ᠡᠯ᠎ᠡ ᠭᠠᠵᠠᠷ ᠤᠨ ᠣᠯᠠᠨ ᠲᠦᠮᠡᠨ ᠰᠣᠩᠭᠤᠭᠤᠯᠢ ᠶᠢᠨ ᠳ᠋ᠦᠩ ᠢ ᠶᠡᠭᠡ ᠪᠠᠷ ᠮᠠᠭᠲᠠᠨ ᠰᠠᠶᠢᠰᠢᠶᠠᠵᠤ ᠪᠠᠶᠢᠨ᠎ᠠ
ᠨᠡᠶᠢᠲᠡᠯᠡᠭᠰᠡᠨ ᠴᠠᠭ᠄
2018-03-19
      ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 3 ᠳ᠋ᠤᠭᠠᠷ ᠰᠠᠷ᠎ᠠ ᠶᠢᠨ 18 ᠤ ᠡᠳᠦᠷ  ᠤᠨ ᠮᠡᠳᠡᠭᠡ᠄      ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ 17 ᠤ ᠦᠳᠡ ᠶᠢᠨ ᠡᠮᠦᠨ᠎ᠡ ᠰᠢ ᠶᠢᠨ ᠫᠢᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠰᠠᠨ ᠪᠠᠶᠢᠨ᠎ᠠ᠃ᠡᠯ᠎ᠡ ᠭᠠᠵᠠᠷ ᠤᠨ ᠣᠯᠠᠨ ᠲᠦᠮᠡᠨ ᠰᠣᠩᠭᠤᠭᠤᠯᠢ ᠶᠢᠨ ᠳ᠋ᠦᠩ ᠢ ᠶᠡᠭᠡ ᠪᠠᠷ ᠮᠠᠭᠲᠠᠨ ᠰᠠᠶᠢᠰᠢᠶᠠᠵᠤ᠂ ᠰᠢᠨ᠎ᠡ ᠨᠢᠭᠡ ᠬᠤᠭᠤᠴᠠᠭᠠᠨ ᠤ ᠤᠯᠤᠰ ᠤᠨ ᠤᠳᠤᠷᠢᠳᠬᠤ ᠬᠥᠮᠥᠨ ᠤ ᠳᠠᠭᠠᠭᠤᠯᠤᠭ᠎ᠠ ᠳᠣᠣᠷ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠲᠤᠤᠱᠲᠠᠢ ᠪᠠᠶᠢᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ ᠶᠢ ᠬᠠᠷᠠᠭᠤᠯᠤᠭᠰᠠᠨ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠬᠦ ᠶᠢᠨ ᠲᠥᠯᠥᠭᠡ ᠴᠤᠴᠠᠯᠲᠠ ᠦᠭᠡᠢ ᠴᠢᠷᠮᠠᠶᠢᠨ᠎ᠠ ᠭᠡᠵᠦ ᠢᠯᠡᠷᠬᠡᠶᠢᠯᠡᠵᠡᠭᠡᠭᠰᠡᠨ ᠪᠠᠶᠢᠨ᠎ᠠ᠃      ᠰᠢᠶᠠᠩᠭᠠᠩ ᠣᠣᠮᠧᠨ ᠤ ᠡᠯ᠎ᠡ ᠡᠲᠡᠭᠡᠳ ᠤᠨ ᠵᠢᠳᠬᠦᠯᠲᠡᠳ ᠢᠯᠡᠷᠬᠡᠶᠢᠯᠡᠬᠦ ᠳᠡᠭᠡᠨ᠂ ᠲᠡᠷᠢᠭᠦᠯᠡᠭᠴᠢ ᠰᠢ ᠶᠢᠨ ᠫᠢᠩ ᠤᠯᠤᠰ ᠣᠷᠣᠨ ᠢᠶᠠᠨ ᠳᠠᠭᠠᠭᠤᠯᠵᠤ ᠨᠡᠩ ᠶᠡᠭᠡ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠳᠤ ᠠᠭᠤᠤ ᠶᠡᠭᠡ ᠳᠤᠮᠳᠠᠳᠤ ᠤᠯᠤᠰ ᠤᠨ ᠬᠦᠰᠡᠯ ᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠳᠡᠶᠢᠯᠬᠦ ᠶᠢ ᠢᠲᠡᠭᠡᠵᠦ ᠪᠠᠶᠢᠨ᠎ᠠ ᠭᠡᠵᠡᠢ᠃ᠨᠠᠶᠢᠷᠠᠭᠤᠯᠤᠭᠴᠢ ᠬᠠᠰᠲᠠᠨ᠎ᠠ᠂ ᠬᠢᠨᠠᠭᠴᠢ ᠭᠡᠷᠡᠯᠲᠤᠶᠠᠭ᠎ᠠ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号