ᠪᠤᠬᠢᠷᠳᠤᠯ ᠶᠡᠬᠡᠲᠠᠢ ᠲᠦᠯᠡᠰᠢ ᠶᠢ ᠬᠤᠪᠢᠶᠠᠷᠢᠯᠠᠬᠤ ᠲᠤᠬᠠᠢ ᠲᠤᠭᠲᠠᠭᠠᠯ
ᠨᠡᠶᠢᠲᠡᠯᠡᠭᠰᠡᠨ ᠴᠠᠭ᠄
2018-03-15
     ᠨᠢᠭᠡ᠂ ︽ᠪᠦᠬᠦᠳᠡ ᠨᠡᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠷᠢᠨ ᠲᠠᠪᠤᠳᠤᠭᠠᠷ ᠵᠦᠢᠯ ᠤᠨ ᠲᠤᠭᠲᠠᠭᠠᠯ ᠢ ᠦᠨᠳᠦᠰᠦᠯᠡᠨ᠂ ᠲᠤᠰ ᠲᠤᠭᠲᠠᠭᠠᠯ ᠢ ᠲᠤᠭᠲᠠᠭᠠᠪᠠ᠃      ᠬᠤᠶᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠪᠢᠶᠠᠷᠢᠯᠠᠨ ᠲᠤᠭᠲᠠᠭᠠᠭᠰᠠᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠪᠤᠬᠢᠷᠳᠤᠯ ᠶᠡᠬᠡᠲᠠᠢ ᠲᠦᠯᠡᠰᠢ ᠪᠤᠷᠤᠯᠠᠭᠤᠯᠬᠤ᠂ ᠬᠡᠷᠡᠭᠯᠡᠬᠦ ᠶᠢ ᠴᠠᠭᠠᠵᠠᠯᠠᠬᠤ ᠤᠷᠤᠨ ᠢ ᠬᠤᠪᠢᠶᠠᠷᠢᠯᠠᠨ ᠲᠤᠭᠲᠠᠭᠠᠬᠤ ᠳᠤ ︵ᠳᠤᠷᠤᠭᠰᠢ ︽ᠲᠦᠯᠡᠰᠢ ᠴᠠᠭᠠᠵᠠᠯᠠᠬᠤ ᠤᠷᠤᠨ︾ ᠬᠡᠵᠤ ᠲᠤᠪᠴᠢᠯᠠᠨ ᠨᠡᠷᠡᠯᠡᠨ᠎ᠡ︶᠂ ᠲᠤᠰ ᠲᠤᠭᠲᠠᠭᠠᠯ ᠲᠤᠬᠢᠷᠠᠨ᠎ᠠ᠃ ᠲᠤᠰ ᠲᠤᠭᠲᠠᠭᠠᠯ ᠲᠡᠷᠭᠡᠨ ᠳᠤ ᠬᠡᠷᠡᠭᠯᠡᠬᠦ ᠲᠦᠯᠡᠰᠢ ᠳᠤ ᠲᠤᠬᠢᠷᠠᠬᠤ ᠦᠭᠡᠢ᠃      ᠭᠤᠷᠪᠠ᠂ ᠳᠤᠤᠷ᠎ᠠ ᠵᠢᠭᠰᠠᠭᠠᠭᠰᠠᠨ ᠲᠦᠯᠡᠰᠢ ᠪᠤᠯᠤᠨ ᠪᠤᠳᠠᠰ ᠪᠤᠯ ᠪᠤᠬᠢᠷᠳᠤᠯ ᠶᠡᠬᠡᠲᠠᠢ ᠲᠦᠯᠡᠰᠢ ᠪᠤᠯᠤᠨ᠎ᠠ᠄      ︵ᠨᠢᠭᠡ︶ ᠲᠦᠭᠦᠬᠡᠢ ︵ᠰᠤᠯᠠ︶ ᠨᠡᠭᠦᠷᠡᠰᠦ᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦ᠂ ᠬᠦᠯᠦᠷ᠎ᠠ᠂ ᠲᠦᠯᠡᠰᠢᠨ ᠲᠤᠰᠤ ︵ᠬᠦᠨᠳᠦ ᠲᠤᠰᠤ ᠪᠤᠯᠤᠨ ᠰᠢᠭᠠᠷᠤᠭ ᠲᠤᠰᠤ︶᠂ ᠡᠯ᠎ᠡ ᠵᠦᠢᠯ ᠤᠨ ᠰᠢᠲᠠᠮᠠᠬᠠᠢ ᠬᠠᠶᠠᠭᠳᠠᠮᠠᠯ ᠪᠤᠳᠠᠰ ᠪᠤᠯᠤᠨ ᠰᠢᠭᠤᠳ ᠰᠢᠲᠠᠭᠠᠬᠤ ᠠᠮᠢᠳᠤ ᠪᠤᠳᠠᠰ ᠤᠨ ᠲᠦᠯᠡᠰᠢ ︵ᠤᠢ ᠮᠤᠳᠤ᠂ ᠡᠰᠢ ᠰᠦᠷᠡᠯ᠂ ᠦᠷᠡᠳᠡᠰᠦ᠂ ᠲᠤᠲᠤᠷᠭ᠎ᠠ ᠶᠢᠨ ᠬᠡᠪᠡᠭ᠂ ᠨᠢᠰᠢᠩᠭᠦ ᠶᠢᠨ ᠰᠢᠭᠠᠷᠤ ᠵᠡᠷᠭᠡ︶᠃      ︵ᠬᠤᠶᠠᠷ︶ ᠲᠦᠯᠡᠰᠢ ᠶᠢᠨ ᠳᠠᠬᠢ ᠪᠤᠬᠢᠷ ᠪᠤᠳᠠᠰ ᠤᠨ ᠠᠭᠤᠯᠤᠭᠳᠠᠴᠠ ᠨᠢ ᠳᠤᠤᠷᠠᠬᠢ ᠬᠦᠰᠦᠨᠦᠭᠲᠦ ᠳᠤ ᠬᠢᠵᠠᠭᠠᠷᠯᠠᠭᠰᠠᠨ ᠬᠡᠮᠵᠢᠭᠳᠡᠯ ᠠᠴᠠ ᠳᠠᠪᠠᠭᠰᠠᠨ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ᠂ ᠬᠦᠡᠭᠭᠡᠨ ᠲᠦᠯᠡᠰᠢ ᠶᠢᠨ ᠲᠤᠰᠤ᠂ ᠨᠡᠭᠦᠷᠡᠰᠦᠨ ᠲᠤᠰᠤ ᠪᠤᠯᠤᠨ ᠵᠤᠬᠢᠶᠠᠮᠠᠯ ᠨᠡᠭᠦᠷᠡᠰᠦᠨ ᠬᠡᠢ᠃ ᠲᠦᠯᠡᠰᠢ ᠶᠢᠨ ᠲᠦᠷᠦᠯ ᠵᠦᠢᠯ ᠤᠨ ᠪᠠᠷᠢᠮᠵᠢᠶᠠᠲᠤ ᠢᠯᠴᠢ ᠶᠢᠨ ᠬᠡᠮᠵᠢᠭᠳᠡᠯ ᠳᠤ ᠬᠦᠬᠦᠷ ᠤᠨ ᠠᠭᠤᠯᠤᠭᠳᠠᠴᠠ ᠦᠨᠡᠰᠦᠨ ᠠᠭᠤᠯᠤᠭᠳᠠᠴᠠ ᠲᠠᠢ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ 5000cal/kg0.3% — — ᠬᠦᠡᠭᠭᠡᠨ ᠲᠦᠯᠡᠰᠢ ᠶᠢᠨ ᠲᠤᠰᠤ᠂ ᠨᠡᠭᠦᠷᠡᠰᠦᠨ ᠲᠤᠰᠤ 1000cal/kg0. 5%0.01% ᠵᠤᠬᠢᠶᠠᠮᠠᠯ ᠨᠡᠭᠦᠷᠡᠰᠦᠨ ᠬᠡᠢ 4000cal/kg30mg/m320mg/m3      ᠲᠤᠲᠤᠷᠬᠠᠶᠢᠯᠠᠬᠤ ᠨᠢ᠄      1. ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ ᠶᠢ ᠰᠠᠭᠤᠭᠠᠯᠢ ᠠᠷᠠᠳ ᠤᠨ ᠳᠤᠯᠠᠭᠠᠯᠠᠯᠭ᠎ᠠ ᠶᠢᠨ ᠵᠢᠵᠢᠭ ᠨᠡᠭᠦᠷᠡᠰᠦᠨ ᠵᠤᠤᠬ᠎ᠠ ᠳᠤ ᠯᠠ ᠬᠡᠷᠡᠭᠯᠡᠬᠦᠯᠬᠦ ᠪᠠᠷ ᠬᠢᠵᠠᠭᠠᠷᠯᠠᠨ᠎ᠠ᠃ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ ᠶᠢᠨ ᠬᠦᠬᠦᠷ ᠤᠨ ᠠᠭᠤᠯᠤᠭᠳᠠᠴᠠ ᠶᠢᠨ ᠬᠢᠵᠠᠭᠠᠷᠯᠠᠭᠰᠠᠨ ᠬᠡᠮᠵᠢᠭᠳᠡᠯ ᠨᠢ 0.3% ᠬᠡᠳᠡᠭ ᠨᠢ ᠬᠦᠬᠦᠷ ᠤᠨ ᠠᠭᠤᠯᠤᠭᠳᠠᠴᠠ ᠶᠢ ᠭᠠᠳᠠᠭᠰᠢᠯᠠᠭᠤᠯᠬᠤ ᠶᠢ ᠵᠢᠭᠠᠵᠤ ᠪᠤᠢ᠃ ᠨᠦᠬᠦᠴᠡᠯ ᠲᠠᠢ ᠬᠤᠲᠠ ᠨᠤᠭᠤᠳ ᠪᠤᠯ ︽ᠲᠦᠯᠡᠰᠢ ᠴᠠᠭᠠᠵᠠᠯᠠᠬᠤ ᠤᠷᠤᠨ︾ ᠳᠤ ᠬᠠᠲᠠᠭᠤ ᠬᠦᠬᠦᠷᠲᠦ ᠰᠡᠭᠯᠡᠭᠦᠷ ᠬᠡᠪ ᠨᠡᠭᠦᠷᠡᠰᠦ ᠰᠢᠲᠠᠭᠠᠬᠤ ᠶᠢ ᠴᠠᠭᠠᠵᠠᠯᠠᠬᠤ ᠪᠠᠷ ᠲᠤᠭᠲᠠᠭᠠᠵᠤ ᠪᠤᠯᠤᠨ᠎ᠠ᠃      2. ᠲᠦᠯᠡᠰᠢ ᠶᠢᠨ ᠪᠤᠳᠠᠲᠠᠢ ᠢᠯᠴᠢ ᠶᠢᠨ ᠬᠡᠮᠵᠢᠭᠳᠡᠯ ᠨᠢ ᠪᠠᠷᠢᠮᠵᠢᠶᠠᠲᠤ ᠢᠯᠴᠢ ᠶᠢᠨ ᠬᠡᠮᠵᠢᠭᠳᠡᠯ ᠯᠦᠭᠡ ᠪᠠᠨ ᠲᠡᠩᠴᠡᠭᠦᠦ ᠪᠤᠰᠤ ᠦᠶ᠎ᠡ ᠳᠤ᠂ ᠬᠦᠰᠦᠨᠦᠭᠲᠦ ᠳᠠᠬᠢ ᠬᠦᠬᠦᠷ ᠤᠨ ᠠᠭᠤᠯᠤᠭᠳᠠᠴᠠ ᠪᠤᠯᠤᠨ ᠦᠨᠡᠰᠦᠨ ᠤ ᠠᠭᠤᠯᠤᠭᠳᠠᠴᠠ ᠶᠢᠨ ᠬᠢᠵᠠᠭᠠᠷᠯᠠᠭᠰᠠᠨ ᠬᠡᠮᠵᠢᠭᠳᠡᠯ ᠢ ᠢᠯᠴᠢ ᠶᠢᠨ ᠬᠡᠮᠵᠢᠭᠳᠡᠯ ᠢᠶᠠᠷ ᠦᠷᠡᠵᠢᠭᠦᠯᠵᠤ ᠲᠤᠬᠢᠷᠠᠭᠤᠯᠤᠭᠰᠠᠨ ᠢᠯᠡᠳᠭᠡᠮᠵᠢ ᠶᠢ ᠲᠤᠬᠢᠷᠠᠭᠤᠯᠬᠤ ᠬᠡᠷᠡᠭᠲᠠᠢ᠃      3. ᠲᠦᠯᠡᠰᠢ ᠳᠠᠬᠢ ᠪᠤᠰᠤᠳ ᠪᠤᠬᠢᠷ ᠪᠤᠳᠠᠰ ᠤᠨ ᠠᠭᠤᠯᠤᠭᠳᠠᠴᠠ ᠨᠢ ᠪᠠᠰᠠ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠤᠭᠲᠠᠭᠠᠯ᠂ ᠪᠠᠷᠢᠮᠵᠢᠶ᠎ᠠ ᠶᠢᠨ ᠲᠤᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠃ ᠳᠦᠷᠪᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠪᠢᠶᠠᠷᠢᠯᠠᠨ ᠲᠤᠭᠲᠠᠭᠠᠭᠰᠠᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠪᠤᠬᠢᠷᠳᠤᠯ ᠶᠡᠬᠡᠲᠠᠢ ᠲᠦᠯᠡᠰᠢ ᠪᠤᠷᠤᠯᠠᠭᠤᠯᠬᠤ᠂ ᠬᠡᠷᠡᠭᠯᠡᠬᠦ᠂ ᠳᠠᠮᠵᠢᠭᠤᠯᠤᠨ ᠲᠡᠭᠡᠭᠡᠪᠦᠷᠢᠯᠡᠬᠦ᠂ ᠬᠠᠳᠠᠭᠠᠯᠠᠬᠤ ᠶᠢᠨ ᠵᠠᠬᠢᠷᠤᠨ ᠬᠠᠮᠢᠶᠠᠷᠬᠤ ᠠᠷᠭ᠎ᠠ ᠪᠤᠯᠤᠨ ᠴᠡᠪᠡᠷ ᠡᠨᠧᠷᠬᠢ ᠬᠡᠷᠡᠭᠯᠡᠬᠦ ᠶᠢ ᠵᠤᠷᠢᠭᠵᠢᠭᠤᠯᠬᠤ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠶᠢᠨ ᠬᠠᠮᠲᠤ ᠲᠤᠰ ᠲᠤᠭᠲᠠᠭᠠᠯ ᠤᠨ ᠭᠤᠷᠪᠠᠳᠤᠭᠠᠷ ᠵᠦᠢᠯ ᠳᠤ ᠲᠤᠭᠲᠠᠭᠠᠭᠰᠠᠨ ᠪᠤᠬᠢᠷᠳᠤᠯ ᠶᠡᠭᠡᠲᠠᠢ ᠲᠦᠯᠡᠰᠢ ᠶᠢ ᠬᠢᠵᠠᠭᠠᠷᠯᠠᠬᠤ ᠠᠴᠠ ᠴᠢᠩᠭ᠎ᠠ ᠱᠠᠭᠠᠷᠳᠠᠯᠭ᠎ᠠ ᠲᠤᠭᠲᠠᠭᠠᠨ᠂ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠷᠦᠩᠭᠡᠢ ᠲᠤᠪᠴᠢᠶ᠎ᠠ ᠳᠤ ᠮᠡᠳᠡᠭᠦᠯᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号