ᠳᠤᠮᠳᠠᠳᠤ ᠮᠤᠩᠭᠤᠯ ᠤᠷᠤᠰ ᠤᠨ ᠮᠤᠩᠭᠤᠯ ᠪᠦᠭᠡ ᠶᠢᠨ ᠪᠠᠷᠢᠯᠳᠤᠭᠠᠨ ᠪᠤᠯᠤᠯ᠎ᠠ
ᠨᠡᠶᠢᠲᠡᠯᠡᠭᠰᠡᠨ ᠴᠠᠭ᠄
2018-03-19
      ︽ᠰᠦᠯᠳᠡ︾ ᠬᠤᠨᠳᠠᠭᠠᠳᠤ ᠳᠤᠮᠳᠠᠳᠤ ᠮᠤᠩᠭᠤᠯ ᠤᠷᠤᠰ ᠤᠨ ᠮᠤᠩᠭᠤᠯ ᠪᠦᠭᠡ ᠶᠢᠨ ᠪᠠᠷᠢᠯᠳᠤᠭᠠᠨ 3 ᠳ᠋ᠤᠭᠠᠷ ᠰᠠᠷ᠎ᠠ ᠶᠢᠨ 15 ᠤ ᠡᠳᠦᠷ ᠡᠷᠢᠶᠡᠨ ᠬᠤᠳᠠ ᠳᠤ ᠪᠤᠯᠤᠯ᠎ᠠ᠃      ᠤᠷᠤᠯᠳᠤᠭᠠᠨ ᠳᠤ ᠳᠠᠯᠠᠢ ᠠᠪᠤᠷᠭᠤ ᠮᠢ᠊ · ᠰᠤᠶᠤᠯ᠂ ᠴᠠᠭᠠᠨᠵᠠᠭᠠᠨ᠂ ᠠᠪᠤᠷᠭᠤ ᠪᠠᠶᠠᠷᠪᠠᠭᠠᠳᠤᠷ ᠵᠡᠷᠭᠡ ᠬᠦᠴᠦᠳᠡᠨ ᠠᠴᠠ ᠭᠠᠳᠠᠨ᠎ᠠ᠂ ᠮᠤᠩᠭᠤᠯ ᠤᠯᠤᠰ ᠤᠨ ᠤᠯᠤᠰ ᠤᠨ ᠠᠷᠰᠯᠠᠨ ᠪᠠᠳᠤᠰᠠᠭᠤᠷᠢ᠂ ᠤᠯᠤᠰ ᠤᠨ ᠵᠠᠭᠠᠨ ᠫᠦᠷᠪᠦᠰᠠᠶᠢᠬᠠᠨ᠂ ᠤᠯᠤᠰ ᠤᠨ ᠬᠠᠷᠴᠠᠭᠠᠢ ᠪᠠᠳᠤᠵᠠᠶᠠᠭ᠎ᠠ᠂ ᠬᠠᠩᠭᠠᠢ᠂ ᠤᠯᠤᠰ ᠤᠨ ᠨᠠᠴᠢᠨ ᠠᠮᠤᠷᠵᠠᠶᠠᠭ᠎ᠠ ᠵᠡᠷᠭᠡ 18 ᠪᠦᠭᠡᠴᠢᠨ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠳᠤᠸᠠ ᠤᠯᠤᠰ ᠤᠨ 2 ᠪᠦᠭᠡ ᠤᠷᠢᠯᠭ᠎ᠠ  ᠪᠠᠷ ᠤᠷᠤᠯᠴᠠᠵᠦ᠂ ᠨᠡᠶᠢᠳᠡ 256 ᠪᠦᠭᠡ ᠵᠤᠳᠤᠭᠯᠠᠭᠰᠠᠨ ᠪᠠᠶᠢᠨ᠎ᠠ᠃ᠤᠷᠤᠯᠳᠤᠭᠠᠨ ᠢ ᠡᠷᠢᠶᠡᠨ ᠬᠤᠳᠠ ᠶᠢᠨ ᠰᠤᠶᠤᠯ ᠲᠠᠮᠢᠷ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠳᠤᠪᠴᠢᠶ᠎ᠠ᠂ ᠡᠷᠢᠶᠡᠨ ᠬᠤᠳᠠ ᠶᠢᠨ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ    ᠳᠤᠪᠴᠢᠶ᠎ᠠ ᠡᠷᠬᠢᠯᠡᠵᠦ᠂ ᠡᠷᠢᠶᠡᠨ ᠬᠤᠳᠠ ᠶᠢᠨ ᠰᠦᠯᠳᠡ ᠪᠦᠭᠡ ᠶᠢᠨ ᠨᠡᠶᠢᠬᠡᠮᠯᠢᠭ ᠬᠠᠷᠢᠭᠤᠴᠠᠨ ᠵᠤᠬᠢᠶᠠᠨ ᠪᠠᠶᠢᠭᠤᠯᠤᠭᠰᠠᠨ ᠶᠤᠮ᠃      ᠡᠨᠡ ᠤᠳᠠᠭ᠎ᠠ ᠵᠤᠬᠢᠶᠠᠨ ᠪᠠᠶᠢᠭᠤᠯᠤᠭᠴᠢ ᠨᠢᠭᠡᠴᠡ ᠶᠢᠨ ᠬᠢᠨ ᠪᠠᠰᠠ ᠡᠷᠢᠶᠡᠨ ᠬᠤᠳᠠ ᠶᠢᠨ ᠮᠤᠩᠭᠤᠯ ᠪᠠᠭ᠎ᠠ ᠰᠤᠷᠭᠠᠭᠤᠯᠢ ᠶᠢᠨ ᠰᠤᠷᠤᠯᠭ᠎ᠠ ᠬᠢᠴᠢᠶᠡᠯ ᠳᠤ ᠪᠠᠨ ᠴᠢᠷᠮᠠᠶᠢᠯᠳᠠ ᠲᠠᠢ ᠭᠤᠷᠪᠠᠨ ᠰᠠᠶᠢᠨᠳᠠᠢ ᠰᠤᠷᠤᠭᠴᠢ ᠶᠢ ᠤᠷᠮᠠᠰᠢᠭᠤᠯᠤᠨ ᠱᠠᠩᠨᠠᠭᠰᠠᠨ ᠪᠠᠶᠢᠨ᠎ᠠ᠃      ᠰᠤᠳᠤᠨ ᠪᠥᠬᠡᠴᠢᠳ ᠤᠨ ᠬᠦᠴᠦ ᠰᠤᠴᠢᠭᠰᠠᠨ ᠡᠨᠡᠬᠦ ᠪᠠᠷᠢᠯᠳᠤᠭᠠᠨ ᠳᠤ ᠵᠡᠬᠦᠨ ᠦᠵᠦᠮᠦᠴᠢᠨ ᠤ ᠴᠢᠬᠢᠷᠠᠭ ᠲᠡᠷᠢᠬᠦᠯᠡᠵᠦ᠂ ᠵᠡᠬᠦᠨ ᠦᠵᠦᠮᠦᠴᠢᠨ ᠤ ᠪᠠᠶᠠᠷᠪᠠᠭᠠᠳᠤᠷ ᠳᠡᠳ᠋ᠯᠡᠵᠡᠢ᠃     ᠰᠦᠯᠳᠡ ᠪᠦᠭᠡ ᠶᠢᠨ ᠨᠡᠶᠢᠬᠡᠮᠯᠢᠭ ᠤᠨ ᠪᠠᠶᠢᠩᠭᠤ ᠶᠢᠨ ᠳᠡᠳ᠋ ᠲᠡᠷᠢᠬᠦᠯᠡᠭᠴᠢ ᠬᠦᠮᠦᠵᠢᠯᠳᠤ᠂ ᠮᠤᠩᠭᠤᠯ ᠤᠯᠤᠰ  ᠤᠨ ᠤᠯᠤᠰ ᠤᠨ ᠠᠷᠰᠯᠠᠨ ᠪᠠᠳᠤᠰᠠᠭᠤᠷᠢ᠂ ᠨᠠᠭᠠᠳᠤᠮᠴᠢᠨ ᠭᠤ · ᠭᠠᠷᠮ᠎ᠠ ᠨᠠᠷ ᠰᠤᠷᠪᠤᠯᠵᠢᠯᠠᠭ᠎ᠠ ᠬᠦᠯᠢᠶᠡᠯ᠎ᠡ᠃ ︵ᠰᠢᠩᠭᠡᠭᠡᠯᠲᠡ ᠨᠢ ᠡᠬᠢᠨ ᠳᠤ ᠪᠣᠢ︶ᠳᠡᠭᠡᠲᠦ ᠨᠠᠢᠮᠠ᠄1. ᠴᠢᠬᠢᠷᠠᠭ ︵ᠵᠡᠬᠦᠨ ᠦᠵᠦᠮᠦᠴᠢᠨ︶ 2. ᠪᠠᠶᠠᠷᠪᠠᠭᠠᠳᠤᠷ ︵ᠵᠡᠬᠦᠨ ᠦᠵᠦᠮᠦᠴᠢᠨ︶3. ᠴᠠᠭᠠᠨᠵᠠᠭᠠᠨ ︵ᠪᠠᠷᠠᠭᠤᠨ ᠦᠵᠦᠮᠦᠴᠢᠨ︶4. ᠮᠤᠩᠭᠤᠯ ᠤᠯᠤᠰ ᠤᠨ ᠬᠠᠷᠴᠠᠭᠠᠢ ᠬᠠᠩᠭᠠᠢ5. ᠪᠦᠷᠢᠨᠰᠠᠶᠢᠨ ︵ᠰᠢᠯᠤᠭᠤᠨ ᠴᠠᠭᠠᠨ ᠬᠤᠰᠢᠭᠤ︶6. ᠴᠢᠳᠠᠷᠪᠠᠯ ︵ᠠᠪᠠᠭ᠎ᠠ ᠬᠤᠰᠢᠭᠤ︶7. ᠮᠤᠩᠭᠤᠯ ᠤᠯᠤᠰ ᠤᠨ ᠬᠠᠷᠴᠠᠭᠠᠢ ᠪᠠᠳᠤᠠᠦ᠋ᠯᠵᠡᠢ8. ᠠᠯᠳᠠᠠᠳᠤᠭᠤᠯᠠᠭ᠎ᠠ ︵ᠠᠪᠠᠭ᠎ᠠ ᠬᠤᠰᠢᠭᠤ︶︵ᠳᠠᠯ᠎ᠠ ᠶᠢᠨ ᠳᠠᠭᠤ ᠬᠤᠭᠤᠯᠠᠢ ᠷᠠᠳᠢᠤ᠋ ᠶᠢᠨ ᠰᠤᠷᠪᠤᠯᠵᠢᠯᠠᠭᠴᠢ ᠪᠦᠭᠡ᠂ ᠬᠦᠦᠳᠡᠭᠦᠦᠲᠦ᠂ ᠡᠷᠢᠶᠡᠨ ᠬᠤᠳᠠ ᠶᠢᠨ ᠷᠠᠳᠢᠤ᠋ ᠲᠧᠯᠸᠢᠰ ᠬᠤᠷᠢᠶᠠᠨ ᠤ ᠰᠤᠷᠪᠤᠯᠵᠢᠯᠠᠭᠴᠢ ᠪᠦᠷᠢᠩᠭᠤᠸ᠎ᠠ ᠮᠡᠳᠡᠭᠡᠯᠡᠪᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠥᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号