ᠨᠠᠶᠢᠷᠠᠭᠤᠯᠤᠭᠴᠢ ᠶᠢᠨ ᠦᠬᠡ᠄ | 2 ᠰᠠᠷ᠎ᠠ ᠶᠢᠨ 4 ᠤ ᠡᠲᠦᠷ᠂ ᠰᠢᠨᠬᠤᠸᠠ ᠬᠤᠷᠢᠶ᠎ᠠ ︽ᠬᠦᠲᠡᠭᠡ ᠲᠤᠰᠬᠤᠨ ᠬᠦᠲᠡᠭᠡ ᠠᠵᠦ ᠠᠬᠤᠢ | ᠲᠠᠷᠢᠶᠠᠴᠢᠨ︾ ᠤ ᠠᠵᠢᠯ ᠢ ᠵᠢᠭᠠᠨ ᠵᠢᠯᠤᠭᠤᠳᠬᠤ ᠲᠦᠪ ᠤᠨ ᠨᠢᠭᠡᠲᠦᠭᠡᠷ ᠲᠤᠭᠠᠲᠤ ᠪᠢᠴᠢᠭ ᠮᠠᠲ᠋ᠧᠷᠢᠶᠠᠯ ᠢ ᠡᠷᠭᠡ | ᠤᠯᠭᠤᠯᠲᠠ ᠪᠠᠷ ᠨᠡᠶᠢᠲᠡᠯᠡᠪᠡ᠃ ︽ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ | ᠭᠡᠷᠡᠭᠵᠢᠭᠦᠯᠬᠦ ᠲᠤᠬᠠᠢ ᠨᠠᠮ ᠤᠨ ᠳᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶᠠᠠ ᠤ ᠰᠠᠨᠠᠯ︾ ᠭᠡᠬᠦ | ᠭᠠᠷᠴᠠᠭ ᠲᠠᠢ ᠡᠨᠡᠬᠦ ᠪᠢᠴᠢᠭ ᠮᠠᠲ᠋ᠧᠷᠢᠶᠠᠯ ᠪᠤᠯ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠬᠢᠭᠰᠡᠡ ᠠᠴᠠ | ᠨᠠᠰᠢᠬᠢ ᠬᠤᠷᠢᠲᠡᠬᠢ᠂ ᠰᠢᠨ᠎ᠠ ᠵᠠᠭᠤᠨ ᠠᠴᠠ ᠨᠠᠰᠢᠬᠢ ᠠᠷᠪᠠᠠ ᠲᠠᠪᠤᠲᠠᠬᠢ ᠳᠦᠪ ᠤᠨ ᠨᠢᠬᠡᠳᠦᠬᠡᠷ ᠳᠤᠭᠠᠳᠤ ᠪᠢᠴᠢᠭ | ᠮᠠᠲ᠋ᠧᠷᠢᠶᠠᠯ ᠪᠤᠯᠬᠤ ᠪᠦᠭᠡᠳ ᠲᠡᠷᠡ ᠨᠢ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ | ᠪᠤᠲᠤᠯᠭ᠎ᠠ ᠶᠢ ᠬᠡᠷᠡᠭᠵᠢᠬᠦᠯᠬᠦ ᠳᠤ ᠪᠦᠬᠦ ᠲᠠᠯ᠎ᠠ ᠪᠠᠷ ᠪᠠᠶᠢᠷᠢᠯᠠᠭᠤᠯᠤᠯᠲᠠ ᠬᠢᠵᠠᠢ᠃ | ᠤᠢᠢᠷ᠎ᠠ ᠳᠤ ᠳᠦᠪ ᠤᠨ ᠬᠦᠳᠡᠭᠡ ᠳᠤᠰᠬᠤᠨ ᠤ ᠠᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ | ᠭᠡᠷ ᠤᠨ ᠡᠷᠬᠢᠯᠡᠭᠴᠢ᠂ ᠳᠦᠪ ᠤᠨ ᠡᠳ᠋ ᠤᠨ ᠵᠠᠰᠠᠭ ᠠᠵᠦ ᠠᠬᠤᠢ ᠶᠢᠨ ᠠᠵᠢᠯ ᠤᠨ ᠤᠳᠤᠷᠢᠳᠬᠤ ᠳᠤᠭᠤᠢᠢᠯᠠᠩ ᠤᠨ | ᠠᠯᠪᠠᠨ ᠭᠡᠷ ᠤᠨ ᠳᠡᠳ᠋ ᠡᠷᠬᠢᠯᠡᠭᠴᠢ ᠬᠠᠨ ᠵᠢᠶᠦ᠋ᠨ ᠰᠤᠷᠪᠤᠯᠵᠢᠯᠠᠭ᠎ᠠ ᠬᠦᠯᠢᠶᠡᠵᠦ᠂ ᠳᠦᠪ ᠤᠨ ᠨᠢᠬᠡᠳᠦᠬᠡᠷ ᠳᠤᠭᠠᠳᠤ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠭᠰᠠᠨ ᠪᠠᠶᠢᠨ᠎ᠠ᠃ ᠳᠤᠰ ᠳ᠋ᠤᠭᠠᠷ ᠲᠤ | ᠪᠢᠳᠡ ᠡᠨᠡᠬᠦ ᠲᠠᠶᠢᠯᠤᠮᠵᠢ ᠶᠢ ᠵᠢᠷᠤᠭ ᠤᠨ ᠭᠡᠯᠪᠡᠷᠢ ᠪᠠᠷ ᠨᠡᠶᠢᠳᠡᠯᠡᠵᠦ ᠤᠩᠰᠢᠭᠴᠢ ᠤᠯᠠᠨ ᠳᠤ ᠳᠡᠪᠰᠢᠬᠦᠯᠦᠶ᠎ᠠ᠃ | ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢᠨ ᠳᠦᠷᠢᠮ ᠤᠨ ᠴᠢᠨᠠᠷᠳᠠᠢ | ᠬᠠᠩᠭᠠᠯᠭ᠎ᠠ ᠶᠢ ᠴᠢᠩᠭᠠᠷᠠᠭᠤᠯᠤᠨ᠎ᠠ | ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠬᠦ ᠳᠤ | ᠡᠷᠭᠡᠪᠰᠢ ︽ᠵᠤᠭᠤᠰ᠂ ᠭᠠᠵᠠᠷ᠂ ᠬᠦᠮᠦᠨ︾ ᠵᠡᠷᠭᠡ ᠴᠢᠬᠤᠯᠠ ᠭᠤᠭᠴᠤᠭ᠎ᠠ ᠶᠢ ᠠᠳᠬᠤᠵᠦ᠂ ᠪᠠᠶᠢᠭᠤᠯᠤᠮᠵᠢ | ᠳᠤᠭᠳᠠᠴᠠ ᠶᠢᠨ ᠠᠯᠢᠪᠠ ᠳᠤᠬᠢᠷᠠᠮᠵᠢ ᠦᠬᠡᠢ ᠬᠠᠷᠰᠢ ᠰᠠᠭᠠᠳ ᠢ ᠠᠷᠢᠯᠭᠠᠬᠤ ᠭᠡᠷᠡᠭᠳᠡᠢ᠃ | ᠳᠡᠭᠡᠪᠡᠯ ᠬᠠᠷᠰᠢ ᠰᠠᠭᠠᠳ ᠢ ᠬᠡᠷᠬᠢᠨ ᠢᠯᠠᠨ ᠳᠠᠪᠠᠵᠦ ᠠᠷᠢᠯᠭᠠᠬᠤ ᠪᠢᠯᠡ︖ ᠬᠠᠨ ᠵᠢᠶᠦ᠋ᠨ ᠳᠦᠪ ᠤᠨ | ᠨᠢᠬᠡᠳᠦᠬᠡᠷ ᠳᠤᠭᠠᠳᠦ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠦᠨᠳᠦᠰᠦᠯᠡᠵᠦ ᠭᠤᠷᠪᠡᠨ ᠲᠠᠯ᠎ᠠ ᠶᠢᠨ | ᠭᠤᠤᠯᠳᠠᠯᠭ᠎ᠠ ᠶᠢ ᠵᠢᠭᠠᠨ ᠭᠠᠷᠭᠠᠵᠠᠢ᠃ | ︽ᠵᠤᠭᠤᠰ︾ ᠤᠨ ᠠᠰᠠᠭᠤᠳᠠᠯ ᠢ ᠰᠢᠢᠳᠪᠦᠷᠢᠯᠡᠬᠦ | ᠬᠠᠮᠤᠭ ᠤᠨ ᠭᠤᠤᠯ ᠨᠢ ᠪᠡᠯᠡ ᠤᠷᠤᠭᠤᠯᠬᠤ ᠪᠠᠳᠤᠯᠠᠭ᠎ᠠ ᠶᠢᠨ ᠳᠦᠷᠢᠮ ᠢ ᠳᠡᠬᠦᠯᠳᠡᠷᠵᠢᠬᠦᠯᠦᠨ᠎ᠠ᠂ ᠪᠡᠯᠡ | ᠤᠷᠤᠭᠤᠯᠬᠤ ᠪᠠ ᠪᠡᠯᠡ ᠬᠤᠷᠠᠮᠳᠤᠭᠤᠯᠬᠤ ᠳᠤᠭᠳᠠᠴᠠ ᠶᠢᠨ ᠰᠢᠨ᠎ᠠ ᠶᠢ ᠡᠬᠦᠳᠴᠤ᠂ ᠡᠳ᠋ ᠤᠨ ᠵᠠᠰᠠᠭ ᠠᠴᠠ | ᠤᠷᠢᠳᠴᠢᠯᠠᠨ ᠪᠠᠳᠤᠯᠠᠬᠤ᠂ ᠮᠦᠩᠬᠦᠨ ᠬᠦᠢᠯᠬᠡᠬᠡᠨ ᠤ ᠬᠢᠨ ᠭᠤᠤᠯᠳᠠᠯᠭ᠎ᠠ ᠲᠠᠢ ᠪᠠᠷ ᠬᠡᠯᠪᠠᠶᠢᠬᠦ᠂ ᠨᠡᠶᠢᠬᠡᠮ ᠠᠴᠠ | ᠢᠳᠡᠪᠬᠢᠳᠡᠢ ᠤᠷᠤᠯᠴᠠᠬᠤ ᠵᠡᠷᠭᠡ ᠤᠯᠠᠨ ᠡᠰᠢᠳᠦ ᠤᠷᠤᠯᠴᠠᠬᠤ ᠪᠠᠶᠢᠷᠢᠰᠢᠭᠤᠯᠤᠯ ᠢ ᠦᠳᠳᠡᠷ ᠳᠦᠷᠬᠡᠨ | ᠪᠦᠷᠢᠯᠳᠦᠬᠦᠯᠦᠨ᠎ᠠ᠃ | ︽ᠭᠠᠵᠠᠷ︾ ᠤᠨ ᠠᠰᠠᠭᠤᠳᠠᠯ ᠢ ᠰᠢᠢᠳᠪᠦᠷᠢᠯᠡᠬᠦ | ᠬᠠᠮᠤᠭ ᠤᠨ ᠭᠤᠤᠯ ᠨᠢ ᠬᠦᠳᠡᠭᠡ ᠳᠤᠰᠬᠤᠨ ᠤ ᠭᠠᠵᠠᠷ ᠰᠢᠷᠦᠢ ᠶᠢᠨ ᠳᠦᠷᠢᠮ ᠤᠨ ᠦᠬᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠭᠠᠵᠠᠷ ᠰᠢᠷᠦᠢ ᠶᠢᠨ ᠴᠢᠬᠤᠯᠠ ᠡᠯᠧᠮᠧᠨ᠋ᠲ ᠢ ᠬᠤᠳᠠ ᠬᠦᠳᠡᠭᠡ ᠶᠢᠨ ᠬᠤᠭᠤᠷᠤᠨᠳᠦ ᠡᠷᠭᠡ | ᠳᠡᠭᠰᠢ ᠪᠠᠷ ᠰᠤᠯᠢᠯᠴᠠᠬᠤ ᠳᠤᠭᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠵᠦ᠂ ᠬᠦᠳᠡᠭᠡ ᠳᠤᠰᠬᠤᠨ ᠤ ᠭᠠᠵᠠᠷ | ᠰᠢᠷᠦᠢ ᠶᠢᠨ ᠳᠦᠷᠢᠮ ᠤᠨ ᠦᠬᠡᠷᠡᠴᠢᠯᠡᠯᠳᠡ ᠶᠢᠨ ᠠᠰᠢᠬ ᠤᠷᠤᠯᠭ᠎ᠠ ᠶᠢ ᠳᠦᠷᠭᠡᠳᠭᠡᠨ ᠢᠯᠡᠷᠡᠬᠦᠯᠦᠨ᠎ᠠ᠃ | ︽ᠬᠦᠮᠦᠨ︾ ᠤ ᠠᠰᠠᠭᠤᠳᠠᠯ ᠢ ᠰᠢᠢᠳᠪᠦᠷᠢᠯᠡᠬᠦ | ᠬᠠᠮᠤᠭ ᠤᠨ ᠭᠤᠤᠯ ᠨᠢ ᠤᠶᠤᠨ ᠤᠬᠠᠭᠠᠨ᠂ ᠮᠡᠷᠭᠡᠵᠢᠯ᠂ ᠬᠠᠮᠢᠶᠠᠷᠤᠯᠳᠠ ᠶᠢ ᠬᠦᠳᠡᠭᠡ ᠪᠠᠭᠤᠯᠭᠠᠬᠤ ᠵᠠᠮ | ᠱᠤᠭᠤᠮ ᠢ ᠰᠢᠯᠤᠭᠤᠳᠬᠠᠵᠦ᠂ ᠬᠦᠳᠡᠭᠡ ᠳᠤᠰᠬᠤᠨ ᠤ ᠴᠢᠳᠠᠪᠤᠷᠢᠳᠡᠨ ᠢ ᠬᠦᠮᠦᠵᠢᠬᠦᠯᠬᠦ ᠪᠠ ᠤᠷᠤᠭᠤᠯᠤᠨ | ᠠᠪᠴᠢᠷᠠᠵᠦ ᠭᠡᠷᠡᠭᠯᠡᠬᠦ ᠳᠤᠭᠳᠠᠴᠠ ᠳᠤ ᠰᠢᠨ᠎ᠠ ᠶᠢ ᠡᠬᠦᠳᠴᠤ᠂ ᠰᠢᠨ᠎ᠠ ᠭᠡᠯᠪᠡᠷᠢ ᠶᠢᠨ ᠳᠤᠰᠬᠠᠢ ᠲᠠᠷᠢᠶᠠᠴᠢᠨ ᠢ ᠪᠦᠬᠦ | ᠬᠦᠴᠦᠨ ᠢᠶᠠᠷ ᠬᠦᠮᠦᠵᠢᠬᠦᠯᠵᠦ᠂ ᠬᠦᠳᠡᠭᠡ ᠳᠤᠰᠬᠤᠨ ᠤ ᠳᠤᠰᠬᠠᠢ ᠮᠡᠷᠭᠡᠵᠢᠯ ᠤᠨ ᠴᠢᠳᠠᠪᠤᠷᠢᠳᠡᠨ ᠤ ᠡᠩᠨᠡᠭᠡ ᠶᠢ | ᠪᠠᠶᠢᠭᠤᠯᠵᠦ᠂ ᠨᠡᠩ ᠤᠯᠠᠨ ᠬᠦᠳᠡᠭᠡ ᠶᠢᠨ ᠮᠡᠷᠭᠡᠵᠢᠯᠳᠡᠨ ᠢ ᠬᠦᠮᠦᠵᠢᠬᠦᠯᠵᠦ᠂ ᠰᠢᠨᠵᠢᠯᠡᠬᠦ ᠤᠬᠭᠠᠨ ᠮᠡᠷᠭᠡᠵᠢᠯ ᠤᠨ | ᠴᠢᠳᠠᠪᠤᠷᠢᠳᠡᠨ ᠤ ᠳᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠦ᠂ ᠨᠡᠶᠢᠬᠡᠮ ᠤᠨ ᠡᠯ᠎ᠠ ᠡᠳᠡᠭᠡᠳ ᠤᠨ ᠬᠦᠳᠡᠭᠡ | ᠳᠤᠰᠬᠤᠨ ᠤ ᠪᠦᠳᠦᠬᠡᠨ ᠪᠠᠶᠢᠭᠤᠯᠤᠯᠳᠠ ᠳᠤ ᠬᠦᠴᠦᠨ ᠴᠢᠳᠠᠯ ᠨᠡᠮᠡᠷᠢᠯᠡᠬᠦ ᠶᠢ ᠵᠤᠷᠢᠭᠵᠢᠭᠤᠯᠤᠨ᠎ᠠ᠃ | ᠪᠦᠬᠦ ᠲᠠᠯ᠎ᠠ ᠶᠢᠨ ᠬᠠᠮᠢᠶᠠᠷᠤᠯᠳᠠ᠂ ᠠᠯᠤᠰ ᠬᠡᠳᠤ ᠶᠢᠨ ᠬᠠᠮᠢᠶᠠᠷᠤᠯᠳᠠ ᠪᠦᠬᠦᠶ ︽ᠬᠦᠳᠡᠭᠡ ᠳᠤᠰᠬᠤᠨ | ᠬᠦᠳᠡᠭᠡ ᠠᠵᠦ ᠠᠬᠤᠢ ᠲᠠᠷᠢᠶᠠᠴᠢᠨ︾ ᠤ ᠠᠵᠢᠯ ᠤᠨ ᠴᠢᠬᠤᠯᠠ ᠪᠢᠴᠢᠭ ᠮᠠᠲ᠋ᠧᠷᠢᠶᠠᠯ | ● ᠦᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ᠪᠢᠴᠢᠭ ᠮᠠᠲ᠋ᠧᠷᠢᠶᠠᠯ ᠨᠢ ᠪᠦᠬᠦ | ᠲᠠᠯ᠎ᠠ ᠶᠢᠨ ᠬᠠᠮᠢᠶᠠᠷᠤᠯᠳᠠ᠂ ᠠᠯᠤᠰ ᠬᠡᠳᠤ ᠶᠢᠨ ᠬᠠᠮᠢᠶᠠᠷᠤᠯᠳᠠ ᠪᠦᠬᠦᠶ ᠬᠤᠶᠠᠷ ᠴᠢᠬᠤᠯᠠ ᠤᠨᠴᠠᠯᠢᠭ ᠲᠠᠢ᠃ | ● ᠡᠨᠡ ᠵᠢᠯ ᠤᠨ ᠪᠢᠴᠢᠭ ᠮᠠᠲ᠋ᠧᠷᠢᠶᠠᠯ ᠨᠢ ᠬᠦᠳᠡᠭᠡ ᠳᠤᠰᠬᠤᠨ ᠤ ᠠᠵᠦ ᠠᠬᠤᠢ ᠶᠢᠨ ᠪᠦᠳᠦᠬᠡᠨ | ᠪᠠᠶᠢᠭᠤᠯᠤᠯᠳᠠ᠂ ᠤᠯᠤᠰ ᠳᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ | ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠨᠠᠮ ᠤᠨ ᠪᠠᠶᠢᠭᠤᠯᠤᠯᠳᠠ ᠶᠢ ᠨᠢᠬᠡᠳᠦᠯᠳᠡᠢ | ᠳᠦᠯᠬᠢᠨ ᠠᠬᠢᠭᠤᠯᠬᠤ ᠳᠤ ᠴᠦᠮ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠵᠠᠢ᠃ | ● ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠪᠤᠯ ᠠᠵᠦ ᠠᠬᠤᠢ ᠪᠠᠷ | ᠰᠠᠭᠤᠷᠢ ᠪᠤᠯᠭᠠᠵᠦ᠂ ᠬᠦᠳᠡᠭᠡ ᠳᠤᠰᠬᠤᠨ ᠤ ᠰᠤᠶᠤᠯ᠂ ᠴᠡᠭᠴᠡᠯᠡᠨ ᠵᠠᠰᠠᠬᠤ᠂ ᠠᠷᠠᠳ ᠤᠨ ᠠᠮᠢᠳᠤᠷᠠᠯ᠂ ᠠᠮᠢ | ᠠᠬᠤᠢ ᠵᠡᠷᠭᠡ ᠶᠢ ᠪᠠᠭᠳᠠᠭᠠᠭᠰᠠᠨ ᠬᠦᠳᠡᠭᠡ ᠳᠤᠰᠬᠤᠨ ᠤ ᠬᠦᠭᠵᠢᠯᠳᠡ ᠶᠢᠨ ᠬᠢᠷᠢ ᠳᠦᠪᠰᠢᠨ ᠢ ᠪᠦᠬᠦ᠋ᠢᠯᠡ | ᠴᠢᠨᠠᠷ ᠢᠶᠠᠷ ᠳᠡᠭᠡᠭᠰᠢᠯᠡᠬᠦᠯᠵᠦ᠂ ᠬᠦᠳᠡᠭᠡ ᠳᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠠᠪᠤᠳᠠᠯ | ᠶᠤᠮ᠃ | ● ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠪᠤᠯ ᠨᠠᠮ ᠪᠠ | ᠤᠯᠤᠰ ᠤᠨ ᠶᠡᠭᠡ ᠪᠠᠶᠢᠯᠳᠤᠬᠤ ᠪᠤᠳᠤᠯᠭ᠎ᠠ ᠪᠠᠶᠢᠵᠦ᠂ ᠤᠷᠳᠤ ᠬᠤᠭᠤᠴᠠᠭᠠᠨ ᠤ ᠳᠡᠤᠭᠡᠳᠦ ᠴᠢᠨᠠᠷᠳᠠᠢ ᠡᠬᠦᠷᠬᠡ ᠶᠤᠮ᠂ | ᠲᠡᠷᠡ ᠨᠢ ᠪᠤᠭᠤᠮᠳᠠ ᠰᠢᠪᠳᠤᠯᠬᠤ ᠲᠠᠶᠢᠯᠠᠯᠳᠤᠭᠠᠨ ᠮᠦᠷᠳᠡᠭᠡᠨ ᠪᠠᠰᠠ ᠤᠳᠠᠭᠠᠨ ᠳᠠᠭᠠᠭᠠᠮᠠᠭᠠᠢ ᠲᠠᠶᠢᠯᠠᠯᠳᠤᠭᠠᠨ | ᠶᠤᠮ᠃ | ︵ᠳᠤᠰ ᠳᠠᠶᠢᠯᠤᠮᠵᠢ ᠶᠢ ᠰᠢᠨᠬᠤᠸᠠ ᠬᠤᠷᠢᠶ᠎ᠠ ᠠᠴᠠ ᠨᠠᠶᠢᠷᠠᠭᠤᠯᠤᠨ ᠰᠢᠯᠵᠢᠬᠦᠯᠪᠠ︶ | ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ︽ᠳᠦᠷᠪᠡᠨ ᠳᠤᠯᠭᠠᠭᠤᠷᠢ ᠨᠠᠢᠮᠠᠨ ᠪᠠᠭᠠᠨ᠎ᠠ︾ ᠶᠢ | ᠳᠤᠭᠳᠠᠭᠠᠨ᠎ᠠ | ● ᠤᠯᠤᠰ ᠤᠨ ᠪᠠᠶᠢᠯᠳᠤᠬᠤ ᠪᠤᠳᠤᠯᠭ᠎ᠠ ᠶᠢᠨ ᠳᠦᠯᠦᠪᠵᠢᠬᠦᠯᠬᠡ ᠪᠠᠷ ᠬᠦᠳᠦᠯᠦᠨ ᠵᠢᠯᠤᠭᠤᠳᠤᠨ᠎ᠠ ᠪᠢᠴᠢᠭ | ᠮᠠᠲ᠋ᠧᠷᠢᠶᠠᠯ ᠳᠤ᠂ ᠤᠯᠤᠰ ᠤᠨ ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠳᠤᠬᠤ ᠪᠤᠳᠤᠯᠭ᠎ᠠ ᠶᠢᠨ | ᠳᠦᠯᠦᠪᠵᠢᠬᠦᠯᠬᠡ ︵2018 — 2022︶ ᠶᠢ ᠳᠤᠭᠳᠠᠭᠠᠵᠠᠢ᠃ ᠳᠦᠯᠦᠪᠵᠢᠬᠦᠯᠬᠡ ᠨᠢ ᠪᠢᠴᠢᠭ | ᠮᠠᠲ᠋ᠧᠷᠢᠶᠠᠯ ᠲᠠᠢ ᠬᠠᠷᠠᠯᠳᠠ ᠪᠠᠷᠢᠮᠵᠢᠶ᠎ᠠ ᠪᠠᠨ ᠨᠢᠭᠡᠳᠭᠡᠬᠦ ᠪᠠᠷ ᠳᠡᠮᠵᠢᠨ᠂ ᠳᠤᠰ ᠳᠤᠰ 2020 ᠤᠨ ᠳᠤ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠪᠠ 2022 ᠤᠨ ᠳᠤ ᠨᠠᠮ ᠤᠨ ᠬᠤᠷᠢᠳᠤᠭᠠᠷ ᠶᠡᠭᠡ ᠬᠤᠷᠠᠯ | ᠬᠤᠷᠠᠯᠳᠤᠬᠤ ᠬᠦᠷᠳᠡᠯᠡᠬᠢ ᠬᠠᠷᠠᠯᠳᠠ ᠡᠬᠦᠷᠬᠡ ᠪᠠᠨ ᠳᠤᠳᠤᠳᠬᠠᠵᠦ᠂ ᠠᠵᠢᠯ ᠤᠨ ᠭᠤᠤᠯᠳᠠᠯᠭ᠎ᠠ ᠪᠠ ᠳᠦᠷᠦ ᠶᠢᠨ | ᠪᠤᠳᠤᠯᠭ᠎ᠠ ᠶᠢᠨ ᠠᠷᠭ᠎ᠠ ᠪᠠᠷᠢᠯ ᠢᠶᠠᠨ ᠨᠠᠷᠢᠯᠢᠭᠵᠢᠭᠤᠯᠤᠨ ᠪᠤᠳᠠᠳᠠᠶᠢᠵᠢᠭᠤᠯᠵᠠᠢ᠃ | ● ᠨᠠᠮ ᠤᠨ ᠳᠤᠳᠤᠭᠠᠳᠤᠬᠢ ᠬᠠᠤᠯᠢ ᠳᠦᠷᠢᠮ ᠤᠨ ᠪᠠᠳᠤᠯᠠᠭ᠎ᠠ ᠲᠠᠢ | ᠪᠢᠴᠢᠭ ᠮᠠᠲ᠋ᠧᠷᠢᠶᠠᠯ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠦᠳᠡᠭᠡ ᠳᠤᠰᠬᠤᠨ ᠤ ᠠᠵᠢᠯ ᠤᠨ | ᠳᠦᠷᠢᠮ ᠳᠤᠭᠳᠠᠭᠠᠯ ᠢ ᠰᠤᠳᠤᠯᠤᠨ ᠳᠤᠭᠳᠠᠭᠠᠵᠤ᠂ ᠨᠠᠮ ᠠᠴᠠ ᠬᠦᠳᠡᠭᠡ ᠳᠤᠰᠬᠤᠨ ᠤ ᠠᠵᠢᠯ ᠢ ᠤᠳᠤᠷᠢᠳᠬᠤ | ᠤᠯᠠᠮᠵᠢᠯᠠᠯ᠂ ᠱᠠᠭᠠᠷᠳᠠᠯᠭ᠎ᠠ᠂ ᠳᠦᠷᠦ ᠶᠢᠨ ᠪᠤᠳᠤᠯᠭ᠎ᠠ ᠵᠡᠷᠭᠡ ᠶᠢ ᠨᠠᠮ ᠤᠨ ᠳᠤᠳᠤᠭᠠᠳᠤ ᠶᠢᠨ ᠬᠠᠤᠯᠢ ᠳᠦᠷᠢᠮ ᠤᠨ | ᠬᠡᠯᠪᠡᠷᠢ ᠪᠠᠷ ᠳᠤᠭᠳᠠᠭᠠᠵᠦ᠂ ᠤᠳᠤᠷᠢᠳᠤᠯᠭ᠎ᠠ ᠶᠢᠨ ᠪᠠᠶᠢᠭᠤᠯᠤᠮᠵᠢ ᠪᠠ ᠠᠵᠢᠯ ᠤᠨ ᠳᠤᠭᠳᠠᠴᠠ ᠶᠢ | ᠳᠡᠬᠦᠯᠳᠡᠷᠵᠢᠬᠦᠯᠵᠡᠢ᠃ | ● ᠨᠢᠬᠡ ᠪᠦᠯᠦᠭ ᠰᠢᠷᠢᠰ ᠴᠢᠬᠤᠯᠠ ᠪᠠᠶᠢᠯᠳᠤᠬᠤ ᠪᠤᠳᠤᠯᠭ᠎ᠠ᠂ ᠶᠡᠭᠡ ᠬᠦᠳᠡᠯᠭᠡᠭᠡᠨ ᠪᠠ ᠴᠢᠬᠤᠯᠠ ᠶᠡᠭᠡ | ᠢᠨᠵᠧᠨᠧᠷᠢᠩ ᠢᠶᠠᠷ ᠳᠤᠯᠭᠠᠭᠤᠷᠢᠯᠠᠵᠦ ᠪᠠᠶᠢᠨ᠎ᠠ | ᠤᠯᠤᠰ ᠤᠨ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠳᠦᠯᠦᠪᠵᠢᠬᠦᠯᠬᠡ | ᠂ ᠲᠤᠭᠠᠴᠢᠯᠠᠭᠰᠠᠨ ᠬᠦᠳᠡᠭᠡ ᠳᠤᠰᠬᠤᠨ ᠤ ᠪᠠᠶᠢᠯᠳᠤᠬᠤ ᠪᠤᠳᠤᠯᠭ᠎ᠠ ᠵᠡᠷᠭᠡ ᠶᠢ ᠳᠤᠭᠳᠠᠭᠠᠨ ᠭᠡᠷᠡᠭᠵᠢᠬᠦᠯᠵᠦ᠂ | ᠬᠦᠳᠡᠭᠡ ᠳᠤᠰᠬᠤᠨ ᠤ ᠬᠦᠮᠦᠨ ᠠᠮᠠ ᠶᠢᠨ ᠤᠷᠤᠰᠢᠨ ᠠᠮᠢᠳᠤᠷᠠᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ | ᠭᠤᠷᠪᠡᠨ ᠵᠢᠯ ᠤᠨ ᠳᠦᠯᠦᠪᠵᠢᠬᠦᠯᠬᠡ ᠶᠢ ᠭᠡᠷᠡᠭᠵᠢᠬᠦᠯᠵᠦ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠴᠤᠬᠢᠬᠤ ᠭᠤᠷᠪᠠᠨ ᠵᠢᠯ ᠤᠨ ᠠᠵᠢᠯᠯᠠᠭ᠎ᠠ ᠶᠢᠨ ᠵᠢᠯᠤᠭᠤᠳᠬᠤ | ᠰᠠᠨᠠᠯ ᠢ ᠳᠤᠭᠳᠠᠭᠠᠵᠦ᠂ ᠠᠵᠦ ᠦᠢᠯᠡᠰ ᠢᠶᠠᠷ ᠳᠤᠰᠬᠤᠨ ᠢᠶᠠᠨ ᠬᠦᠭᠵᠢᠬᠦᠯᠵᠦ ᠰᠢᠶᠠᠨ ᠢᠶᠠᠨ ᠬᠦᠴᠦᠷᠭᠡᠭᠵᠢᠬᠦᠯᠬᠦ | ᠠᠵᠢᠯᠯᠠᠭ᠎ᠠ ᠶᠢ ᠭᠡᠷᠡᠭᠵᠢᠬᠦᠯᠵᠦ᠂ ᠨᠢᠬᠡ ᠪᠦᠯᠦᠭ ᠴᠢᠬᠤᠯᠠ ᠶᠡᠭᠡ ᠦᠨᠳᠦᠷ ᠦᠷ᠎ᠠ ᠠᠰᠢᠬᠯᠠᠮᠵᠢ ᠲᠠᠢ ᠠᠷᠪᠢᠳᠠᠢ | ᠤᠰᠤᠯᠠᠯᠳᠠ ᠶᠢᠨ ᠢᠨᠵᠧᠨᠧᠷᠢᠩ ᠢ ᠪᠠᠶᠢᠭᠤᠯᠵᠦ᠂ ᠤᠶᠤᠨᠯᠢᠭ ᠲᠠᠷᠢᠶᠠᠯᠠᠩ᠂ ᠤᠢ ᠰᠢᠭᠤᠢ᠂ ᠤᠰᠤᠨ | ᠠᠰᠢᠬᠯᠠᠯᠳᠠ ᠶᠢᠨ ᠢᠨᠵᠧᠨᠧᠷᠢᠩ ᠢ ᠬᠦᠳᠡᠯᠭᠡᠵᠦ᠂ ᠰᠢᠯᠢᠳᠡᠭ ᠰᠠᠶᠢᠨ ᠲᠠᠷᠢᠶᠠᠯᠠᠬᠤ ᠰᠤᠶᠤᠯ ᠤᠨ ᠦᠪ ᠢ | ᠪᠦᠳᠦᠮᠵᠢᠳᠡᠢ ᠬᠠᠮᠠᠭᠠᠯᠠᠬᠤ ᠪᠤᠯᠤᠨ᠎ᠠ᠃ | ᠪᠦᠷᠢᠨ ᠳᠦᠬᠦᠷ ᠳᠦᠷᠢᠮ ᠤᠨ ᠴᠢᠨᠠᠷᠳᠠᠢ ᠬᠠᠩᠭᠠᠯᠭ᠎ᠠ ᠶᠢᠨ ᠪᠠᠳᠤᠯᠠᠭ᠎ᠠ ᠲᠠᠢ ᠪᠤᠯᠵᠠᠢ | ᠪᠢᠴᠢᠭ ᠮᠠᠲ᠋ᠧᠷᠢᠶᠠᠯ ᠨᠢ ᠬᠦᠳᠡᠭᠡ ᠳᠤᠰᠬᠤᠨ ᠤ ᠦᠨᠳᠦᠰᠦᠨ ᠡᠵᠡᠩᠨᠡᠯᠳᠡ ᠶᠢᠨ ᠳᠦᠷᠢᠮ ᠢ ᠪᠠᠳᠤᠳᠬᠠᠨ | ᠳᠡᠬᠦᠯᠳᠡᠷᠵᠢᠬᠦᠯᠬᠦ᠂ ᠲᠠᠷᠢᠶᠠᠯᠠᠩ ᠢ ᠳᠡᠮᠵᠢᠨ ᠬᠠᠮᠠᠭᠠᠯᠠᠬᠤ ᠳᠦᠷᠢᠮ ᠢ ᠳᠡᠬᠦᠯᠳᠡᠷᠵᠢᠬᠦᠯᠬᠦ᠂ ᠳᠤᠰᠬᠠᠢ ᠲᠠᠷᠢᠶᠠᠴᠢᠨ ᠤ | ᠳᠦᠷᠢᠮ ᠢ ᠪᠦᠬᠦ ᠲᠠᠯ᠎ᠠ ᠪᠠᠷ ᠳᠤᠭᠳᠠᠭᠠᠬᠤ᠂ ᠵᠠᠬ᠎ᠠ ᠳᠡᠯᠭᠡᠬᠦᠷᠴᠢᠯᠡᠭᠰᠡᠨ ᠤᠯᠠᠨ ᠡᠰᠢᠴᠢᠯᠡᠭᠰᠡᠨ ᠠᠮᠢ ᠠᠬᠤᠢ ᠶᠢᠨ | ᠨᠦᠬᠦᠪᠦᠷᠢ ᠱᠠᠩᠨᠠᠯ ᠤᠨ ᠳᠤᠭᠳᠠᠴᠠ ᠶᠢ ᠪᠠᠶᠢᠭᠤᠯᠬᠤ᠂ ᠦᠢᠯᠡᠳᠪᠦᠷᠢ ᠬᠤᠳᠠᠯᠳᠤᠭᠠᠨ ᠤ ᠬᠦᠷᠦᠩᠬᠡ ᠮᠦᠩᠬᠦ | ᠬᠦᠳᠡᠭᠡ ᠳᠤᠰᠬᠤᠨ ᠤ ᠬᠦᠭᠵᠢᠨ ᠮᠠᠨᠳᠤᠯᠳᠠ ᠳᠤ ᠤᠷᠤᠯᠴᠠᠬᠤ ᠶᠢ ᠵᠤᠷᠢᠭᠵᠢᠭᠤᠯᠬᠤ ᠵᠡᠷᠭᠡ ᠲᠠᠯ᠎ᠠ ᠪᠠᠷ ᠨᠢᠬᠡ | ᠪᠦᠯᠦᠭ ᠴᠢᠬᠤᠯᠠ ᠶᠡᠭᠡ ᠠᠷᠭ᠎ᠠ ᠪᠤᠳᠤᠯᠭ᠎ᠠ ᠪᠠ ᠳᠦᠷᠢᠮ ᠳᠤᠭᠳᠠᠭᠠᠯ ᠢ ᠪᠠᠶᠢᠷᠢᠯᠠᠭᠤᠯᠤᠭᠰᠠᠨ ᠪᠠᠶᠢᠨ᠎ᠠ᠃ | ᠨᠠᠮ ᠠᠴᠠ ︽ᠬᠦᠳᠡᠭᠡ ᠳᠤᠰᠬᠤᠨ ᠬᠦᠳᠡᠭᠡ ᠠᠵᠦ ᠠᠬᠤᠢ ᠲᠠᠷᠢᠶᠠᠴᠢᠨ︾ ᠤ ᠠᠵᠢᠯ ᠳᠠᠬᠢ | ᠤᠳᠤᠷᠢᠳᠤᠯᠭ᠎ᠠ ᠶᠢ ᠪᠠᠷᠢᠮᠳᠠᠯᠠᠨ ᠳᠡᠬᠦᠯᠳᠡᠷᠵᠢᠬᠦᠯᠦᠨ᠎ᠠ᠃ | ᠨᠠᠮ ᠤᠨ ᠬᠦᠳᠡᠭᠡ ᠳᠤᠰᠬᠤᠨ ᠤ ᠠᠵᠢᠯ ᠢ ᠤᠳᠤᠷᠢᠳᠬᠤ ᠪᠠᠶᠢᠭᠤᠯᠤᠮᠵᠢ ᠳᠤᠭᠳᠠᠴᠠ ᠶᠢᠨ ᠲᠠᠯ᠎ᠠ ᠪᠠᠷ | ᠪᠢᠴᠢᠭ ᠮᠠᠲ᠋ᠧᠷᠢᠶᠠᠯ ᠳᠤ ᠨᠢᠬᠡ ᠪᠦᠯᠦᠭ ᠰᠢᠨ᠎ᠠ ᠱᠠᠭᠠᠷᠳᠠᠯᠭ᠎ᠠ ᠳᠤᠷᠠᠳᠴᠠᠢ᠄ | ● ᠨᠠᠮ ᠤᠨ ᠬᠤᠷᠢᠶ᠎ᠠ ᠠᠴᠠ ᠨᠢᠬᠡᠳᠦᠯᠳᠡᠢ ᠤᠳᠤᠷᠢᠳᠴᠤ᠂ ᠵᠠᠰᠠᠭ ᠤᠨ ᠤᠷᠳᠤᠨ ᠠᠴᠠ ᠬᠠᠷᠢᠭᠤᠴᠠᠵᠦ᠂ | ᠨᠠᠮ ᠤᠨ ᠬᠤᠷᠢᠶ᠎ᠠ ᠶᠢᠨ ᠬᠦᠳᠡᠭᠡ ᠳᠤᠰᠬᠤᠨ ᠤ ᠠᠵᠢᠯ ᠤᠨ ᠪᠠᠶᠢᠭᠤᠯᠤᠯᠭ᠎ᠠ ᠨᠢᠭᠡᠴᠡ ᠠᠴᠠ ᠨᠢᠭᠡᠳᠦᠯᠳᠡᠢ | ᠳᠤᠬᠢᠷᠠᠭᠤᠯᠬᠤ ᠬᠦᠳᠡᠭᠡ ᠳᠤᠰᠬᠤᠨ ᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠦᠷᠢᠨᠰᠢᠬᠦᠯᠦᠨ᠎ᠠ᠃ | ● ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠤᠳᠤᠷᠢᠳᠤᠯᠭ᠎ᠠ ᠠᠴᠠ ᠬᠠᠷᠢᠭᠤᠴᠠᠯᠭ᠎ᠠ ᠡᠬᠦᠷᠭᠡᠯᠡᠬᠦ ᠳᠦᠷᠢᠮ ᠢ ᠳᠤᠭᠳᠠᠭᠠᠨ ᠭᠡᠷᠡᠭᠵᠢᠬᠦᠯᠵᠦ᠂ ᠳᠦᠪ ᠠᠴᠠ | ᠨᠢᠬᠡᠳᠦᠯᠳᠡᠢ ᠳᠦᠯᠦᠪᠵᠢᠬᠦᠯᠵᠦ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠬᠦᠷᠭᠡᠯᠡᠵᠦ ᠬᠤᠳᠠ ᠰᠢᠶᠠᠨ ᠠᠴᠠ | ᠪᠤᠳᠠᠳᠠᠢ ᠨᠠᠶᠢᠳᠠᠪᠤᠷᠢᠵᠢᠭᠤᠯᠬᠤ ᠠᠵᠢᠯ ᠤᠨ ᠳᠤᠭᠳᠠᠴᠠ ᠶᠢ ᠪᠠᠶᠢᠭᠤᠯᠤᠨ᠎ᠠ᠃ ᠨᠠᠮ ᠵᠠᠰᠠᠭ ᠤᠨ ᠨᠢᠬᠡᠳᠦᠭᠡᠷ ᠭᠠᠷ ᠪᠤᠯ | ᠨᠢᠬᠡᠳᠦᠭᠡᠷ ᠬᠠᠷᠢᠭᠤᠴᠠᠯᠭ᠎ᠠ ᠡᠬᠦᠷᠭᠡᠯᠡᠭᠴᠢ ᠪᠠᠶᠢᠵᠦ᠂ ᠲᠠᠪᠤᠨ ᠳᠡᠰ ᠤᠨ ᠱᠦᠵᠢ ᠨᠠᠷ ᠬᠦᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠢ ᠠᠳᠬᠤᠨ᠎ᠠ᠃ | ● ᠡᠯ᠎ᠠ ᠮᠤᠵᠢ ︵ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ︶ ᠶᠢᠨ ᠨᠠᠮ ᠤᠨ ᠬᠤᠷᠢᠶ᠎ᠠ | ᠃ | ᠵᠠᠰᠠᠭ ᠤᠨ ᠤᠷᠳᠤᠨ ᠵᠢᠯ ᠪᠦᠷᠢ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠳᠤ | ᠮᠡᠳᠡᠬᠦᠯᠦᠯᠳᠡ ᠬᠢᠵᠦ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠭᠡᠷᠡᠭᠵᠢᠬᠦᠯᠵᠦ ᠪᠠᠶᠢᠭ᠎ᠠ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠳᠡ ᠬᠢᠨ᠎ᠠ᠃ | ● ᠬᠤᠳᠠ ᠰᠢᠶᠠᠨ ᠤ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠬᠦᠳᠡᠭᠡ | ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠳᠦᠯᠬᠢᠨ ᠠᠬᠢᠭᠤᠯᠤᠭᠰᠠᠨ ᠪᠤᠳᠠᠳᠠᠢ ᠬᠢᠷᠢ | ᠪᠦᠳᠦᠮᠵᠢ ᠶᠢᠨ ᠰᠢᠯᠭᠠᠨ ᠪᠠᠶᠢᠴᠠᠭᠠᠬᠤ ᠳᠦᠷᠢᠮ ᠢ ᠪᠠᠶᠢᠭᠤᠯᠵᠦ᠂ ᠰᠢᠯᠭᠠᠨ ᠪᠠᠶᠢᠴᠠᠭᠠᠬᠤ ᠦᠷ᠎ᠠ ᠳ᠋ᠦᠩ ᠢᠶᠠᠷ | ᠤᠳᠤᠷᠢᠳᠬᠤ ᠺᠠᠳ᠋ᠷ ᠢ ᠳᠤᠮᠢᠯᠠᠨ ᠭᠡᠷᠡᠭᠯᠡᠬᠦ ᠴᠢᠬᠤᠯᠠ ᠪᠠᠷᠢᠮᠵᠢᠶ᠎ᠠ ᠪᠤᠯᠭᠠᠨ᠎ᠠ᠃ | |