︽ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾
ᠨᠡᠶᠢᠲᠡᠯᠡᠭᠰᠡᠨ ᠴᠠᠭ᠄
2018-03-15
     ︽ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠣᠯ ᠤᠯᠤᠰ ᠢᠶᠠᠷ ᠵᠦᠪᠰᠢᠶᠡᠷᠡᠭᠦᠯᠦᠭᠡᠳ ᠳᠤᠮᠳᠠᠲᠤ ᠤᠯᠤᠰ ᠤᠨ ᠵᠠᠮᠳᠡᠭᠴᠦᠳ ᠤᠨ ᠬᠤᠯᠪᠣᠭ᠎ᠠ ᠠᠴᠠ ᠨᠢᠭᠡᠳᠦᠯᠲᠡᠢ ᠵᠣᠬᠢᠶᠠᠨ ᠣᠯᠭᠤᠭᠰᠠᠨ ᠵᠡᠮᠳᠡᠭ ᠬᠦᠮᠦᠨ ᠤ ᠳᠤᠰᠬᠠᠢ ᠬᠡᠷᠡᠭᠯᠡᠬᠦ ᠦᠨᠡᠮᠯᠡᠯ ᠪᠣᠯᠣᠨ᠎ᠠ᠂ ᠲᠡᠭᠦᠨ ᠤ ᠦᠢᠯᠡᠳᠦᠯ ᠨᠢ ᠭᠤᠣᠯᠳᠠᠭᠤ᠄      ︵1︶ ᠵᠡᠮᠳᠡᠭ ᠵᠢᠴᠢ ᠵᠡᠮᠳᠡᠭ ᠤᠨ ᠲᠦᠷᠦᠯ ᠢᠯᠭᠠᠯ᠂ ᠳᠡᠰ ᠢ ᠭᠡᠷᠡᠴᠢᠯᠡᠬᠦ ᠭᠡᠷᠡᠴᠢ ᠪᠠᠷᠢᠮᠲᠠ︔      ︵2︶ ᠤᠯᠤᠰ ᠪᠠ ᠣᠷᠣᠨ ᠨᠣᠳᠤᠭ ᠤᠨ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠢᠭᠡᠳ ᠳᠡᠳᠭᠦᠨ ᠲᠤᠰᠠᠯᠠᠬᠤ ᠲᠣᠭᠲᠠᠭᠠᠯ ᠢ ᠬᠦᠷᠲᠡᠵᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠦᠨᠳᠥᠰᠥᠯᠡᠯ︔ ︵3︶ ᠠᠵᠢᠯ ᠤᠨ ᠲᠦᠯᠦᠪᠯᠡᠭᠡ ᠲᠣᠭᠲᠠᠭᠠᠵᠤ᠂ ᠵᠡᠮᠳᠡᠭᠴᠦᠳ ᠤᠨ ᠦᠢᠯᠡᠰ ᠢ ᠬᠦᠭᠵᠢᠭᠦᠯᠬᠦ ᠶᠢᠨ ᠰᠠᠭᠤᠷᠢ ᠪᠣᠯᠬᠤ ᠵᠡᠷᠭᠡ ᠲᠠᠯ᠎ᠠ ᠪᠠᠷ ᠢᠯᠡᠷᠡᠨ᠎ᠡ᠃ ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠄ ︽ᠳᠤᠮᠳᠠᠳᠤ ᠤᠯᠤᠰ ᠤᠨ ᠵᠡᠮᠳᠡᠭ ᠬᠦᠮᠦᠨ ᠤ ᠬᠡᠷᠡᠭᠯᠡᠭᠡᠨ ᠢ ᠬᠢᠨᠠᠨ ᠲᠣᠭᠲᠠᠭᠠᠬᠤ ᠪᠠᠷᠢᠮᠵᠢᠶ᠎ᠠ︾ ᠳᠤ ᠨᠡᠶᠢᠴᠡᠭᠰᠡᠨ ᠬᠠᠷᠠᠭ᠎ᠠ᠂ ᠰᠣᠨᠣᠷ᠂ ᠦᠭᠡ ᠬᠡᠯᠡ᠂ ᠤᠶᠤᠨ᠂ ᠮᠥᠴᠢ᠂ ᠤᠶᠤᠨ ᠮᠡᠳᠡᠷᠡᠯ ᠵᠡᠷᠭᠡ ᠨᠢ ᠵᠡᠮᠳᠡᠭ ᠬᠦᠮᠥᠨ ᠳᠤ ᠴᠦᠮ ᠵᠡᠮᠳᠡᠭ ᠬᠦᠮᠦᠨ ᠤ ᠦᠨᠡᠮᠯᠡᠯ ᠣᠯᠭᠤᠬᠤ ᠬᠡᠷᠡᠭᠲᠡᠢ᠃ ᠪᠡᠶ᠎ᠡ ᠨᠢ ᠵᠡᠮᠳᠡᠭ ᠪᠣᠯᠪᠠᠴᠦ ᠲᠣᠭᠲᠠᠭᠠᠭᠰᠠᠨ ᠪᠠᠷᠢᠮᠵᠢᠶ᠎ᠠ ᠳᠤ ᠬᠠᠷᠬᠠᠨ ᠬᠦᠷᠥᠭᠡᠳᠥᠢ ᠪᠠᠶᠢᠭᠰᠠᠳ ᠲᠤ ᠵᠡᠮᠳᠡᠭ ᠬᠦᠮᠦᠨ ᠤ ᠦᠨᠡᠮᠯᠡᠯ ᠣᠯᠭᠤᠵᠤ ᠪᠣᠯᠬᠤ ᠦᠭᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号