ᠢᠤᠢ ᠴᠢᠤᠸᠠᠨ ᠲᠤᠭᠤᠷᠢᠭ ᠤᠨ ᠢᠳᠡᠭᠡᠨ ᠡᠮ ᠤᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ︽3.15︾ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2018-03-18
      ᠬᠠᠷᠢᠶᠠᠳᠤ ᠭᠠᠵᠠᠷ ᠤᠨ ᠬᠤᠳᠠᠯᠳᠤᠭᠠᠴᠢᠨ ᠡᠷᠦᠭᠡ ᠶᠢᠨ ᠦᠨᠡᠨᠴᠢ ᠢᠳᠡᠭᠡᠮᠵᠢᠲᠡᠢ ᠪᠠᠷ ᠡᠵᠡᠩᠨᠡᠬᠦ᠂ ᠬᠡᠷᠡᠭᠯᠡᠭᠴᠢ ᠶᠢᠨ ᠬᠠᠤᠯᠢ ᠶᠤᠰᠤᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢ ᠰᠠᠨᠠᠭᠠᠴᠢᠯᠠᠬᠤ ᠶᠢᠨ ᠲᠥᠯᠥᠭᠡ᠂3 ᠰᠠᠷ᠎ᠠ ᠶᠢᠨ15 ᠤ ᠦᠳᠡ ᠶᠢᠨ ᠡᠮᠦᠨ᠎ᠡ ᠢᠤᠢ ᠴᠢᠤᠸᠠᠨ ᠲᠤᠭᠤᠷᠢᠭ ᠤᠨ ᠢᠳᠡᠭᠡᠨ ᠡᠮ ᠤᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠪᠠ ᠲᠤᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ᠂ ᠲᠤᠭᠤᠷᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠲᠤᠪᠴᠢᠶ᠎ᠠ ᠵᠡᠷᠭᠡ ᠰᠠᠯᠪᠤᠷᠢ ᠬᠠᠮᠳᠤᠷᠠᠨ ᠬᠤᠩ ᠰᠢᠩ ᠮᠸᠢ ᠺᠠᠢ ᠯᠦᠩ ᠲᠠᠯᠠᠪᠠᠢ ᠳᠤ ︽3.15︾ ᠤ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ ᠲᠤᠰᠬᠠᠢ ᠰᠡᠳᠦᠪᠲᠦ ᠬᠠᠤᠯᠢ  ᠲᠥᠷᠢᠮ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃      ᠲᠤᠰ ᠠᠵᠢᠯᠯᠠᠭ᠎ᠠ ᠳᠤ᠂ᠲᠤᠭᠤᠷᠢᠭ ᠤᠨ ᠢᠳᠡᠭᠡᠨ ᠡᠮ ᠤᠨ ᠵᠦᠢᠯ ᠢ ᠬᠢᠨᠠᠨ ᠬᠠᠮᠢᠶᠠᠷᠬᠤ ᠲᠤᠪᠴᠢᠶ᠎ᠠ ᠶᠢᠨ ᠠᠵᠢᠯᠲᠠᠨ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠲᠡᠯᠭᠡᠨ ᠦᠵᠡᠭᠦᠯᠬᠦ ᠰᠠᠮᠪᠠᠷ᠎ᠠ ᠪᠠᠶᠢᠭᠤᠯᠵᠤ᠂ ︽ᠢᠳᠡᠭᠡᠨ ᠳᠤ ᠠᠮᠤᠷ ᠲᠦᠪᠰᠢᠨ ᠤ ᠮᠡᠳᠡᠯᠭᠡ︾᠂ ︽ᠢᠳᠡᠭᠡᠨ ᠤ ᠠᠶᠤᠯᠭᠦᠢ ᠶᠢᠨ ᠬᠠᠤᠯᠢ ᠶᠢᠨ ᠤᠬᠠᠭᠤᠯᠭ᠎ᠠ ᠶᠢᠨ ᠲᠡᠪᠳᠡᠷ︾ ᠵᠡᠷᠭᠡ ᠤᠬᠠᠭᠤᠯᠭ᠎ᠠ ᠶᠢᠨ ᠲᠡᠪᠳᠡᠷ ᠲᠠᠷᠬᠠᠭᠠᠬᠤ ᠵᠡᠷᠭᠡ ᠠᠷᠭ᠎ᠠ ᠠᠪᠴᠠᠯ ᠢᠶᠠᠷ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠪᠠ ᠬᠠᠮᠢᠶ᠎ᠠ ᠪᠦᠬᠦᠢ ᠬᠠᠤᠯᠢ ᠲᠤᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠪᠤᠲᠠᠲᠤ ᠵᠢᠱᠢᠶ᠎ᠡ ᠪᠠᠷ ᠬᠤᠳᠠᠯ ᠬᠠᠭᠤᠷᠮᠠᠭ ᠢᠳᠡᠭᠡᠨ ᠢ ᠢᠯᠭᠠᠬᠤ ᠠᠷᠭ᠎ᠠ ᠪᠠ ᠬᠠᠮᠢᠶ᠎ᠠ ᠪᠦᠬᠦᠢ ᠡᠷᠬᠡ ᠪᠠᠨ ᠬᠠᠮᠠᠭᠠᠯᠠᠬᠤ ᠤᠷ᠎ᠠ ᠴᠢᠳᠠᠪᠤᠷᠢ ᠶᠢᠨ ᠲᠤᠬᠠᠢ  ᠴᠢᠬᠤᠯᠠᠴᠢᠯᠠᠨ ᠲᠠᠶᠢᠯᠪᠤᠷᠢᠯᠠᠵᠠᠢ᠃      ᠡᠨᠡ ᠤᠳᠠᠭᠠᠨ ᠤ ︽3.15︾ ᠤ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠶᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠦᠳᠡᠯᠭᠡᠭᠡᠨ ᠢᠶᠠᠷ ᠲᠠᠮᠵᠢᠨ᠂ ᠬᠡᠷᠡᠭᠯᠡᠭᠴᠢᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠤᠰᠤᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠲᠠᠸᠠᠷ ᠢ ᠲᠤᠲᠤᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ᠨᠡᠶᠢᠭᠡᠮ ᠤᠨ ᠦᠷ᠎ᠡ ᠪᠦᠳᠦᠮᠵᠢ ᠨᠡᠯᠢᠶᠡᠳ ᠰᠠᠶᠢᠲᠠᠢ
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号