂ ᠶᠡᠭᠡ ᠳᠡᠭᠡᠲᠤ ᠰᠤᠷᠭᠠᠭᠤᠯᠢ ᠶᠢᠨ ᠡᠯᠰᠡᠯᠲᠠ ᠶᠢᠨ ᠰᠢᠯᠭᠠᠯᠲᠠ ᠪᠠ ᠠᠩᠬ᠎ᠠ ᠳᠤᠮᠳᠠᠳᠤ ᠶᠢᠨ ᠳᠡᠭᠦᠰᠬᠦ ᠰᠢᠯᠭᠠᠯᠲᠠ ᠶᠢᠨ ᠮᠠᠩᠯᠠᠢ ᠬᠢᠬᠡᠳ ᠰᠤᠷᠭᠠᠭᠤᠯᠢ ᠳᠠᠪᠰᠢᠬᠤ ᠨᠣᠷᠮ᠎ᠠ ᠪᠠᠨ ᠤᠬᠠᠭᠤᠯᠬᠤ ᠶᠢ ᠬᠤᠷᠢᠬᠯᠠᠨ᠎ᠠ︔ ᠬᠤᠪᠢ ᠬᠦᠮᠦᠨ ᠪᠠ ᠰᠤᠷᠭᠠᠭᠤᠯᠢ ᠶᠢᠨ ᠬᠠᠷᠢᠶᠠᠯᠠᠯ ᠨᠡᠶᠢᠴᠡᠬᠦ ᠦᠬᠡᠢ᠂ ᠰᠤᠷᠭᠠᠭᠤᠯᠢ ᠶᠢᠨ ᠬᠠᠷᠢᠶᠠᠯᠠᠯ ᠡᠯᠭᠦᠬᠦ᠂ ᠰᠤᠷᠭᠠᠭᠤᠯᠢ ᠶᠢᠨ ᠬᠠᠷᠢᠶᠠᠯᠠᠯ ᠵᠣᠬᠢᠶᠠᠬᠤ ᠵᠡᠷᠭᠡ ᠦᠵᠡᠭᠳᠡᠯ ᠢ ᠬᠤᠷᠢᠬᠯᠠᠬᠤ ᠪᠦᠬᠡᠳ ᠲᠤᠭᠲᠠᠭᠠᠯ ᠢ ᠵᠦᠷᠢᠴᠠᠨ ᠤᠷᠤᠨ ᠠᠯᠤᠰᠯᠠᠵᠤ ᠡᠯᠰᠡᠭᠰᠡᠨ ᠰᠤᠷᠤᠭᠴᠢ ᠪᠤᠶᠤ ᠲᠤᠭᠲᠠᠭᠠᠯ ᠢ ᠵᠦᠷᠢᠴᠠᠨ ᠰᠤᠷᠭᠠᠭᠤᠯᠢ ᠰᠢᠯᠵᠢᠭᠰᠡᠨ ᠰᠤᠷᠤᠭᠴᠢᠳ ᠲᠤ ᠰᠤᠷᠭᠠᠭᠤᠯᠢ ᠶᠢᠨ ᠬᠠᠷᠢᠶᠠᠯᠠᠯ ᠲᠤᠰᠬᠤ ᠰᠢᠯᠵᠢᠭᠦᠯᠬᠦ ᠭᠠᠷᠳᠠᠮ ᠬᠢᠵᠤ ᠦᠭᠴᠤ ᠪᠤᠯᠬᠤ ᠦᠬᠡᠢ᠃ ︵ᠰᠤᠷᠪᠤᠯᠵᠢᠯᠠᠬᠴᠢ ᠵᠠᠩ ᠱᠦᠸᠧ︶
 
ᠢᠷᠡᠯᠲᠡ᠄ ᠠᠷᠠᠳ ᠤᠨ ᠡᠳᠦᠷ ᠤᠨ ᠰᠣᠨᠢᠨ - ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号