︽ᠶᠠᠰᠤ ᠴᠢᠨᠠᠷ ᠤᠨ ᠦᠪᠦᠷ ᠮᠤᠩᠭᠤᠯ︾ ᠢ ᠴᠢᠷᠮᠠᠶᠢᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2018-03-16
     ᠨᠢᠬᠡ ᠦᠶ᠎ᠠ ᠮᠠᠨ ᠤ ᠤᠯᠤᠰ ᠤᠨ ᠭᠡᠷᠡᠭᠯᠡᠭᠴᠢᠳ ᠶᠠᠫᠤᠨ ᠺᠤᠷᠢᠶᠠ ᠶᠢᠨ ᠪᠦᠳᠦᠬᠡᠭᠳᠡᠬᠦᠨ ᠢ ᠪᠤᠯᠢᠶᠠᠯᠳᠤᠨ ᠠᠪᠴᠤ᠂ ᠢᠳᠡᠵᠦ ᠤᠤᠭᠤᠬᠤ ᠠᠴᠠ ᠠᠪᠤᠭᠠᠳ ᠭᠡᠷᠡᠭᠯᠡᠵᠦ ᠵᠠᠷᠤᠬᠤ ᠬᠡᠮᠡᠨ ᠠᠯᠢ ᠴᠢᠳᠠᠬᠤ ᠪᠠᠷ ᠭᠠᠳᠠᠭᠠᠳᠤ ᠶᠢᠨ ᠪᠠᠷᠠᠭ᠎ᠠ ᠰᠤᠩᠭᠤᠬᠤ ᠪᠤᠯᠵᠠᠢ᠃ ᠡᠨᠡ ᠨᠢ ︽ᠬᠠᠷᠢ ᠶᠢᠨ ᠪᠠᠷᠠᠭ᠎ᠠ ᠴᠢᠨᠠᠷ ᠰᠠᠶᠢᠳᠠᠢ︾ ᠠᠴᠠ ᠪᠤᠯᠤᠭᠰᠠᠨ ᠪᠤᠯ ᠰᠡᠬᠦᠯᠳᠡᠵᠦ ᠢᠷᠡᠭᠡᠳ ᠤᠯᠤᠰ ᠤᠨ ᠳᠤᠳᠤᠷᠠᠬᠢ ᠵᠠᠷᠢᠮ ᠪᠠᠷᠠᠭ᠎ᠠ ᠨᠢ ᠦᠨᠡᠨ ᠳᠡᠭᠡᠷ᠎ᠠ ᠪᠠᠨ ᠭᠠᠳᠠᠭᠠᠳᠤ ᠶᠢᠨ ᠬᠢ ᠠᠴᠠ ᠴᠢᠨᠠᠷᠯᠢᠭ ᠪᠠᠶᠢᠭᠰᠠᠨ ᠴᠤ ᠬᠦᠮᠦᠰ ᠢᠳᠡᠭᠡᠬᠦ ᠪᠠᠨ ᠪᠤᠯᠢᠵᠠᠢ᠃ ᠶᠠᠰᠤ ᠴᠢᠨᠠᠷ ᠤᠨ ᠠᠰᠠᠭᠤᠳᠠᠯ ᠨᠢ ᠨᠢᠬᠡ ᠭᠠᠵᠠᠷ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠤ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠮᠦᠷᠳᠡᠭᠡᠨ ᠮᠦᠨᠴᠤ ᠦᠷᠬᠦᠯᠵᠢᠯᠡᠬᠦ ᠬᠦᠭᠵᠢᠯᠳᠡ᠂ ᠠᠷᠠᠳ ᠤᠯᠠᠨ ᠤ ᠠᠰᠢᠬ ᠲᠤᠰᠠ ᠲᠠᠢ ᠬᠤᠯᠪᠤᠬᠳᠠᠬᠤ ᠴᠢᠬᠤᠯᠠ ᠠᠰᠠᠭᠤᠳᠠᠯ ᠶᠤᠮ᠃ ᠤᠢᠢᠷ᠎ᠠ ᠶᠢᠨ ᠵᠢᠯ ᠳᠤ᠂ ᠮᠠᠨ ᠤ ᠤᠷᠤᠨ ᠶᠠᠰᠤ ᠴᠢᠨᠠᠷ ᠤᠨ ᠠᠵᠢᠯ ᠢ ᠤᠷᠢᠳ ᠭᠠᠷᠤᠭ᠎ᠠ ᠦᠬᠡᠢ ᠴᠢᠬᠤᠯᠠᠴᠢᠯᠠᠨ ᠠᠳᠬᠤᠵᠦ᠂ ᠶᠠᠰᠤ ᠴᠢᠨᠠᠷ ᠢᠶᠠᠷ ᠤᠷᠤᠨ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠦᠬᠡᠳ᠂ ︽ᠶᠠᠰᠤ ᠴᠢᠨᠠᠷ ᠤᠨ ᠦᠪᠦᠷ ᠮᠤᠩᠭᠤᠯ︾ ᠢ ᠪᠠᠶᠢᠭᠤᠯᠬᠤ ᠲᠠᠯ᠎ᠠ ᠪᠠᠷ ᠰᠢᠨ᠎ᠠ ᠠᠬᠢᠴᠠ ᠲᠠᠢ ᠪᠤᠯᠵᠦ᠂ ᠮᠡᠳᠡᠭᠳᠡᠮ᠎ᠠ ᠦᠷ᠎ᠠ ᠪᠦᠲᠦᠮᠵᠢ ᠤᠯᠵᠦ ᠡᠬᠢᠯᠡᠭᠰᠡᠨ ᠨᠢ ᠪᠢᠳᠡᠨ ᠳᠤ ᠢᠳᠡᠭᠡᠯ ᠵᠤᠷᠢᠭ ᠦᠭᠴᠤ ᠪᠠᠶᠢᠨ᠎ᠠ᠃      ᠮᠠᠨ ᠤ ᠤᠷᠤᠨ ᠪᠤᠯ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠴᠢᠬᠤᠯᠠ ᠪᠦᠬᠦᠢ ᠭᠠᠷᠤᠯᠳᠠ ᠶᠢᠨ ᠤᠷᠤᠨ ᠳᠤᠯᠠ ᠳᠤᠳᠤᠷ ᠭᠠᠵᠠᠷ ᠢᠶᠠᠷ ᠦᠪᠦᠷ ᠮᠤᠩᠭᠤᠯ ᠤᠨ ᠢᠳᠡᠭᠡᠨ ᠤᠮᠳᠠᠭᠠᠨ᠂ ᠠᠮᠤ ᠳᠤᠰᠤ ᠮᠢᠬ᠎ᠠ ᠰᠦ᠂ ᠮᠠᠯ ᠤᠨ ᠨᠤᠤᠰᠤ ᠨᠤᠯᠤᠤᠷ ᠤᠨ ᠪᠦᠳᠦᠬᠡᠭᠳᠡᠬᠦᠨ ᠨᠢ ᠦᠪᠡᠷ ᠤᠨ ᠢᠶᠠᠨ ᠴᠡᠪᠡᠷ ᠪᠠᠶᠢᠭᠠᠯᠢᠯᠢᠭ ᠭᠡᠰᠡᠨ ᠨᠡᠷ᠎ᠠ ᠠᠯᠳᠠᠷᠰᠢᠯ ᠲᠠᠢ ᠶᠤᠮ᠃      ᠴᠢᠨᠠᠷ ᠴᠢᠨᠰᠠᠭ᠎ᠠ ᠪᠤᠯ ᠪᠦᠳᠦᠬᠡᠭᠳᠡᠬᠦᠨ ᠤ ᠠᠮᠢ ᠨᠠᠰᠤ ᠪᠠᠶᠢᠵᠦ᠂ ᠦᠷᠬᠦᠯᠵᠢᠯᠡᠨ ᠤᠷᠳᠤ ᠬᠤᠭᠤᠴᠠᠭ᠎ᠠ ᠬᠦᠭᠵᠢᠨ ᠳᠤᠭᠳᠠᠨᠢᠬᠤ ᠴᠢᠬᠤᠯᠠ ᠪᠠᠷᠢᠮᠵᠢᠶ᠎ᠠ ᠶᠤᠮ᠃ ᠨᠢᠬᠡ ᠨᠡᠷᠡᠳᠦ ᠳᠦᠷᠦᠯ ᠳᠡᠮᠳᠡᠭ ᠢ ᠡᠬᠦᠳᠬᠦ ᠳᠤ ᠭᠡᠳᠦᠨ ᠠᠷᠪᠠᠨ ᠵᠢᠯ ᠭᠡᠷᠡᠭᠰᠡᠬᠦ ᠪᠤᠯᠪᠠᠴᠤ ᠲᠡᠬᠦᠨ ᠢ ᠦᠬᠡᠶᠢᠬᠢᠬᠦ ᠳᠤ ᠬᠠᠷᠢᠨ ᠭᠡᠳᠦᠬᠡᠨ ᠡᠳᠦᠷ ᠭᠡᠷᠡᠭᠰᠡᠨ᠎ᠠ᠃ ᠪᠦᠳᠦᠬᠡᠭᠳᠡᠬᠦᠨ ᠤ ᠴᠢᠨᠠᠷ ᠴᠢᠨᠰᠠᠭ᠎ᠠ ᠶᠢ ᠦᠷᠬᠦᠯᠵᠢᠳᠡ ᠪᠠᠳᠤᠯᠠᠬᠤ ᠳᠤ ᠠᠵᠦ ᠠᠬᠤᠢᠢᠯᠠᠯ ᠤᠨ ᠳᠠᠨᠢᠯᠳᠠ ᠶᠢ ᠪᠤᠢ ᠪᠤᠯᠭᠠᠬᠤ ᠪᠠᠷ ᠪᠠᠷᠠᠬᠤ ᠦᠬᠡᠢ ᠵᠠᠰᠠᠭ ᠤᠨ ᠲᠠᠯ᠎ᠠ ᠶᠢᠨ ᠳᠡᠮᠵᠢᠯᠬᠡ ᠶᠢ ᠴᠤ ᠴᠢᠬᠤᠯᠠᠴᠢᠯᠠᠬᠤ ᠭᠡᠷᠡᠭᠳᠡᠢ ᠶᠤᠮ᠃ ᠵᠠᠰᠠᠭ ᠤᠨ ᠤᠷᠳᠤᠨ ᠤ ᠴᠢᠷᠮᠠᠶᠢᠯᠭ᠎ᠠ ᠪᠠᠷ ᠦᠢᠯᠡᠳᠬᠦᠨ ᠤ ᠶᠠᠰᠤ ᠴᠢᠨᠠᠷ᠂ ᠢᠨᠵᠧᠨᠧᠷᠢᠩ ᠤᠨ ᠶᠠᠰᠤ ᠴᠢᠨᠠᠷ᠂ ᠦᠢᠯᠡᠴᠢᠯᠡᠭᠡ ᠶᠢᠨ ᠶᠠᠰᠤ ᠴᠢᠨᠠᠷ ᠪᠠ ᠤᠷᠴᠢᠨ ᠲᠤᠭᠤᠷᠢᠨ ᠤ ᠶᠠᠰᠤ ᠴᠢᠨᠠᠷ ᠤᠨ ᠲᠤᠬᠠᠢ ᠬᠠᠷᠠᠯᠳᠠ ᠶᠢ ᠲᠤᠳᠤᠷᠬᠠᠢ ᠲᠤᠷᠠᠳᠴᠤ᠂ ᠬᠡᠮᠵᠢᠯᠳᠡ᠂ ᠪᠠᠷᠢᠮᠵᠢᠶᠠᠵᠢᠭᠤᠯᠤᠯᠳᠠ᠂ ᠰᠢᠯᠭᠠᠨ ᠬᠡᠮᠵᠢᠬᠦ᠂ ᠭᠡᠷᠡᠴᠢᠯᠡᠨ ᠨᠤᠳᠠᠯᠠᠬᠤ ᠵᠡᠷᠬᠡ ᠶᠠᠰᠤ ᠴᠢᠨᠠᠷ ᠤᠨ ᠲᠤᠬᠠᠢ ᠬᠠᠷᠠᠯᠳᠠ ᠶᠢ ᠲᠤᠭᠳᠠᠭᠠᠬᠰᠠᠨ ᠰᠠᠭᠤᠷᠢᠨ ᠲᠡᠭᠡᠷ᠎ᠠ᠂ ᠮᠡᠷᠬᠡᠵᠢᠯ ᠤᠨ ᠰᠢᠨ᠎ᠠ ᠶᠢ ᠡᠬᠦᠳᠬᠦ ᠪᠠ ᠲᠦᠷᠦᠯ ᠲᠡᠮᠳᠡᠭ ᠢ ᠪᠦᠲᠦᠬᠡᠨ ᠪᠠᠶᠢᠭᠤᠯᠬᠤ ᠬᠠᠷᠠᠯᠳᠠ ᠶᠢ ᠲᠤᠭᠳᠠᠭᠠᠬᠤ ᠨᠢ ᠮᠠᠰᠢ ᠴᠢᠬᠤᠯᠠ ᠪᠠᠶᠢᠵᠦ᠂ ᠪᠦᠳᠦᠬᠡᠭᠳᠡᠬᠦᠨ ᠤ ᠶᠡᠷᠦᠩᠬᠡᠢ ᠲᠦᠪᠰᠢᠨ ᠢ ᠢᠯᠡᠷᠬᠡᠢ ᠲᠡᠭᠡᠭᠰᠢᠯᠡᠬᠦᠯᠦᠨ᠂ ᠲᠦᠷᠦᠯ ᠲᠡᠮᠳᠡᠭ ᠤᠨ ᠦᠷᠢᠰᠦᠯᠳᠦᠬᠦ ᠬᠦᠴᠦᠨ ᠪᠠ ᠮᠡᠷᠬᠡᠵᠢᠯ ᠤᠨ ᠰᠢᠨ᠎ᠠ ᠶᠢ ᠡᠬᠦᠳᠬᠦ ᠴᠢᠳᠠᠪᠤᠷᠢ ᠶᠢ ᠢᠯᠡᠷᠬᠡᠢ ᠴᠢᠩᠭᠠᠳᠬᠠᠵᠦ᠂ ᠶᠠᠰᠤ ᠴᠢᠨᠠᠷ ᠤᠨ ᠰᠠᠭᠤᠷᠢ ᠶᠢ ᠨᠡᠯᠢᠶᠡᠳ ᠦᠨᠳᠦᠷ ᠲᠦᠪᠰᠢᠨ ᠳᠤ ᠬᠦᠷᠬᠡᠨ᠂ ᠶᠠᠰᠤ ᠴᠢᠨᠠᠷ ᠢ ᠬᠠᠮᠳᠤᠪᠡᠷ ᠵᠠᠰᠠᠬᠤ ᠠᠵᠢᠯ ᠤᠨ ᠪᠠᠶᠢᠷᠢᠰᠢᠯ ᠢ ᠪᠦᠷᠢᠯᠳᠦᠬᠦᠯᠬᠦ ᠨᠢ ᠡᠴᠤᠰ ᠤᠨ ᠬᠠᠷᠠᠯᠳᠠ ᠶᠤᠮ᠃      ᠮᠠᠨ ᠤ ᠤᠷᠤᠨ ᠨᠢ ᠤᠨᠴᠠᠯᠢᠬᠳᠦ ᠳᠠᠪᠠᠭᠤᠯᠢᠭ ᠠᠵᠦ ᠦᠢᠯᠡᠰ ᠲᠡᠭᠡᠨ ᠰᠠᠭᠤᠷᠢᠯᠠᠨ ᠤᠯᠤᠰ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠠᠶᠢᠴᠢᠯᠠᠯ ᠲᠣᠣᠷ᠎ᠠ ᠶᠠᠰᠤ ᠴᠢᠨᠠᠷ ᠤᠨ ᠳᠠᠶᠢᠯᠠᠯᠳᠤᠭᠠᠨ ᠢ ᠰᠠᠶᠢᠳᠤᠷ ᠬᠢᠵᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠨᠡᠷᠡᠳᠦ ᠳᠦᠷᠦᠯ ᠳᠡᠮᠳᠡᠭ ᠡᠬᠦᠳᠬᠦ ᠶᠢ ᠠᠬᠢᠭᠤᠯᠵᠦ᠂ ᠴᠢᠨᠠᠷ ᠰᠠᠶᠢᠳᠠᠢ ᠦᠪᠦᠷ ᠮᠤᠩᠭᠤᠯ ᠪᠠᠷᠠᠭ᠎ᠠ ᠲᠠᠸᠠᠷ ᠢᠶᠠᠷ ᠵᠠᠬ᠎ᠠ ᠳᠡᠯᠭᠡᠬᠦᠷ ᠢ ᠡᠵᠡᠯᠡᠬᠦ ᠨᠢ ᠬᠤᠵᠢᠮ ᠤᠨ ᠬᠦᠭᠵᠢᠯᠳᠡ ᠶᠢᠨ ᠵᠠᠶᠢᠯᠠᠰᠢ ᠦᠬᠡᠢ ᠰᠤᠩᠭᠤᠯᠳᠠ ᠶᠤᠮ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号