ᠲᠠᠯ᠎ᠠ ᠨᠤᠳᠤᠬ ᠤᠨ ᠰᠤᠶᠤᠯ ᠤᠨ ᠠᠭᠤᠰᠤᠯᠴᠠᠯ ᠢ ᠠᠬᠢᠭᠤᠯᠤᠶ᠎ᠠ
ᠨᠡᠶᠢᠲᠡᠯᠡᠭᠰᠡᠨ ᠴᠠᠭ᠄
2018-03-16
      ᠶᠡᠷᠦᠩᠬᠡᠢ ᠱᠦᠵᠢ ᠰᠢ ᠶᠢᠨ ᠫᠢᠩ ᠵᠢᠭᠠᠵᠦ ᠭᠠᠷᠭᠠᠬᠰᠠᠨ ᠨᠢ᠄ ᠨᠢᠭᠡ ᠤᠯᠤᠰ ᠤᠨ ᠶᠡᠷᠦᠩᠬᠡᠶᠢᠯᠡᠭᠰᠡᠨ ᠪᠤᠳᠠᠳᠦ ᠬᠦᠴᠦᠨ ᠤ ᠬᠠᠮᠤᠭ ᠤᠨ ᠭᠤᠤᠯ ᠴᠢᠮᠦᠬᠡ ᠨᠢ ᠬᠠᠰᠢᠯᠡ ᠰᠤᠶᠤᠯ ᠤᠨ ᠵᠦᠬᠡᠯᠡᠨ ᠪᠤᠳᠠᠳᠦ ᠬᠦᠴᠦᠨ ᠪᠠᠶᠢᠵᠦ ᠂ ᠴᠤᠭ ᠰᠦᠯᠲᠡ ᠶᠢ ᠨᠢᠬᠲᠠᠷᠠᠭᠤᠯᠬᠤ ᠳᠤ ᠬᠤᠯᠪᠤᠬᠳᠠᠵᠦ᠂ ᠪᠢᠳᠡᠡ ᠤ ᠵᠠᠮ ᠤᠨ ᠢᠲᠡᠭᠡᠯ᠂ ᠤᠨᠤᠯ ᠤᠨ ᠢᠲᠡᠭᠡᠯ᠂ ᠲᠦᠷᠢᠮ ᠤᠨ ᠢᠲᠡᠭᠡᠯ ᠢᠶᠠᠨ ᠪᠠᠲᠤᠵᠢᠭᠤᠯᠬᠤ ᠳᠤ᠂ ᠬᠠᠮᠤᠭ ᠨᠠᠭᠠᠳᠦ ᠵᠠᠬ᠎ᠠ ᠳᠠᠭᠠᠨ ᠰᠤᠶᠤᠯ ᠤᠨ ᠢᠲᠡᠭᠡᠯ ᠢ ᠨᠡᠮᠡᠵᠦ ᠤᠷᠤᠭᠤᠯᠬᠤ ᠬᠡᠷᠡᠭᠲᠡᠢ ᠭᠡᠵᠡᠢ᠃ ᠰᠤᠶᠤᠯ ᠤᠨ ᠤᠬᠠᠮᠰᠠᠷ᠂ ᠰᠤᠶᠤᠯ ᠤᠨ ᠢᠲᠡᠭᠡᠯ ᠨᠢ ᠨᠢᠭᠡ ᠤᠯᠤᠰ ᠤᠷᠤᠨ᠂ ᠨᠢᠭᠡ ᠭᠠᠵᠠᠷ ᠤᠷᠤᠨ᠂ ᠨᠢᠭᠡ ᠦᠨᠳᠦᠰᠦᠲᠡᠨ ᠤ ᠰᠤᠶᠤᠯ ᠤᠨ ᠬᠦᠭᠵᠢᠯᠲᠡ ᠶᠢᠨ ᠡᠷᠡᠰ ᠴᠢᠩᠭ᠎ᠠ ᠢᠲᠡᠭᠡᠯ ᠵᠤᠷᠢᠭ ᠪᠤᠯᠤᠨ ᠳᠤᠲᠤᠭᠠᠳᠦ ᠬᠦᠳᠡᠯᠭᠡᠬᠦ ᠬᠦᠴᠦᠨ ᠪᠠᠶᠢᠵᠦ᠂ ᠲᠠᠯ᠎ᠠ ᠨᠤᠲᠤᠭ ᠤᠨ ᠰᠤᠶᠤᠯ ᠤᠨ ᠤᠬᠠᠮᠰᠠᠷ᠂ ᠰᠤᠶᠤᠯ ᠤᠨ ᠢᠲᠡᠭᠡᠯ ᠨᠢ ᠦᠪᠦᠷ ᠮᠤᠩᠭᠤᠯ ᠤᠨ ᠰᠤᠶᠤᠯ ᠤᠨ ᠪᠠᠶᠢᠭᠤᠯᠤᠯᠲᠠ ᠶᠢᠨ ᠦᠨᠳᠦᠰᠦ ᠰᠠᠭᠤᠷᠢ ᠪᠤᠯᠬᠤ ᠶᠤᠮ᠃      ᠦᠪᠦᠷ ᠮᠤᠩᠭᠤᠯ ᠪᠤᠯ ᠲᠠᠯ᠎ᠠ ᠨᠤᠳᠤᠭ ᠤᠨ ᠰᠤᠶᠤᠯ ᠤᠨ ᠭᠤᠤᠯ ᠡᠬᠦᠰᠦᠯ ᠤᠨ ᠤᠷᠤᠨ ᠪᠦᠬᠡᠳ ᠠᠴᠢᠶᠠᠯᠠᠪᠤᠷᠢ ᠶᠢᠨ ᠤᠷᠤᠨ ᠪᠠᠶᠢᠵᠤ᠂ ᠲᠠᠯ᠎ᠠ ᠨᠤᠳᠤᠭ ᠤᠨ ᠰᠤᠶᠤᠯ ᠨᠢ ᠠᠳᠡᠬᠢ ᠪᠠᠶᠢᠭᠠᠯᠢ ᠠᠬᠤᠢ ᠪᠤᠯᠤᠨ ᠰᠤᠶᠤᠯ ᠢᠷᠬᠡᠨᠰᠢᠯ ᠤᠨ ᠤᠷᠴᠢᠨ ᠳᠤ ᠦᠰᠦᠨ ᠪᠤᠶᠢᠵᠢᠵᠤ ᠬᠦᠭᠵᠢᠨ ᠪᠤᠵᠠᠭᠠᠢᠢᠷᠠᠵᠤ᠂ ᠡᠨᠡᠬᠦ ᠬᠦᠷᠦᠰᠦ ᠰᠢᠷᠦᠢ ᠶᠢᠨ ᠰᠦᠭ ᠰᠦᠯᠳᠡ ᠶᠢ ᠬᠠᠳᠠᠭᠠᠯᠠᠬᠰᠠᠨ ᠪᠠᠶᠢᠳᠠᠬ᠃ ᠲᠠᠯ᠎ᠠ ᠨᠤᠳᠤᠭ ᠤᠨ ᠰᠤᠶᠤᠯ᠂ ᠦᠪᠦᠷ ᠮᠤᠩᠭᠤᠯ ᠤᠨ ᠰᠤᠶᠤᠯ ᠤᠨ ᠦᠨᠳᠦᠰᠦᠨ ᠠᠭᠤᠯᠤᠭᠳᠠᠬᠤᠨ ᠪᠠ ᠲᠤᠪᠤᠶᠢᠮ᠎ᠠ ᠬᠡᠯᠪᠡᠷᠢ ᠪᠤᠯᠤᠭᠰᠠᠨ ᠤ ᠬᠤᠪᠢ ᠳᠤ ᠦᠪᠦᠷ ᠮᠤᠩᠭᠤᠯ ᠤᠨ ᠰᠤᠶᠤᠯ ᠤᠨ ᠬᠠᠮᠤᠭ ᠤᠨ ᠤᠨᠴᠠᠯᠢᠭ ᠲᠠᠢ᠂ ᠬᠠᠮᠤᠭ ᠤᠨ ᠨᠦᠯᠦᠭᠡᠯᠡᠬᠦ ᠬᠦᠴᠦᠨ ᠲᠠᠢ ᠰᠤᠶᠤᠯ ᠤᠨ ᠲᠦᠷᠦᠯ ᠲᠡᠮᠳᠡᠭ ᠪᠤᠯᠪᠠ᠃ ᠡᠨᠡᠬᠦ ᠰᠤᠶᠤᠯ ᠤᠨ ᠲᠦᠷᠦᠯ ᠲᠡᠮᠳᠡᠭ ᠨᠢ ᠰᠤᠶᠤᠯ ᠤᠨ ᠪᠤᠳᠠᠳᠤ ᠬᠦᠴᠦᠨ ᠢ ᠢᠯᠡᠷᠡᠬᠦᠯᠵᠤ᠂ ᠲᠦᠷᠦᠯ ᠲᠡᠮᠳᠡᠭᠳᠦ ᠰᠤᠶᠤᠯ ᠢ ᠭᠠᠳᠠᠬᠰᠢ ᠲᠠᠨᠢᠭᠤᠯᠵᠦ᠂ ᠰᠤᠶᠤᠯ ᠤᠨ ᠵᠦᠬᠡᠯᠡᠨ ᠪᠤᠳᠠᠳᠤ ᠬᠦᠴᠦᠨ ᠨᠢ ᠲᠡᠯᠡᠬᠡᠢ ᠶᠢᠨ ᠲᠠᠪᠴᠠᠩ ᠳᠤ ᠴᠠᠬ ᠦᠶ᠎ᠠ ᠲᠠᠢ ᠵᠡᠷᠬᠡᠪᠡᠷ ᠤᠷᠤᠬᠰᠢᠯᠠᠬᠰᠠᠨ ︽ᠦᠪᠦᠷ ᠮᠤᠩᠭᠤᠯ ᠤᠨ ᠲᠦᠷᠢ ᠲᠦᠷᠬᠦ ︾ ᠶᠢ ᠲᠠᠶᠠᠩ ᠳᠡᠯᠡᠭᠡᠢ ᠳᠤ ᠭᠠᠶᠢᠬᠠᠭᠤᠯᠵᠥ ᠪᠤᠢ᠃      ᠮᠠᠨ ᠤ ᠤᠷᠤᠨ ᠤ ᠲᠠᠯ᠎ᠠ ᠨᠤᠲᠤᠭ ᠤᠨ ᠰᠣᠶᠣᠯ ᠢᠶᠠᠨ ︽ᠭᠠᠳᠠᠭᠰᠢ ᠳᠡᠯᠭᠡᠷᠡᠭᠦᠯᠬᠦ︾ ᠪᠠᠶᠢᠯᠳᠣᠬᠤ ᠪᠣᠳᠣᠯᠭ᠎ᠠ ᠪᠣᠳᠠᠲᠤ ᠦᠷ᠎ᠡ ᠪᠦᠲᠦᠮᠵᠢ ᠤᠯᠵᠤ᠂ ᠳᠡᠯᠡᠬᠡᠢ ᠶᠢᠨ ᠪᠠ ᠤᠯᠤᠰ ᠤᠨ ᠳᠣᠲᠣᠭᠠᠲᠦ ᠶᠢᠨ ᠵᠠᠬ᠎ᠠ ᠳᠡᠯᠭᠡᠭᠦᠷ ᠢ ᠠᠭᠠᠵᠢᠮ ᠢᠶᠠᠷ ᠨᠡᠭᠡᠭᠡᠪᠡ᠃ ︽ᠨᠢᠬᠡ ᠪᠥᠰᠡ ᠨᠢᠬᠡ ᠵᠠᠮ︾ ᠪᠤᠯ ᠪᠥᠷᠬᠦᠴᠠ ᠶᠢᠨ ᠲᠠᠯᠠᠪᠠᠢ ᠪᠠᠷ ᠥᠷᠭᠡᠨ᠂ ᠲᠠᠶᠢᠴᠢᠯᠠᠬᠤ ᠥᠢᠯᠡᠳᠥᠯ ᠢᠶᠠᠷ ᠶᠡᠭᠡ ᠪᠠᠶᠢᠳᠠᠬ ᠤᠯᠠᠨ ᠤᠯᠤᠰ ᠤᠨ ᠲᠤᠮᠤ ᠢᠨᠵᠧᠨᠧᠷᠢᠩ ᠪᠤᠯᠬᠤ ᠶᠤᠮ᠃ ᠲᠡᠷᠡ ᠨᠢ᠂ ᠬᠠᠷᠢᠯᠴᠠᠨ ᠠᠰᠢᠬᠳᠠᠢ ᠬᠠᠮᠳᠤᠪᠠᠷ ᠠᠰᠢᠬ ᠬᠥᠷᠳᠡᠬᠦ ᠠᠵᠥ ᠠᠬᠤᠢ ᠠᠷᠠᠯᠵᠢᠶ᠎ᠠ ᠶᠢᠨ ᠵᠠᠮ ᠪᠤᠯᠬᠤ ᠪᠠᠷ ᠥᠯᠥ ᠪᠠᠷᠠᠮ ᠪᠠᠰᠠ ᠬᠠᠷᠢᠯᠴᠠᠨ ᠲᠤᠯᠢᠳᠠᠨ ᠬᠠᠮᠳᠤᠪᠠᠷ ᠴᠢᠷᠮᠠᠶᠢᠬᠤ ᠰᠤᠶᠤᠯ ᠤᠨ ᠵᠠᠮ ᠪᠤᠯᠬᠤ ᠶᠤᠮ᠃ ᠮᠠᠨ ᠤ ᠤᠷᠤᠨ ᠤ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠬᠢᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠠᠢ ᠣᠷᠤᠯᠴᠠᠵᠤ᠂ ᠲᠠᠯ᠎ᠠ ᠨᠤᠲᠤᠭ ᠤᠨ ᠰᠤᠶᠤᠯ ᠤᠨ ᠠᠵᠤ ᠦᠢᠯᠡᠰᠵᠢᠯᠲᠡ ᠶᠢ ᠡᠷᠴᠢᠮᠲᠠᠢ ᠬᠢᠵᠤ᠂ ᠲᠠᠯ᠎ᠠ ᠨᠤᠲᠤᠭ ᠤᠨ ᠰᠣᠶᠤᠯ ᠤᠨ ᠭᠤᠤᠯᠯᠠᠬᠴᠢ ᠦᠷᠲᠡᠭ ᠤᠨ ᠦᠵᠡᠯᠲᠡ ᠶᠢ ᠢᠳᠡᠪᠬᠢᠲᠠᠢ ᠤᠬᠠᠭᠤᠯᠤᠨ᠂ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢ ᠬᠦᠮᠦᠵᠢᠭᠦᠯᠬᠦ ᠪᠠ ᠦᠢᠯᠡᠳᠦᠯᠭᠡᠵᠢᠭᠦᠯᠬᠦ ᠳᠤᠮᠳᠠ ᠲᠡᠭᠦᠨ ᠤ ᠲᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠤᠶᠤᠯ ᠵᠢᠴᠢ ᠳᠡᠯᠡᠬᠡᠢ ᠶᠢᠨ ᠰᠤᠶᠤᠯ ᠤᠨ ᠬᠦᠭᠵᠢᠯᠲᠡ ᠳᠠᠬᠢ ᠡᠬᠦᠷᠭᠡ ᠴᠢᠳᠠᠪᠬᠢ ᠶᠢ ᠨᠠᠩ ᠴᠢᠨᠠᠬᠰᠢᠳᠠ ᠪᠠᠳᠠᠷᠠᠭᠤᠯᠬᠤ ᠴᠢᠬᠤᠯᠠᠳᠠᠢ᠃      ᠦᠨᠳᠦᠰᠦᠳᠡᠨ ᠨᠦᠭᠦᠳ ᠤᠨ ᠬᠠᠮᠳᠤ ᠶᠢᠨ ᠤᠶᠤᠨ ᠰᠠᠨᠠᠭᠠᠨ ᠤ ᠬᠡᠷ ᠤᠷᠤᠨ ᠢ ᠪᠠᠶᠢᠭᠤᠯᠬᠤ ᠳᠤ᠂ ᠰᠤᠶᠤᠯ ᠤᠨ ᠮᠡᠳᠡᠷᠡᠮᠵᠢ ᠪᠤᠯ ᠬᠠᠮᠤᠬ ᠤᠨ ᠬᠦᠨ ᠳᠠᠪᠬᠤᠷᠭ᠎ᠠ ᠶᠢᠨ ᠤᠳᠬ᠎ᠠ ᠠᠭᠤᠯᠭ᠎ᠠ ᠲᠠᠢ᠂ ᠮᠦᠨ ᠴᠤ ᠦᠨᠳᠦᠰᠦᠳᠡᠨ ᠤ ᠪᠦᠯᠬᠦᠮᠳᠡᠯ ᠤᠨ ᠦᠨᠳᠦᠰᠦ᠂ ᠦᠨᠳᠦᠰᠦᠳᠡᠨ ᠤ ᠡᠶ᠎ᠡ ᠵᠤᠬᠢᠴᠠᠩᠭᠤᠢ ᠶᠢᠨ ᠰᠦᠭ ᠰᠦᠨᠡᠰᠦ ᠪᠤᠯᠬᠤ ᠶᠤᠮ᠃ ᠮᠠᠨ ᠤ ᠤᠷᠤᠨ ᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠥᠳᠥᠯᠥᠨ ᠵᠢᠯᠥᠭᠤᠳᠬᠤ ᠶᠢ ᠪᠠᠷᠢᠮᠳᠠᠯᠠᠨ᠂ ᠶᠡᠷᠥᠩᠭᠡᠢ ᠱᠥᠵᠢ ᠰᠢ ᠶᠢᠨ ᠫᠢᠡᠭ ᠤᠨ ︽ᠨᠢᠬᠡ ᠪᠥᠰᠠ ᠨᠢᠬᠡ ᠵᠠᠮ︾ ᠤᠨ ᠤᠯᠠᠨ ᠤᠯᠤᠰ ᠤᠨ ᠬᠠᠮᠳᠤᠷᠠᠨ ᠠᠵᠢᠯᠯᠠᠬᠤ ᠲᠥᠷᠥᠬᠦᠴᠤᠳ ᠤᠨ ᠶᠡᠷᠢᠶᠡᠨ ᠤ ᠲᠠᠪᠴᠠᠩ ᠲᠡᠭᠡᠷᠡᠬᠢ ᠴᠢᠬᠤᠯᠠ ᠶᠠᠷᠢᠶ᠎ᠠ ᠪᠠ ᠥᠪᠥᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠥᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ︽ᠨᠢᠬᠡ ᠪᠥᠰᠡ ᠨᠢᠬᠡ ᠵᠠᠮ︾ ᠤᠨ ᠪᠥᠳᠥᠭᠡᠨ ᠪᠠᠶᠢᠭᠤᠯᠤᠯᠳᠠ ᠳᠤ ᠥᠪᠥᠷ ᠮᠤᠩᠭᠤᠯ ᠤᠨ ᠭᠠᠳᠠᠭᠠᠳᠤ ᠨᠡᠭᠡᠭᠡᠯᠳᠠ ᠶᠢᠨ ᠰᠢᠨ᠎ᠠ ᠪᠠᠶᠢᠳᠠᠯ ᠢ ᠢᠳᠡᠪᠬᠢᠳᠠᠢ ᠴᠤᠬᠴᠠᠯᠠᠬᠤ ᠶᠢ ᠴᠢᠬᠤᠯᠠᠴᠢᠯᠠᠬᠤ ᠭᠡᠷᠡᠭᠳᠠᠢ︔ ᠰᠤᠶᠤᠯ ᠢ ᠤᠷᠢᠳᠠᠪᠡᠷ ᠭᠡᠷᠡᠭᠵᠢᠬᠦᠯᠥᠨ ᠥᠢᠯᠡᠳᠥᠯᠭᠡᠵᠢᠬᠦᠯᠵᠥ᠂ ᠲᠠᠯ᠎ᠠ ᠨᠤᠳᠤᠬ ᠤᠨ ᠰᠤᠶᠤᠯ ᠢᠶᠠᠷ ᠬᠥᠢᠰᠤ ᠪᠤᠯᠭᠠᠨ᠂ ᠲᠠᠯ᠎ᠠ ᠨᠤᠳᠤᠬ ᠤᠨ ᠲᠤᠷᠭᠠᠨ ᠵᠠᠮ ᠤᠨ ᠵᠠᠮ ᠲᠠᠭᠠᠤ ᠶᠢᠨ ᠤᠯᠠᠨ ᠡᠰᠢᠴᠢᠯᠠᠯᠳᠠ ᠶᠢᠨ ᠰᠤᠶᠤᠯ ᠤᠨ ᠪᠠᠭᠳᠠᠭᠠᠮᠵᠢ ᠪᠠᠷ ᠬᠠᠷᠢᠯᠴᠠᠨ ᠲᠤᠯᠢ ᠪᠤᠯᠭᠠᠬᠤ᠂ ᠡᠶ᠎ᠡ ᠵᠤᠬᠢᠴᠠᠩᠭᠤᠢ ᠪᠠᠷ ᠬᠠᠮᠳᠤᠪᠠᠷ ᠪᠥᠳᠥᠭᠡᠨ ᠪᠠᠶᠢᠭᠤᠯᠬᠤ ᠶᠢ ᠲᠥᠯᠬᠢᠨ ᠠᠬᠢᠭᠤᠯᠵᠥ᠂ ︽ᠠᠷᠠᠳ ᠤᠨ ᠰᠡᠳᠬᠢᠯ ᠢ ᠨᠡᠪᠳᠡᠷᠡᠯᠴᠡᠬᠦᠯᠬᠦ︾ ᠰᠢᠨ᠎ᠠ ᠬᠥᠬᠦᠷᠭᠡ ᠬᠤᠯᠪᠤᠭᠠᠰᠤ ᠶᠢ ᠨᠠᠩ ᠰᠠᠶᠢᠳᠤᠷ ᠪᠡᠶᠡᠯᠡᠬᠦᠯᠬᠦ ᠬᠡᠷᠡᠭᠳᠠᠢ︔ ᠰᠤᠶᠤᠯ ᠤᠨ ᠢᠳᠡᠭᠡᠯ ᠢᠶᠠᠨ ᠪᠠᠳᠤᠳᠬᠠᠵᠥ᠂ ᠲᠠᠯ᠎ᠠ ᠨᠤᠳᠤᠬ ᠤᠨ ᠰᠤᠶᠤᠯ ᠤᠨ ᠥᠪᠥᠷ ᠮᠤᠩᠭᠤᠯ ᠤᠨ ︽ᠨᠢᠬᠡ ᠪᠥᠰᠠ ᠨᠢᠬᠡ ᠵᠠᠮ︾ ᠤᠨ ᠪᠥᠳᠥᠭᠡᠨ ᠪᠠᠶᠢᠭᠤᠯᠤᠯᠳᠠ ᠶᠢᠨ ᠲᠤᠮᠳᠠ ᠠᠭᠤᠰᠤᠯᠴᠠᠬᠤ ᠪᠠ ᠥᠢᠯᠡᠴᠢᠯᠠᠬᠦ ᠤᠨᠴᠠ ᠥᠢᠯᠡᠳᠥᠯ ᠢ ᠬᠥᠢᠴᠡᠳ ᠪᠠᠳᠠᠷᠠᠭᠤᠯᠵᠥ᠂ ︽ᠥᠵᠡᠰᠬᠦᠯᠡᠩᠳᠤ ᠰᠠᠶᠢᠬᠠᠨ ᠥᠪᠥᠷ ᠮᠤᠩᠭᠤᠯ ᠢᠶᠠᠨ ᠪᠥᠳᠥᠭᠡᠨ ᠪᠠᠶᠢᠭᠤᠯᠵᠥ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ︾ ᠳᠤ ᠰᠢᠨ᠎ᠠ ᠬᠤᠪᠢ ᠨᠡᠮᠡᠷᠢ ᠥᠵᠡᠬᠦᠯᠬᠦ ᠪᠠᠷ ᠴᠢᠷᠮᠠᠶᠢᠪᠠᠯ ᠵᠤᠬᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号