ᠵᠡᠮᠳᠡᠭ ᠬᠥᠮᠥᠨ ᠤ ᠦᠨᠡᠮᠯᠡᠯ ᠠᠪᠬᠤ ᠭᠠᠷᠳᠠᠮ ᠢ ᠬᠡᠷᠬᠢᠨ ᠭᠦᠢᠴᠡᠳᠬᠡᠬᠦ ᠪᠤᠢ
ᠨᠡᠶᠢᠲᠡᠯᠡᠭᠰᠡᠨ ᠴᠠᠭ᠄
2018-03-15
     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠤᠯᠬᠤ ᠭᠠᠷᠳᠠᠮ ᠢ ᠭᠦᠢᠴᠡᠳᠬᠡᠬᠦ ᠳᠤ ᠠᠩᠬᠠᠷᠬᠤ ᠵᠦᠢᠯᠡᠰ᠄      ︵ᠨᠢᠭᠡ︶ ᠭᠤᠶᠤᠴᠢᠯᠠᠭᠴᠢ ᠰᠠᠶᠢᠨ ᠳᠤᠷ᠎ᠠ ᠠᠴᠠ ᠪᠠᠨ ᠦᠨᠡᠮᠯᠡᠯ ᠠᠪᠬᠤ᠂ ᠬᠠᠷᠢᠶ᠎ᠠ ᠭᠠᠵᠠᠷ ᠨᠢ ᠬᠠᠮᠢᠶᠠᠷᠬᠤ ᠵᠠᠷᠴᠢᠮ ᠶᠤᠰᠤᠭᠠᠷ᠂ ᠡᠷᠦᠬᠡ ᠠᠮᠠ ᠨᠢ ᠲᠤᠰ ᠰᠢᠶᠠᠨ ᠤ ᠬᠠᠷᠢᠶᠠᠨ ᠲᠤᠳᠤᠷ᠎ᠠ ᠪᠠᠶᠢᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠦᠪᠰᠢᠶᠡᠷᠡᠭᠰᠡᠨ ︽ᠬᠤᠶᠠᠳᠤᠭᠠᠷ ᠤᠳᠠᠭᠠᠨ ᠤ ᠪᠥᠬᠦ ᠤᠯᠤᠰ ᠤᠨ ᠵᠡᠮᠳᠡᠭ ᠬᠥᠮᠥᠰ ᠢ ᠰᠤᠭᠤᠴᠠᠨ ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾ ︵ᠳᠤᠷᠤᠭᠰᠢ ︽ᠵᠡᠮᠳᠡᠭ ᠤᠨ ᠪᠠᠷᠢᠮᠵᠢᠶ᠎ᠠ︾ ᠭᠡᠵᠦ ᠳᠦᠬᠦᠮᠴᠢᠯᠡᠨ᠎ᠠ︶ ᠳᠤ ᠨᠡᠶᠢᠴᠡᠭᠰᠡᠨ ᠬᠠᠷᠠᠭ᠎ᠠ᠂ ᠰᠣᠨᠣᠷ᠂ ᠬᠡᠯᠡ᠂ ᠮᠥᠴᠢ᠂ ᠮᠡᠳᠡᠷᠡᠯ᠂ ᠳᠠᠪᠬᠤᠴᠠᠯ ᠵᠡᠮᠳᠡᠭ ᠵᠡᠷᠭᠡ ᠵᠡᠮᠳᠡᠭ ᠬᠥᠮᠥᠨ ᠴᠦᠮ ᠬᠤᠶᠠᠳᠤᠭᠠᠷ ᠦᠶ᠎ᠡ ᠶᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠢ ᠠᠪᠬᠤ ᠪᠠᠷ ᠭᠤᠶᠤᠴᠢᠯᠠᠵᠦ ᠪᠤᠯᠤᠨ᠎ᠠ᠃ ᠨᠢᠭᠡᠨᠲᠡ ᠡᠷᠡᠬᠦᠯᠵᠢᠨ ᠡᠳᠡᠭᠡᠷᠡᠭᠡᠳ ᠵᠡᠮᠳᠡᠭ ᠤᠨ ᠪᠠᠷᠢᠮᠵᠢᠶ᠎ᠠ ᠳᠤ ᠬᠦᠷᠬᠦ ᠦᠭᠡᠢ ᠪᠤᠯᠤᠭᠰᠠᠨ ᠪᠤᠯ ᠲᠤᠰ ᠦᠨᠡᠮᠯᠡᠯ ᠢ ᠠᠪᠴᠤ ᠪᠣᠯᠬᠤ ᠦᠭᠡᠢ᠃      ︵ᠬᠤᠶᠠᠷ︶ ᠭᠤᠶᠤᠴᠢᠯᠠᠨ ᠭᠦᠢᠴᠡᠳᠬᠡᠬᠦ ᠲᠡᠰ ᠳᠠᠷᠠᠭᠠᠯᠠᠯ      1. ᠵᠡᠮᠳᠡᠭ ᠬᠥᠮᠥᠨ ᠨᠢ ᠭᠤᠶᠤᠴᠢᠯᠠᠵᠦ᠂ ᠲᠤᠰᠬᠤᠨ ︵ᠨᠡᠶᠢᠭᠡᠮ ᠤᠨ ᠲᠣᠭᠤᠷᠢᠭ︶ ᠠᠩᠬ᠎ᠠ ᠪᠠᠶᠢᠴᠠᠭᠠᠬᠤ᠄ ᠵᠡᠮᠳᠡᠭ ᠬᠥᠮᠥᠨ ᠪᠡᠶ᠎ᠡ ᠪᠠᠷ ᠢᠶᠠᠨ ᠪᠤᠶᠤ ᠬᠠᠤᠯᠢ ᠪᠠᠷ ᠲᠣᠭᠲᠠᠭᠠᠭᠰᠠᠨ ᠬᠠᠷᠠᠭᠠᠯᠵᠠᠨ ᠬᠠᠮᠠᠭᠠᠯᠠᠭᠴᠢ ᠨᠢ ᠲᠤᠬᠠᠢ ᠶᠢᠨ ᠭᠠᠵᠠᠷ ᠤᠨ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠤᠨ ᠲᠣᠭᠤᠷᠢᠭ︶ ᠪᠤᠶᠤ ᠵᠡᠮᠳᠡᠭᠴᠦᠳ ᠤᠨ ᠨᠡᠶᠢᠭᠡᠮᠯᠢᠭ ᠲᠤ ᠭᠤᠶᠤᠴᠢᠯᠠᠵᠦ᠂ ᠲᠤᠰᠬᠤᠨ ᠤ ᠠᠷᠠᠳ ᠤᠨ ᠵᠦᠪᠯᠡᠯ ︵ᠨᠡᠶᠢᠭᠡᠮ ᠤᠨ ᠲᠣᠭᠤᠷᠢᠭ︶ ᠪᠤᠶᠤ ᠵᠡᠮᠳᠡᠭᠴᠦᠳ ᠤᠨ ᠨᠡᠶᠢᠭᠡᠮᠯᠢᠭ ᠨᠢ ᠵᠡᠮᠳᠡᠭ ᠤᠨ ᠪᠠᠷᠢᠮᠵᠢᠶ᠎ᠠ ᠶᠤᠰᠤᠭᠠᠷ ᠠᠩᠬᠠᠨ ᠤ ᠪᠠᠶᠢᠴᠠᠭᠠᠯᠲᠠ ᠬᠢᠵᠦ᠂ ᠠᠩᠬᠠᠨ ᠤ ᠪᠠᠶᠢᠴᠠᠭᠠᠯᠲᠠ ᠳᠤ ᠨᠡᠶᠢᠴᠡᠭᠰᠡᠨ ᠪᠤᠯ ᠲᠤᠰ ᠲᠤᠰᠬᠤᠨ ︵ᠨᠡᠶᠢᠭᠡᠮ ᠤᠨ ᠲᠤᠭᠤᠷᠢᠭ︶ ᠤ ᠬᠠᠷᠢᠭᠤᠴᠠᠯᠭᠠᠲᠠᠨ ᠠᠴᠠ ᠭᠠᠷᠳᠠᠨ ᠭᠦᠢᠴᠡᠳᠭᠡᠭᠰᠡᠨ ᠰᠠᠨᠠᠯ᠂ ᠭᠠᠷᠳᠠᠨ ᠭᠦᠢᠴᠡᠳᠭᠡᠭᠴᠢ ᠶᠢᠨ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ᠃      2. ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠤᠭ᠎ᠠ ᠠᠩᠬ᠎ᠠ ᠬᠢᠨᠠᠨ ᠳᠠᠩᠰᠠᠯᠠᠬᠤ᠄ ᠪᠠᠯᠭᠠᠰᠤ ︵ᠵᠡᠭᠡᠯᠢ ᠭᠤᠳᠤᠮᠵᠢ︶ ᠶᠢᠨ ᠭᠠᠷᠳᠠᠨ ᠬᠦᠢᠴᠡᠳᠭᠡᠭᠴᠢ ᠪᠤᠶᠤ ᠬᠠᠷᠢᠭᠤᠴᠠᠯᠭᠠᠲᠠᠨ ᠵᠡᠮᠳᠡᠭ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠩᠬᠠᠨ ᠤ ᠬᠢᠨᠠᠯᠲᠠ ᠬᠢᠵᠦ ᠳᠠᠩᠰᠠᠯᠠᠬᠤ ᠶᠢᠨ ᠬᠠᠮᠲᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ ᠭᠤᠶᠤᠴᠢᠯᠠᠬᠤ ᠬᠦᠰᠤᠨᠦᠭᠳᠤ︾ ᠪᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠤᠨ ᠤ ᠦᠨᠡᠯᠡᠯᠳᠡ ᠶᠢᠨ ᠬᠦᠰᠤᠨᠦᠭᠳᠤ︾ ᠳᠠᠬᠢ ᠠᠭᠤᠯᠭ᠎ᠠ ︵ᠲᠤᠰ ᠬᠤᠶᠠᠷ ᠬᠦᠰᠤᠨᠦᠭᠳᠤ ᠶᠢ ᠰᠢᠶᠠᠨ ᠤ ᠵᠡᠮᠳᠡᠭᠴᠦᠳ ᠤᠨ ᠬᠤᠯᠪᠤᠭ᠎ᠠ ᠠᠴᠠ ᠡᠯ᠎ᠡ ᠪᠠᠯᠭᠠᠰᠤ ᠵᠡᠭᠡᠯᠢ ᠶᠢᠨ ᠵᠡᠮᠳᠡᠭᠴᠦᠳ ᠤᠨ ᠨᠡᠶᠢᠭᠡᠮᠯᠢᠭ ᠲᠤ ᠬᠠᠩᠭᠠᠨ᠎ᠠ᠂ ᠦᠪᠡᠷᠰᠡᠳ ᠢᠶᠠᠨ ᠳᠠᠷᠤᠮᠠᠯᠯᠠᠨ ᠪᠠᠭᠤᠯᠭᠠᠭᠰᠠᠨ ᠴᠤ ᠪᠣᠯᠣᠨ᠎ᠠ︶ ᠶᠢ ᠦᠨᠡᠨ ᠪᠣᠳᠠᠲᠠᠢ ᠪᠠᠷ ᠲᠠᠭᠯᠠᠵᠤ᠂ ᠭᠤᠶᠤᠴᠢᠯᠠᠭᠴᠢ ᠶᠢᠨ ᠬᠤᠶᠠᠷ ᠢᠮᠠᠬᠤ ᠮᠠᠯᠠᠭᠠᠢ ᠦᠭᠡᠢ ᠪᠤᠳᠤᠭ ᠲᠠᠢ ᠤᠷᠴᠢᠮ ᠤᠨ ᠭᠡᠷᠡᠯ ᠵᠢᠷᠤᠭ ᠢ ᠨᠠᠭᠠᠵᠤ ︵ᠲᠠᠭᠯᠠᠭᠰᠠᠨ ᠣᠪᠣᠭ ᠨᠡᠷ᠎ᠡ ᠪᠠ ᠨᠠᠭᠠᠭᠰᠠᠨ ᠭᠡᠷᠡᠯ ᠵᠢᠷᠤᠭ ᠨᠢ ᠡᠷᠬᠡᠪᠰᠢ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠠᠩᠰᠠᠨ ᠳᠡᠭᠡᠷᠡᠬᠢ ᠣᠪᠣᠭ ᠨᠡᠷ᠎ᠡ ᠪᠠ ᠬᠥᠮᠥᠨ ᠲᠠᠢ ᠠᠳᠠᠯᠢ ᠪᠠᠶᠢᠬᠤ ᠬᠡᠷᠡᠭᠲᠡᠢ︶᠂ ᠪᠠᠯᠭᠠᠰᠤ ︵ᠵᠡᠭᠡᠯᠢ ᠭᠤᠳᠤᠮᠵᠢ︶ ᠶᠢᠨ ᠵᠡᠮᠳᠡᠭᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠰᠠᠨᠠᠯ᠂ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠨ ᠠᠯᠪᠠᠨ ᠲᠠᠮᠠᠭ᠎ᠠ ᠳᠠᠷᠤᠬᠤ ᠶᠢᠨ ᠬᠠᠮᠲᠤ᠂ ᠵᠡᠮᠳᠡᠭᠴᠦᠳ ᠢ ᠵᠢᠯᠣᠭᠤᠳᠤᠨ ᠵᠡᠮᠳᠡᠭ ᠤᠨ ᠬᠢᠨᠠᠨ ᠲᠤᠭᠳᠠᠭᠠᠯ ᠳᠤ ᠤᠷᠤᠯᠴᠠᠭᠤᠯᠤᠨ᠎ᠠ᠃      3. ᠵᠡᠮᠳᠡᠭ ᠢ ᠬᠢᠨᠠᠨ ᠲᠤᠭᠳᠠᠭᠠᠬᠤ ᠰᠢᠶᠠᠨ ᠤ ᠲᠤᠭᠳᠠᠭᠰᠠᠨ ᠡᠮᠨᠡᠯᠭᠡ ᠶᠢᠨ ᠬᠤᠷᠢᠶ᠎ᠠ ᠬᠢᠨᠠᠨ ᠲᠤᠭᠳᠠᠭᠠᠬᠤ᠄ ᠵᠡᠮᠳᠡᠭ ᠢ ᠬᠢᠨᠠᠨ ᠲᠤᠭᠳᠠᠭᠠᠬᠤ ᠰᠢᠶᠠᠨ ᠤ ᠲᠤᠭᠳᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠲᠣᠭᠲᠠᠭᠠᠬᠤ ᠡᠮᠴᠢ ᠨᠢ ᠡᠷᠬᠡᠪᠰᠢ ᠵᠡᠮᠳᠡᠭ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠠᠷᠢᠨ ᠬᠢᠨᠠᠮᠠᠭᠠᠢ ᠬᠢᠨᠠᠨ ᠲᠣᠭᠲᠠᠭᠠᠬᠤ ᠶᠢᠨ ᠬᠠᠮᠲᠤ᠂ ︽ᠬᠢᠨᠠᠨ ᠲᠣᠭᠲᠠᠭᠠᠬᠤ ᠰᠠᠨᠠᠯ᠂ ᠵᠡᠮᠳᠡᠭ ᠤᠨ ᠲᠦᠷᠦᠯ᠂ ᠵᠡᠮᠳᠡᠭ ᠤᠨ ᠳᠡᠰ︾ ᠵᠡᠷᠭᠡ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠵᠢᠴᠢ ᠦᠪᠡᠷ ᠤᠨ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠤᠵᠦ᠂ ᠲᠣᠰ ᠡᠮᠨᠡᠯᠭᠡ ᠶᠢᠨ ᠬᠤᠷᠢᠶ᠎ᠠ ᠶᠢᠨ ᠠᠯᠪᠠᠨ ᠲᠠᠮᠠᠭ᠎ᠠ ᠶᠢ ᠨᠡᠮᠡᠵᠦ ᠳᠠᠷᠤᠨ᠎ᠠ᠃      4. ᠰᠢᠶᠠᠨ ᠤ ᠵᠡᠮᠳᠡᠭᠴᠦᠳ ᠤᠨ ᠬᠤᠯᠪᠤᠭ᠎ᠠ ᠳᠠᠩᠰᠠᠯᠠᠨ ᠬᠢᠨᠠᠨ ᠪᠠᠶᠢᠴᠠᠭᠠᠵᠤ᠂ ᠰᠦᠯᠵᠢᠶᠡᠨ ᠳᠡᠭᠡᠷ᠎ᠡ ᠬᠤᠲᠠ ᠶᠢᠨ ᠵᠡᠮᠳᠡᠭᠴᠦᠳ ᠤᠨ ᠬᠤᠯᠪᠤᠭ᠎ᠠ ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ᠄ ᠰᠢᠶᠠᠨ ᠤ ᠵᠡᠮᠳᠡᠭᠴᠦᠳ ᠤᠨ ᠬᠤᠯᠪᠤᠭ᠎ᠠ ᠨᠢ ᠭᠤᠶᠤᠴᠢᠯᠠᠯ ᠤᠨ ᠬᠦᠰᠤᠨᠦᠭᠳᠤ ᠪᠠ ᠦᠨᠡᠯᠡᠯᠳᠡ ᠶᠢᠨ ᠬᠦᠰᠤᠨᠦᠭᠳᠤ ᠶᠢ ᠬᠦᠯᠢᠶᠡᠨ ᠠᠪᠤᠭᠰᠠᠨ ᠤ ᠳᠠᠷᠠᠭ᠎ᠠ ᠰᠦᠯᠵᠢᠶᠡᠨ ᠳᠡᠭᠡᠷ᠎ᠡ ᠦᠨᠡᠮᠯᠡᠯ ᠭᠦᠢᠴᠡᠳᠬᠡᠬᠦ ᠶᠢ ᠳᠠᠩᠰᠠᠯᠠᠬᠤ ᠶᠢᠨ ᠬᠠᠮᠲᠤ ᠪᠠᠯᠭᠠᠰᠤ ︵ᠵᠡᠭᠡᠯᠢ ᠭᠤᠳᠤᠮᠵᠢ ︶ ᠶᠢᠨ ᠵᠡᠮᠳᠡᠭᠴᠦᠳ ᠤᠨ ᠬᠤᠯᠪᠤᠭ᠎ᠠ ᠶᠢᠨ ᠠᠵᠢᠯᠳᠠᠳ ᠲᠠᠢ ᠬᠠᠮᠲᠤ ᠪᠠᠷ ᠵᠡᠮᠳᠡᠭᠴᠦᠳ ᠤᠨ ᠬᠦᠮᠦᠨ ᠠᠮᠠ ᠶᠢᠨ ᠰᠠᠭᠤᠷᠢ ᠲᠤᠭ᠎ᠠ ᠪᠠᠷᠢᠮᠲᠠ ᠳᠤ ᠣᠷᠣᠭᠤᠯᠵᠤ᠂ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠬᠠᠷᠢᠭᠤᠴᠠᠯᠭᠠᠲᠠᠨ ᠴᠢᠩᠭ᠎ᠠ ᠬᠠᠷᠢᠭᠤᠴᠠᠵᠦ ᠦᠪᠡᠷ ᠤᠨ ᠣᠪᠣᠭ ᠨᠡᠷ᠎ᠡ ᠪᠠ ᠴᠠᠭ ᠬᠤᠭᠤᠴᠠᠭ᠎ᠠ ᠳᠤ ᠭᠠᠷ ᠤᠨ ᠦᠰᠦᠭ ᠵᠢᠷᠣᠵᠤ᠂ ᠠᠯᠪᠠᠨ ᠲᠠᠮᠠᠭ᠎ᠠ ᠳᠠᠷᠤᠨ᠎ᠠ︔ ᠬᠤᠳᠠ ᠶᠢᠨ ᠵᠡᠮᠳᠡᠭᠴᠦᠳ ᠤᠨ ᠬᠤᠯᠪᠤᠭ᠎ᠠ ᠶᠢᠨ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦᠯᠬᠦ ᠪᠠᠷ ᠮᠡᠳᠡᠬᠦᠯᠵᠦ᠂ ᠬᠢᠨᠠᠨ ᠵᠦᠪᠰᠢᠶᠡᠷᠡᠭᠦᠯᠦᠭᠰᠡᠨ ᠤ ᠳᠠᠷᠠᠭ᠎ᠠ ︽ᠵᠡᠮᠳᠡᠭ ᠬᠥᠮᠥᠨ ᠤ ᠦᠨᠡᠮᠯᠡᠯ︾ ᠢ ᠳᠠᠷᠤᠮᠠᠯᠯᠠᠨ᠎ᠠ᠃      5. ᠬᠤᠳᠠ ᠶᠢᠨ ᠵᠡᠮᠳᠡᠭᠴᠦᠳ ᠤᠨ ᠬᠤᠯᠪᠤᠭ᠎ᠠ ᠬᠢᠨᠠᠨ ᠵᠦᠪᠰᠢᠶᠡᠷᠡᠵᠦ᠂ ᠪᠣᠯᠣᠳ ᠲᠠᠮᠠᠭ᠎ᠠ ᠨᠡᠮᠡᠵᠦ ᠳᠠᠷᠤᠨ᠎ᠠ᠃      6. ᠦᠨᠡᠮᠯᠡᠯ ᠣᠯᠭᠤᠨ᠎ᠠ᠃      ᠳᠤᠳᠤᠷᠬᠠᠶᠢᠯᠠᠯ᠄ ᠨᠢᠭᠡ᠂ ᠬᠤᠶᠠᠳᠤᠭᠠᠷ ᠵᠦᠢᠯ ᠢ ᠬᠠᠮᠳᠤ ᠳᠤᠨᠢ ᠭᠦᠢᠴᠡᠳᠬᠡᠵᠦ ᠪᠤᠯᠤᠨ᠎ᠠ᠃      ︵ᠭᠤᠷᠪᠠ︶ ᠵᠡᠮᠳᠡᠭ ᠢ ᠬᠢᠨᠠᠨ ᠲᠣᠭᠲᠠᠭᠠᠬᠤ ᠲᠣᠭᠲᠠᠭᠰᠠᠨ ᠡᠮᠨᠡᠯᠭᠡ ᠶᠢᠨ ᠬᠤᠷᠢᠶ᠎ᠠ ᠪᠠ ᠵᠡᠮᠳᠡᠭ ᠢ ᠬᠢᠨᠠᠨ ᠲᠣᠭᠲᠠᠭᠠᠬᠤ ᠰᠦᠢᠳᠬᠡᠯ ᠵᠢᠴᠢ ᠬᠢᠨᠠᠨ ᠲᠣᠭᠲᠠᠭᠠᠬᠤ ᠴᠠᠭ ᠬᠤᠭᠤᠴᠠᠭ᠎ᠠ      ᠷᠦᠩ ᠴᠠᠩ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠷᠦᠩ ᠴᠠᠩ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠨᠢ ᠬᠠᠷᠠᠭ᠎ᠠ᠂ ᠰᠣᠨᠣᠷ᠂ ᠬᠡᠯᠡ᠂ ᠮᠥᠴᠢ᠂ ᠮᠡᠳᠡᠷᠡᠯ ᠤᠨ ᠵᠡᠮᠳᠡᠭ ᠢ ᠬᠢᠨᠠᠨ ᠲᠤᠭᠳᠠᠭᠠᠬᠤ ᠪᠠ ᠳᠠᠪᠬᠤᠴᠠᠭᠰᠠᠨ ᠵᠡᠮᠳᠡᠭ ᠢ ᠬᠢᠨᠠᠨ ᠲᠣᠭᠲᠠᠭᠠᠬᠤ ᠶᠢ ᠬᠠᠷᠢᠭᠤᠴᠠᠵᠤ᠂ ᠶᠦᠩ ᠷᠦᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠤᠶᠤᠨ ᠮᠡᠳᠡᠷᠡᠯ ᠤᠨ ᠵᠡᠮᠳᠡᠭ ᠢ ᠬᠢᠨᠠᠨ ᠲᠣᠭᠲᠠᠭᠠᠨ᠎ᠠ᠃ ᠵᠡᠮᠳᠡᠭ ᠢ ᠬᠢᠨᠠᠨ ᠲᠣᠭᠲᠠᠭᠠᠬᠤ ᠰᠦᠢᠳᠭᠡᠯ ᠢ ᠳᠡᠭᠡᠷ᠎ᠡ ᠳᠤᠷᠠᠳᠤᠭᠰᠠᠨ ᠬᠢᠨᠠᠨ ᠲᠣᠭᠲᠠᠭᠠᠬᠤ ᠭᠤᠷᠪᠠᠨ ᠲᠣᠭᠲᠠᠭᠰᠠᠨ ᠡᠮᠨᠡᠯᠭᠡ ᠶᠢᠨ ᠬᠤᠷᠢᠶ᠎ᠠ ᠨᠢ ᠴᠦᠩᠴᠢᠩ ᠬᠤᠲᠠ ᠶᠢᠨ ᠪᠠᠷᠠᠭᠠᠨ ᠤ ᠦᠨ᠎ᠡ ᠶᠢᠨ ᠲᠣᠪᠴᠢᠶ᠎ᠠ᠂ ᠴᠦᠩᠴᠢᠩ ᠬᠤᠲᠠ ᠶᠢᠨ ᠡᠷᠡᠭᠦᠯ ᠬᠠᠮᠠᠭᠠᠯᠠᠯ ᠤᠨ ᠲᠣᠪᠴᠢᠶ᠎ᠠ ᠶᠢᠨ ᠲᠤᠭᠲᠠᠭᠠᠭᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠦᠨᠳᠤᠰᠤᠯᠡᠨ ᠬᠠᠷᠠᠭᠠᠯᠵᠠᠯ ᠲᠠᠢ ᠬᠤᠷᠢᠶᠠᠵᠤ᠂ ᠲᠤᠰ ᠵᠠᠷᠤᠳᠠᠯ ᠢ ᠭᠤᠶᠤᠴᠢᠯᠠᠭᠴᠢ ᠦᠪᠡᠷᠳᠡᠭᠡᠨ ᠬᠠᠷᠢᠭᠤᠴᠠᠨ᠎ᠠ᠃ 2009 ᠣᠨ ᠤ 7 ᠳ᠋ᠤᠭᠠᠷ ᠰᠠᠷ᠎ᠠ — 12 ᠳ᠋ᠤᠭᠠᠷ ᠰᠠᠷ᠎ᠠ ᠶᠢᠨ 5 ᠤ ᠡᠳᠦᠷ᠂ 15 ᠤ ᠡᠳᠦᠷ᠂ 25 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠳᠣᠬᠢᠶᠠᠯᠳᠤᠪᠠᠯ ᠤᠬᠤᠷᠢᠭᠤᠯᠤᠨ ᠤᠷᠳᠤᠳᠬᠠᠨ᠎ᠠ︶ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠦᠪᠡᠷᠳᠡᠭᠡᠨ ᠬᠢᠨᠠᠨ ᠲᠣᠭᠲᠠᠭᠠᠯᠭᠠᠨ᠎ᠠ︔ 2010 ᠣᠨ ᠠᠴᠠ ᠬᠤᠶᠢᠰᠢ᠂ ᠰᠠᠷ᠎ᠠ ᠪᠣᠯᠭᠠᠨ ᠤ 15 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠳᠣᠬᠢᠶᠠᠯᠳᠤᠪᠠᠯ ᠤᠬᠤᠷᠢᠭᠤᠯᠤᠨ ᠤᠷᠳᠤᠳᠬᠠᠨ᠎ᠠ︶ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠦᠪᠡᠷᠳᠡᠭᠡᠨ ᠬᠢᠨᠠᠨ ᠲᠣᠭᠲᠠᠭᠠᠯᠭᠠᠨ᠎ᠠ᠃      ︵ᠳᠥᠷᠪᠡ︶ ᠦᠨᠡᠮᠯᠡᠯ ᠤᠨ ᠭᠠᠷᠳᠠᠮ ᠭᠦᠢᠴᠡᠳᠬᠡᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠪᠠ ᠠᠩᠬᠠᠷᠬᠤ ᠵᠦᠢᠯᠡᠰ      ︵1︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠠᠩᠰᠠ ᠶᠢᠨ ᠡᠬᠡ ᠲᠡᠪᠳᠡᠷ ᠵᠢᠴᠢ ᠨᠢᠭᠡ ᠬᠤᠪᠢ ᠬᠠᠭᠤᠯᠪᠤᠷᠢ ︵ᠡᠬᠡ ᠳᠡᠪᠳᠡᠷ ᠢᠶᠠᠨ ᠦᠵᠡᠭᠦᠯᠵᠦ᠂ ᠬᠠᠭᠤᠯᠪᠤᠷᠢ ᠳᠡᠪᠳᠡᠷ ᠢᠶᠠᠨ ᠲᠤᠰᠢᠶᠠᠨ᠎ᠠ︶᠃ ᠬᠡᠷᠪᠡ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠠᠩᠰᠠ ᠶᠢᠨ ᠠᠭᠤᠯᠭ᠎ᠠ ᠨᠢ ᠪᠤᠳᠠᠲᠠᠢ ᠲᠠᠢ ᠨᠡᠶᠢᠴᠡᠬᠦ ᠦᠭᠡᠢ ᠠᠴᠠ ᠪᠤᠯᠵᠦ ᠬᠡᠷᠡᠴᠢ ᠠᠪᠬᠤ ᠴᠢᠬᠤᠯᠠᠲᠠᠢ ᠪᠣᠯ ᠭᠤᠶᠤᠴᠢᠯᠠᠭᠴᠢ ᠶᠢᠨ ᠡᠷᠦᠭᠡ ᠠᠮᠠ ᠪᠠᠶᠢᠭ᠎ᠠ ᠭᠠᠵᠠᠷ ᠤᠨ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠢᠵᠦ ᠦᠭᠭᠦᠭᠰᠡᠨ ᠡᠷᠦᠭᠡ ᠠᠮᠠ ᠶᠢᠨ ᠭᠡᠷᠡᠴᠢ ᠶᠢ ᠲᠤᠰᠢᠶᠠᠨ᠎ᠠ︔      ︵2︶ ᠭᠤᠶᠤᠴᠢᠯᠠᠭᠴᠢ ᠶᠢᠨ ᠬᠤᠶᠠᠷ ᠢᠮᠠᠬᠤ ᠶᠢᠨ ᠮᠠᠯᠠᠭᠠᠢ ᠦᠭᠡᠢ ᠪᠤᠳᠤᠭ ᠲᠠᠢ ᠤᠷᠴᠢᠮ ᠤᠨ ᠭᠡᠷᠡᠯ ᠵᠢᠷᠤᠭ 3 ᠬᠤᠪᠢ ︵ᠵᠠᠷᠤᠳᠠᠯ ᠢ ᠥᠪᠡᠷᠲᠡᠭᠡᠨ ᠬᠠᠷᠢᠭᠤᠴᠠᠬᠤ ᠶᠢᠨ ᠬᠠᠮᠲᠤ ᠭᠡᠷᠡᠯ ᠵᠢᠷᠤᠭ ᠤᠨ ᠠᠷᠤ ᠲᠠᠯ᠎ᠠ ᠳᠤ ᠭᠤᠶᠤᠴᠢᠯᠠᠭᠴᠢ ᠶᠢᠨ ᠣᠪᠣᠭ ᠨᠡᠷ᠎ᠡ ᠢᠶᠠᠨ ᠪᠢᠴᠢᠵᠦ᠂ ᠭᠤᠶᠤᠴᠢᠯᠠᠯ ᠤᠨ ᠬᠦᠰᠤᠨᠦᠭᠳᠤ᠂ ᠬᠢᠨᠠᠨ ᠲᠤᠭᠳᠠᠭᠠᠯ ᠤᠨ ᠬᠦᠰᠤᠨᠦᠭᠳᠤ᠂ ᠵᠡᠮᠳᠡᠭ ᠬᠥᠮᠥᠨ ᠤ ᠦᠨᠡᠮᠯᠡᠯ ᠳᠡᠭᠡᠷ᠎ᠡ ᠨᠠᠭᠠᠬᠤ ᠳᠤ ᠬᠡᠷᠡᠭᠯᠡᠨ᠎ᠡ︶︔      ︵3︶ ᠭᠤᠶᠤᠴᠢᠯᠠᠨ ᠭᠦᠢᠴᠡᠳᠬᠡᠬᠦ ᠲᠡᠰ ᠳᠠᠷᠠᠭᠠᠯᠠᠯ ᠤᠨ 1. 2. 3 ᠳ᠋ᠤᠭᠠᠷ ᠵᠦᠢᠯ ᠢ ᠭᠦᠢᠴᠡᠳᠭᠡᠭᠰᠡᠨ ᠤ ᠳᠠᠷᠠᠭᠠᠬᠢ᠂ ᠪᠦᠷᠢᠨ ᠭᠦᠢᠴᠡᠳ ᠲᠠᠭᠯᠠᠭᠰᠠᠨ ᠪᠠ ᠭᠡᠷᠡᠯ ᠵᠢᠷᠤᠭ ᠨᠠᠭᠠᠭᠰᠠᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠭᠥᠮᠥᠨ ᠤ ᠦᠨᠡᠮᠯᠡᠯ ᠭᠤᠶᠤᠴᠢᠯᠠᠬᠤ ᠬᠦᠰᠤᠨᠦᠭᠳᠤ︾᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠤᠨ ᠦᠨᠡᠯᠡᠯᠳᠡ ᠶᠢᠨ ᠬᠦᠰᠤᠨᠦᠭᠳᠤ︾ ᠨᠢᠭᠡ ᠬᠡᠪ ᠤᠨ ᠲᠤᠰᠪᠤᠷᠢ ᠨᠢᠭᠡ ᠬᠤᠪᠢ᠃ ᠳᠡᠭᠡᠷᠡᠬᠢ ᠭᠤᠷᠪᠠᠨ ᠵᠦᠢᠯ ᠤᠨ ᠮᠠᠲ᠋ᠧᠷᠢᠶᠠᠯ ᠤᠨ ᠠᠯᠢ ᠨᠢᠭᠡ ᠨᠢ ᠴᠦ ᠲᠤᠲᠠᠵᠤ ᠪᠣᠯᠬᠤ ᠦᠭᠡᠢ᠃ ᠮᠠᠲ᠋ᠧᠷᠢᠶᠠᠯ ᠨᠢ ᠪᠦᠷᠢᠨ ᠪᠤᠰᠤ ᠪᠣᠯ᠂ ᠨᠥᠬᠦᠵᠦ ᠪᠦᠷᠢᠳᠤᠭᠦᠯᠦᠭᠰᠡᠨ ᠤ ᠰᠡᠭᠦᠯᠡᠷ ᠰᠠᠶ᠋ᠢ ᠰᠦᠯᠵᠢᠶᠡᠨ ᠳᠡᠭᠡᠷ᠎ᠡ ᠭᠦᠢᠴᠡᠳᠭᠡᠵᠦ ᠪᠤᠯᠤᠨ᠎ᠠ᠃ 2010 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠳᠠᠶᠠᠭᠠᠷ ᠴᠦᠮ ᠬᠤᠶᠠᠳᠤᠭᠠᠷ ᠦᠶ᠎ᠡ ᠶᠢᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠢ ᠬᠡᠷᠡᠭᠯᠡᠵᠦ᠂ ᠨᠢᠭᠡᠳᠦᠭᠡᠷ ᠦᠶ᠎ᠡ ᠶᠢᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠢ ᠡᠭᠦᠨ ᠤ ᠬᠠᠮᠲᠤ ᠬᠦᠴᠦᠨ ᠦᠭᠡᠢ ᠪᠣᠯᠭᠠᠨ᠎ᠠ᠃ ᠬᠤᠶᠠᠳᠤᠭᠠᠷ ᠦᠶ᠎ᠡ ᠶᠢᠨ ᠦᠨᠡᠮᠯᠡᠯ ᠢ ᠰᠢᠨ᠎ᠡ ᠪᠠᠷ ᠰᠤᠯᠢᠵᠤ ᠣᠯᠭᠤᠬᠤ ᠦᠶᠡᠰ᠂ ᠤᠤᠯ ᠤᠨ ᠨᠢᠭᠡᠳᠦᠭᠡᠷ ᠦᠶ᠎ᠡ ᠶᠢᠨ ᠦᠨᠡᠮᠯᠡᠯ ᠢ ᠰᠢᠶᠠᠨ ᠤ ᠵᠡᠮᠳᠡᠭᠴᠦᠳ ᠤᠨ ᠬᠤᠯᠪᠤᠭ᠎ᠠ ᠬᠤᠷᠢᠶᠠᠨ ᠠᠪᠬᠤ ᠶᠢᠨ ᠬᠠᠮᠲᠤ ᠬᠦᠴᠦᠨ ᠦᠭᠡᠢ ᠪᠣᠯᠭᠠᠬᠤ ᠲᠠᠮᠠᠭ᠎ᠠ ᠳᠠᠷᠤᠨ᠎ᠠ᠃ ᠨᠢᠭᠡᠳᠦᠭᠡᠷ ᠦᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠰᠢᠨ᠎ᠡ ᠦᠨᠡᠮᠯᠡᠯ ᠤᠯᠭᠤᠬᠤ ᠠᠷᠭ᠎ᠠ ᠪᠠᠷ ᠰᠢᠢᠳᠪᠦᠷᠢᠯᠡᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号