ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠪᠤᠯ ᠮᠠᠯ ᠠᠵᠦ ᠠᠬᠤᠢ ᠶᠢᠨ ᠬᠦᠭᠵᠢᠯᠳᠡ ᠶᠢᠨ ᠬᠦᠳᠦᠴᠢ ᠮᠥᠨ
ᠨᠡᠶᠢᠲᠡᠯᠡᠭᠰᠡᠨ ᠴᠠᠭ᠄
2018-03-16
      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠮᠳᠠᠳᠦ ᠤᠯᠤᠰ ᠤᠨ ᠬᠦᠭᠵᠢᠯᠳᠡ ᠶᠢᠨ ᠲᠡᠤᠭᠡ ᠶᠢᠨ ᠰᠢᠨ᠎ᠠ ᠤᠷᠤᠨ ᠪᠠᠶᠢᠷᠢ ᠶᠢ ᠲᠤᠬᠳᠠᠭᠠᠵᠦ᠂ ᠬᠤᠶᠢᠰᠢᠳᠡ ᠶᠢᠨ 30 ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠵᠢᠷᠤᠬ ᠲᠦᠰᠦᠪ ᠢ ᠲᠦᠯᠦᠪᠵᠢᠭᠦᠯᠵᠦ᠂ ᠤᠳᠤᠬᠢᠴᠢᠯᠠᠬᠰᠠᠠ ᠠᠵᠦ ᠠᠬᠤᠢ ᠶᠢᠨ ᠰᠢᠰᠲ᠋ᠧᠮ ᠪᠠᠶᠢᠭᠤᠯᠬᠤ ᠲᠤᠬᠠᠢ ᠠᠯᠢ ᠤᠯᠠᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠲᠤᠷᠠᠳᠤᠨ ᠭᠠᠷᠭᠠᠵᠠᠢ᠃ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠲᠡᠭᠡᠷ᠎ᠠ᠂ ᠨᠠᠢᠮᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠳᠤ᠂ ᠮᠠᠨ ᠤ ᠤᠯᠤᠰ ᠤᠨ ᠠᠵᠦ ᠠᠬᠤᠢ ᠶᠢᠨ ᠦᠨᠳᠦᠷ ᠲᠦᠪᠰᠢᠨ ᠪᠦᠬᠦᠢ ᠬᠦᠭᠵᠢᠯᠳᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠠ ᠠᠬᠢᠯᠳᠠ ᠲᠠᠢ ᠪᠤᠯᠬᠤ ᠶᠢ ᠠᠬᠢᠭᠤᠯᠬᠤ ᠭᠡᠷᠡᠭᠳᠠᠢ ᠭᠡᠵᠦ ᠴᠢᠬᠤᠯᠠᠴᠢᠯᠠᠪᠠ᠃ ᠰᠠᠶ᠋ᠢᠬᠠᠨ ᠦᠨᠳᠦᠷᠯᠡᠭᠰᠡᠨ ᠦᠪᠡᠷᠳᠡᠭᠡᠨ ᠵᠠᠰᠠᠬᠤ ᠤᠷᠤᠨ ᠤ ᠬᠤᠶᠠᠷ ᠬᠤᠷᠠᠯ ᠳᠡᠭᠡᠷ᠎ᠠ ᠪᠦ᠋ ᠰᠢᠶᠤᠤ ᠯᠢᠨ ᠳᠡᠷᠢᠭᠦᠯᠡᠭᠴᠢ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠬᠢᠵᠦ᠂ 2018 ᠤᠨ ᠤ ᠭᠤᠤᠯ ᠪᠤᠯᠬᠤ ᠠᠵᠢᠯ ᠢᠶᠠᠨ ᠪᠠᠶᠢᠷᠢᠯᠠᠭᠤᠯᠬᠤ ᠳᠠᠭᠠᠨ ︽ᠬᠦᠳᠡᠭᠡ ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠢ ᠤᠷᠢᠳᠠᠪᠡᠷ ᠬᠦᠭᠵᠢᠭᠦᠯᠵᠤ᠂ ᠮᠠᠯ ᠠᠵᠤ ᠠᠬᠤᠢ ᠳᠠᠷᠢᠶᠠᠯᠠᠩ ᠮᠠᠯᠵᠢᠬᠤ ᠳᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ︾ ᠭᠡᠵᠤ ᠳᠤᠳᠤᠷᠬᠠᠢ ᠳᠤᠷᠠᠳᠤᠨ ᠭᠠᠷᠭᠠᠭᠰᠠᠨ ᠪᠠᠶᠢᠨ᠎ᠠ᠃      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠴᠠᠬ ᠦᠶ᠎ᠠ ᠶᠢᠨ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠲᠤᠬᠳᠠᠭᠠᠵᠦ᠂ ᠤᠳᠤᠬᠢᠴᠢᠯᠠᠬᠰᠠᠠ ᠠᠵᠦ ᠠᠬᠤᠢ ᠶᠢᠨ ᠰᠢᠰᠲ᠋ᠧᠮ ᠪᠠᠶᠢᠭᠤᠯᠬᠤ ᠲᠤᠬᠠᠢ ᠠᠯᠢ ᠤᠯᠠᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠲᠤᠷᠠᠳᠤᠬᠰᠠᠠ ᠪᠠᠶᠢᠨ᠎ᠠ᠂ ᠡᠳᠡᠭᠡᠷ ᠨᠢ ᠮᠠᠨ ᠤ ᠤᠷᠤᠨ ᠤ ᠮᠠᠯ ᠠᠵᠦ ᠠᠬᠤᠢ ᠶᠢᠨ ᠰᠢᠨ᠎ᠠ ᠬᠦᠭᠵᠢᠯᠳᠡ ᠳᠤ ᠬᠦᠳᠦᠴᠢ ᠪᠤᠯᠬᠤ ᠨᠢ ᠯᠠᠪᠳᠠᠢ ᠶᠤᠮ᠃ ᠡᠳᠡᠭᠡᠷ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠳᠤ ᠳᠤᠤᠷᠠᠬᠢ ᠠᠭᠤᠯᠭ᠎ᠠ ᠪᠠᠭᠳᠠᠵᠦ ᠪᠠᠶᠢᠳᠠᠭ᠄ ᠨᠢᠭᠡ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠰᠢᠨ᠎ᠠ ᠶᠢ ᠡᠬᠦᠳᠬᠦ ᠪᠠᠷ ᠬᠦᠭᠵᠢᠯᠳᠡ ᠶᠢ ᠬᠦᠳᠦᠯᠬᠦ ᠨᠢᠭᠡᠳᠦᠭᠡᠷ ᠬᠦᠳᠡᠯᠭᠡᠬᠦ ᠬᠦᠴᠦᠨ ᠪᠤᠯᠭᠠᠵᠠᠢ᠃ ᠬᠤᠶᠠᠷ ᠲᠤ᠂ ᠤᠯᠤᠰ ᠠᠴᠠ ᠢᠮᠠᠬᠳᠠ ︽ᠬᠦᠳᠡᠭᠡ ᠠᠵᠦ ᠠᠬᠤᠢ᠂ ᠬᠦᠳᠡᠭᠡ ᠳᠤᠰᠬᠤᠨ᠂ ᠲᠠᠷᠢᠶᠠᠴᠢᠨ︾ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠠᠪᠤᠳᠠᠯ ᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠭᠠᠵᠦ ᠪᠤᠢ᠃ ᠭᠤᠷᠪᠠ ᠳᠤ᠂ ᠬᠢᠯᠢ ᠬᠢᠵᠠᠭᠠᠷ ᠤᠷᠤᠨ ᠤ ᠦᠨᠳᠦᠰᠦᠳᠡᠨ ᠤ ᠭᠠᠵᠠᠷ ᠤᠷᠤᠨ ᠳᠠᠬᠢ ᠲᠡᠮᠵᠢᠯᠭᠡ ᠶᠢᠨ ᠭᠡᠯᠪᠡᠷᠢ ᠶᠢ ᠨᠢ ᠬᠤᠪᠢᠷᠠᠭᠤᠯᠤᠨ ᠬᠦᠭᠵᠢᠬᠦᠯᠵᠦ ᠪᠤᠢ᠃ ᠲᠦᠷᠪᠡ ᠳᠤ᠂ ᠨᠡᠶᠢᠭᠡᠮ ᠵᠢᠷᠦᠮ ᠤᠨ ᠵᠠᠬ᠎ᠠ ᠲᠡᠯᠭᠡᠬᠦᠷ ᠤᠨ ᠠᠵᠦ ᠠᠬᠤᠢ ᠶᠢᠨ ᠪᠠᠶᠢᠭᠤᠯᠤᠮᠵᠢ ᠶᠢ ᠲᠡᠬᠦᠯᠳᠡᠷᠵᠢᠭᠦᠯᠬᠦ ᠶᠢ ᠲᠦᠷᠭᠡᠳᠭᠡᠵᠦ᠂ ᠮᠠᠨ ᠤ ᠤᠷᠤᠨ ᠤ ᠴᠢᠬᠤᠯᠠ ᠡᠯᠧᠮᠧᠨ᠋ᠲ ᠤᠨ ᠡᠬᠢ ᠪᠠᠶᠠᠯᠢᠬ ᠤᠨ ᠲᠤᠬᠢᠷᠠᠭᠤᠯᠤᠯᠳᠠ ᠶᠢᠨ ᠦᠷ᠎ᠠ ᠠᠰᠢᠬ ᠢ ᠲᠡᠭᠡᠭᠰᠢᠯᠡᠭᠦᠯᠵᠦ᠂ ᠠᠵᠦ ᠠᠬᠤᠢ ᠶᠢᠨ ᠬᠦᠭᠵᠢᠯᠳᠡ ᠶᠢᠨ ᠦᠷ᠎ᠠ ᠠᠰᠢᠬ ᠤᠨ ᠬᠤᠪᠢᠰᠤᠯᠳᠠ ᠶᠢ ᠲᠦᠷᠭᠡᠨ ᠠᠬᠢᠭᠤᠯᠬᠤ ᠳᠤ ᠲᠤᠯᠭᠠᠭᠤᠷᠢᠯᠠᠯ ᠬᠠᠩᠭᠠᠵᠠᠢ᠃ ᠲᠠᠪᠤ ᠳᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠵᠦ᠂ ᠪᠦᠬᠦ ᠲᠠᠯ᠎ᠠ ᠪᠠᠷ ᠴᠢᠯᠦᠭᠡᠳᠠᠢ ᠪᠠᠶᠢᠯᠭᠠᠬᠤ ᠶᠢ ᠴᠢᠩᠭᠠᠳᠬᠠᠵᠦ᠂ ᠮᠠᠨ ᠤ ᠤᠷᠤᠨ ᠤ ᠲᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠶᠢᠷᠡᠭᠦᠯᠵᠦ᠂ ᠨᠡᠭᠡᠭᠡᠯᠳᠡᠳᠦ ᠮᠠᠶ᠋ᠢᠬ ᠤᠨ ᠠᠵᠦ ᠠᠬᠤᠢ ᠶᠢᠨ ᠬᠦᠭᠵᠢᠯᠳᠡ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠭᠠᠳᠠᠭᠠᠳᠦ ᠠᠴᠠ ᠤᠷᠤᠭᠤᠯᠬᠤ ᠪᠠ ᠭᠠᠳᠠᠭᠠᠳᠦ ᠳᠤ ᠭᠠᠷᠭᠠᠬᠤ ᠶᠢ ᠠᠬᠢᠭᠤᠯᠬᠤ ᠵᠠᠪᠤᠳᠠᠯ ᠢ ᠠᠵᠦ ᠠᠬᠤᠢ ᠶᠢᠨ ᠨᠡᠮᠡᠭᠳᠡᠯ ᠤᠨ ᠴᠢᠬᠤᠯᠠ ᠶᠡᠭᠡ ᠲᠤᠯᠭᠠᠭᠤᠷᠢᠯᠠᠯ ᠪᠤᠯᠭᠠᠬᠤ ᠳᠤ ᠬᠦᠳᠡᠯᠭᠡᠬᠦ ᠬᠦᠴᠦᠨ ᠤ ᠲᠤᠯᠭᠠᠭᠤᠷᠢᠯᠠᠯ ᠬᠠᠩᠭᠠᠵᠠᠢ᠃      2018 ᠤᠨ ᠪᠤᠯ ᠮᠠᠨ ᠤ ᠤᠷᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡᠳᠦᠭᠡᠷ ᠵᠢᠯ ᠮᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠪᠤᠯᠤᠨ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠦ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠠᠵᠦ ᠠᠬᠤᠢ ᠶᠢᠨ ᠦᠵᠡᠯ ᠰᠠᠨᠠᠭ᠎ᠠ ᠪᠠᠷ ᠭᠤᠤᠯ ᠪᠤᠯᠭᠠᠵᠤ᠂ ᠶᠠᠰᠦ ᠴᠢᠨᠠᠷ ᠨᠢᠭᠡᠳᠦᠭᠡᠷ᠂ ᠦᠷ᠎ᠠ ᠠᠰᠢᠬ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠦ᠂ ᠠᠵᠦ ᠠᠬᠤᠢ ᠶᠢᠨ ᠨᠡᠩ ᠦᠨᠳᠦᠷ ᠲᠦᠪᠰᠢᠨ ᠪᠦᠬᠦᠢ᠂ ᠨᠡᠩ ᠦᠨᠳᠦᠷ ᠦᠷ᠎ᠠ ᠠᠰᠢᠬ ᠲᠠᠢ᠂ ᠨᠡᠩ ᠲᠦᠪ ᠭᠤᠤᠯᠴᠢ᠂ ᠨᠡᠩ ᠲᠠᠰᠤᠷᠠᠯᠳᠠ ᠦᠭᠡᠢ ᠬᠦᠭᠵᠢᠯᠳᠡ ᠲᠠᠢ᠂ ᠤᠳᠤᠬᠢᠴᠢᠯᠠᠬᠰᠠᠠ ᠠᠵᠦ ᠠᠬᠤᠢ ᠶᠢᠨ ᠰᠢᠰᠲ᠋ᠧᠮ ᠢ ᠲᠦᠷᠭᠡᠳᠭᠡᠬᠦ ᠨᠢ ᠮᠠᠯ ᠠᠵᠦ ᠠᠬᠤᠢ ᠶᠢᠨ ᠬᠦᠴᠦᠷᠭᠡᠭ ᠤᠷᠤᠨ ᠪᠤᠯᠤᠭᠰᠠᠨ ᠦᠪᠦᠷ ᠮᠤᠩᠭᠤᠯ ᠳᠤ ᠰᠠᠷᠠᠭᠤᠯ ᠳᠡᠷᠳᠡᠩ ᠬᠦᠭᠵᠢᠯᠳᠡ ᠶᠢᠨ ᠵᠠᠮ ᠢ ᠵᠢᠭᠠᠵᠦ ᠦᠭᠬᠦᠭᠰᠡᠨ ᠪᠠᠶᠢᠨ᠎ᠠ᠃ ᠪᠢᠳᠡ ᠢᠮᠠᠭᠳᠠ ᠡᠳᠡᠭᠡᠷ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢᠶᠠᠷ ᠮᠠᠯ ᠠᠵᠦ ᠠᠬᠤᠢ ᠶᠢᠨ ᠬᠦᠭᠵᠢᠯᠳᠡ ᠶᠢ ᠬᠦᠳᠦᠯᠦᠨ ᠵᠢᠯᠤᠭᠤᠳᠤᠭᠤᠯᠵᠦ᠂ ᠬᠦᠳᠡᠭᠡ ᠳᠤᠰᠬᠤᠨ ᠤ ᠬᠦᠴᠦᠷᠭᠡᠭᠵᠢᠨ ᠮᠠᠨᠳᠤᠯᠳᠠ ᠳᠤ ᠦᠪᠡᠷ ᠤᠨ ᠬᠤᠪᠢ ᠨᠠᠮᠠᠷᠢ ᠪᠠᠨ ᠦᠵᠡᠬᠦᠯᠪᠡᠯ ᠵᠤᠬᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号