ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠨ ᠵᠥᠪᠰᠢᠶᠡᠷᠡᠯ ᠢ 21 ᠵᠦᠢᠯ ᠪᠣᠯᠭᠠᠨ ᠬᠠᠰᠤᠪᠠ
ᠨᠡᠶᠢᠲᠡᠯᠡᠭᠰᠡᠨ ᠴᠠᠭ᠄
2018-03-15
     ᠪᠦᠬᠦ ᠣᠷᠣᠨ ᠤ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠥᠪᠥᠷ ᠮᠣᠩᠭᠤᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠢ ᠤᠤᠯ ᠤᠨ 30 ᠵᠦᠢᠯ ᠠᠴᠠ ᠨᠢ 21 ᠵᠦᠢᠯ ᠪᠣᠯᠭᠠᠨ ᠬᠠᠰᠤᠵᠠᠢ᠃ ᠤᠶᠢᠯᠠᠭᠠᠭᠰᠠᠨ ᠢᠶᠠᠷ ᠂ ᠨᠢᠯᠬ᠎ᠠ ᠨᠢᠷᠠᠢ ᠬᠡᠦᠬᠡᠳ ᠤᠨ ᠨᠠᠶᠢᠷᠠᠯᠭ᠎ᠠ ᠶᠢᠨ ᠰᠦᠨ ᠲᠠᠯᠬ᠎ᠠ ᠶᠢ ᠭᠠᠷᠭᠠᠪᠠᠯ᠂ ᠪᠦᠬᠦ ᠣᠷᠣᠨ ᠤ ᠪᠦᠬᠦ 28 ᠵᠦᠢᠯ ᠤᠨ ᠢᠳᠡᠭᠡᠨ ᠤ ᠦᠢᠯᠡᠳᠪᠦᠷᠢᠯᠡᠯ ᠢ ᠵᠥᠪᠰᠢᠶᠡᠷᠡᠬᠦ ᠬᠢᠨᠠᠨ ᠵᠥᠪᠰᠢᠶᠡᠷᠡᠯ ᠤᠨ ᠡᠷᠬᠡ ᠶᠢ ᠳᠤᠷᠤᠭᠰᠢ ᠠᠶᠢᠮᠠᠭ ᠬᠤᠲᠠ ᠳᠤ ᠪᠠᠭᠤᠯᠭᠠᠭᠰᠠᠨ ᠤ ᠬᠠᠮᠲᠤ ᠡᠷᠬᠡ ᠪᠠᠨ ᠦᠷᠭᠡᠳᠬᠡᠬᠦ ᠬᠦᠴᠦᠷᠬᠡᠭ ᠰᠢᠶᠠᠨ ᠤ ᠲᠤᠷᠰᠢᠯᠲᠠ ᠶᠢᠨ ᠠᠵᠢᠯ ᠦᠷᠨᠢᠬᠦᠯᠵᠦ ᠪᠠᠶᠢᠭ᠎ᠠ 12 ᠬᠤᠰᠢᠭᠤ ᠰᠢᠶᠠᠨ ᠳᠤ ᠵᠠᠯᠭ᠎ᠠ ᠪᠠᠷ ᠪᠠᠭᠤᠯᠭᠠᠵᠦ ᠪᠠᠶᠢᠨ᠎ᠠ᠃ ᠬᠢᠨᠠᠨ ᠵᠦᠪᠰᠢᠶᠠᠷᠠᠬᠦ ᠡᠷᠬᠡ ᠶᠢ ᠳᠣᠷᠣᠭᠰᠢ ᠪᠠᠭᠤᠯᠭᠠᠭᠰᠠᠨ ᠤ ᠰᠡᠭᠦᠯᠡᠷ᠂ ᠬᠢᠨᠠᠨ ᠵᠦᠪᠰᠢᠶᠡᠷᠡᠬᠦ ᠴᠠᠭ ᠶᠡᠭᠡ ᠪᠠᠷ ᠪᠣᠭᠤᠨᠢᠰᠴᠠᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠴᠢᠩᠭᠠᠷᠠᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠡᠮᠬᠢᠯᠡᠨ ᠲᠢᠭᠯᠡᠬᠦ ᠠᠵᠢᠯ ᠢ ᠪᠡᠶᠡᠯᠡᠬᠦᠯᠦᠭᠡᠳ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠵᠡᠷᠭᠡ ᠳᠣᠯᠣᠭᠠᠨ ᠶᠡᠭᠡ ᠲᠥᠷᠥᠯ ᠤᠨ ᠨᠡᠶᠢᠳᠡ 298 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠲᠥᠷᠥᠯ ᠵᠦᠢᠯ ᠤᠨ ᠭᠠᠷᠴᠠᠭ ᠢ ᠡᠮᠬᠢᠯᠡᠨ ᠲᠢᠭᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭ᠎ᠠ ᠶᠢᠨ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ ᠪᠠ ᠴᠤᠪᠤᠷᠠᠯ ᠤᠨ ᠵᠢᠷᠤᠭ ᠢ ᠨᠠᠶᠢᠷᠠᠭᠤᠯᠤᠨ ᠵᠣᠬᠢᠶᠠᠵᠤ᠂ ᠡᠭᠦᠨ ᠤ ᠬᠠᠮᠲᠤ ᠫᠣᠷᠲ᠋ᠧᠯ ᠰᠠᠶᠢᠲ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ᠂ ᠵᠠᠰᠠᠭ ᠵᠠᠬᠢᠷᠭᠠᠨ ᠤ ᠡᠷᠬᠡ᠂ ᠵᠠᠰᠠᠭ ᠵᠠᠬᠢᠷᠭᠠᠨ ᠤ ᠰᠢᠢᠳᠬᠡᠯ ᠤᠨ ᠴᠢᠯᠤᠭᠡᠳᠤ ᠲᠠᠰᠤᠯᠤᠯᠲᠠ ᠶᠢᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠡᠭᠦᠰᠤᠯ ᠰᠤᠷᠪᠤᠯᠵᠢ ᠠᠴᠠ ᠨᠢ ᠰᠡᠷᠭᠡᠶᠢᠯᠡᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠳᠦᠷᠢᠮᠵᠢᠭᠦᠯᠪᠡ᠃ ᠠᠰᠳᠠᠭᠠᠨ ᠪᠠᠰᠠ ᠤᠶᠢᠯᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 102 ᠬᠤᠰᠢᠭᠤ ᠰᠢᠶᠠᠨ ᠵᠢᠴᠢ ᠰᠤᠮᠤ ᠰᠢᠶᠠᠩ ᠪᠠᠯᠭᠠᠰᠤ ᠳᠤ ᠢᠳᠡᠭᠡᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠦᠷᠭᠡᠨ ᠪᠠᠶᠢᠴᠠᠭᠠᠬᠤ ᠲᠥᠬᠦᠭᠡᠷᠥᠮᠵᠢ ᠲᠤᠬᠢᠷᠠᠭᠤᠯᠬᠤ ᠪᠠᠷ ᠲᠤᠰᠬᠠᠢ ᠪᠡᠯᠡ ᠮᠥᠩᠭᠦ ᠲᠦᠯᠦᠪᠯᠡᠨ ᠲᠤᠬᠢᠷᠠᠭᠤᠯᠵᠦ᠂ ᠨᠢᠭᠡᠳᠦᠭᠡᠷ ᠪᠦᠯᠦᠭ ᠤᠨ 4 ᠠᠶᠢᠮᠠᠭ ᠬᠤᠲᠠ 38 ᠬᠤᠰᠢᠭᠤ ᠰᠢᠶᠠᠨ ︵ᠬᠤᠲᠠ᠂ ᠲᠣᠭᠤᠷᠢᠭ︶ ᠤ ᠲᠥᠬᠦᠭᠡᠷᠥᠮᠵᠢ ᠶᠢᠨ ᠲᠥᠰᠥᠪ ᠤᠨ ᠪᠡᠯᠡ ᠮᠥᠩᠭᠦ ᠨᠢᠭᠡᠨᠲᠡ ᠤᠷᠤᠨ ᠪᠠᠶᠢᠷᠢᠨ ᠳᠠᠭᠠᠨ ᠬᠦᠷᠴᠠᠢ᠃ ᠮᠠᠨ ᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠴᠤ ᠠᠩᠬ᠎ᠠ ᠠᠯᠬᠤᠮ ᠪᠦᠷᠢᠯᠳᠦᠵᠦ᠂ ᠢᠳᠡᠭᠡᠨ ᠤ ᠵᠦᠢᠯ᠂ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠯᠡᠭᠦᠷ ᠤᠨ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠢ 596 ᠨᠡᠷ᠎ᠡ ᠰᠢᠯᠢᠨ ᠰᠣᠩᠭᠤᠵᠤ᠂ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠦᠲᠦᠭᠡᠨ ᠪᠠᠶᠢᠭᠤᠯᠤᠨ ᠲᠡᠭᠦᠯᠳᠡᠷᠵᠢᠭᠦᠯᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号