ᠠᠷᠠᠳ ᠲᠤ ᠳᠥᠭᠦᠮ ᠦᠵᠡᠭᠦᠯᠬᠦ ᠲᠡᠷᠭᠡᠨ ᠵᠣᠭᠰᠣᠭᠠᠯ ᠰᠢᠨ᠎ᠡ ᠬᠡᠯᠪᠡᠷᠢ ᠮᠠᠶ᠋ᠢᠭ ᠭᠠᠷᠭᠠᠪᠠ
ᠨᠡᠶᠢᠲᠡᠯᠡᠭᠰᠡᠨ ᠴᠠᠭ᠄
2018-03-19
      《 ᠲᠡᠷᠭᠡ ᠵᠣᠭᠰᠣᠬᠤ ᠳᠤ ᠪᠡᠷᠬᠡᠲᠡᠶ 》 ᠠᠰᠠᠭᠤᠳᠠᠯ ᠢ ᠨᠠᠮᠳᠠᠭᠤᠯᠬᠤ ᠳᠤ᠂ ᠤᠯᠠᠭᠠᠨᠴᠠᠪ ᠬᠤᠲᠠ ᠨᠢᠭᠡ ᠲᠠᠯ᠎ᠠ ᠪᠠᠷ ᠶᠡᠬᠡᠪᠡᠷ ᠴᠡᠭᠴᠡᠯᠡᠨ ᠵᠠᠰᠠᠵᠤ᠂ ᠲᠡᠷᠭᠡ ᠬᠥᠰᠬᠡ ᠳᠤᠷ᠎ᠠ ᠪᠠᠷ ᠢᠶᠠᠨ ᠵᠣᠭᠰᠣᠬᠤ ᠪᠠ ᠳᠤᠷ᠎ᠠ ᠪᠠᠷ ᠢᠶᠠᠨ ᠲᠠᠯᠪᠢᠬᠤ ᠦᠵᠡᠭᠳᠡᠯ᠂ ᠬᠠᠤᠯᠢ ᠶᠢ ᠵᠥᠷᠢᠴᠡᠨ ᠲᠡᠷᠭᠡ ᠵᠣᠭᠰᠣᠬᠤ ᠦᠢᠯᠡ ᠠᠵᠢᠯᠯᠠᠭ᠎ᠠ  ᠶᠢ 《 ᠥᠴᠦᠬᠡᠨ ᠴᠦ ᠥᠯᠥ ᠬᠦᠯᠢᠴᠡᠬᠦ 》ᠤᠪᠤᠷ ᠠᠪᠤᠪᠠ᠃ ; ᠨᠦᠬᠦᠭᠡ ᠲᠠᠯ᠎ᠠ ᠪᠠᠷ 《 ᠰᠢᠨᠵᠢᠯᠡᠬᠦ ᠤᠬᠠᠭᠠᠨ᠂ ᠳᠦᠷᠢᠮᠵᠢᠯ , ᠴᠢᠬᠤᠯᠠ ᠬᠡᠷᠡᠭᠴᠡᠭᠡ 》 ᠶᠢᠨ ᠵᠠᠷᠴᠢᠮ ᠢ ᠦᠨᠳᠦᠰᠦᠯᠡᠨ᠂ 《 ᠲᠡᠷᠭᠡᠨ ᠵᠣᠭᠰᠣᠭᠠᠯ 》᠂ 《 ᠲᠡᠷᠭᠡ ᠵᠣᠭᠰᠣᠬᠤ ᠳᠤ ᠪᠡᠷᠬᠡᠲᠡᠶ ᠠᠰᠠᠭᠤᠳᠠᠯ 》 ᠢ ᠨᠡᠮᠡᠵᠦ ᠲᠤᠬᠢᠷᠠᠭᠤᠯᠤᠭᠰᠠᠨ ᠪᠠᠶᠢᠨ᠎ᠠ᠃ ᠦᠢᠷ᠎ᠠ ᠶᠢᠨ ᠡᠳᠦᠷ᠂ ᠲᠩᠷᠢ ᠲᠤᠯᠠᠭᠠᠷᠠᠵᠤ ᠭᠠᠵᠠᠷ ᠬᠡᠰᠦᠭᠰᠡᠨ  ᠠᠴᠠ᠂ ᠭᠠᠵᠠᠷ ᠳᠡᠭᠡᠷᠡᠬᠢ ᠲᠡᠷᠭᠡᠨ ᠵᠣᠭᠰᠣᠭᠠᠯ  ᠢ ᠵᠢᠷᠤᠵᠤ ᠭᠠᠷᠭᠠᠬᠤ ᠠᠵᠢᠯ ᠴᠤ ᠪᠦᠬᠦ ᠲᠠᠯ᠎ᠠ ᠪᠠᠷ ᠡᠬᠢᠯᠡᠵᠡᠶ᠃      ᠬᠠᠮᠢᠶᠠᠷᠤᠯᠲᠠ  ᠶᠢᠨ ᠬᠠᠤᠯᠢ ᠬᠡᠷᠡᠭᠵᠢᠭᠦᠯᠬᠦ ᠲᠣᠪᠴᠢᠶ᠎ᠠ  ᠶᠢᠨ ᠬᠢᠨᠠᠨ ᠪᠠᠶᠢᠴᠠᠭᠠᠬᠤ ᠨᠢᠬᠡᠳᠦᠬᠡᠷ ᠪᠠᠷᠢᠭᠠᠳᠠ ᠶᠢᠨ ᠳᠥᠷᠪᠡᠳᠦᠭᠡᠷ ᠶᠡᠭᠡ ᠠᠩᠭᠢ ᠶᠢᠨ ᠳᠠᠷᠤᠭ᠎ᠠ ᠴᠢ ᠵᠧᠨ  ᠤᠨ ᠲᠠᠨᠢᠯᠴᠠᠭᠤᠯᠤᠭᠰᠠᠨ  ᠢᠶᠠᠷ᠂ ᠰᠢᠨ᠎ᠡ ᠵᠠᠰᠠᠭᠰᠠᠨ ᠡᠳᠡᠬᠡᠷ ᠲᠡᠷᠭᠡᠨ ᠵᠣᠭᠰᠣᠭᠠᠯ  ᠨᠢ᠂ ᠶᠠᠩᠵᠤ ᠬᠡᠯᠪᠡᠷᠢ ᠳᠡᠭᠡᠷ᠎ᠡ  ᠪᠠᠨ ᠪᠠᠭ᠋ᠠᠨ ᠦᠬᠡᠷᠡᠴᠢᠯᠡᠯᠳᠡ ᠬᠢᠵᠦ ᠤᠯᠠᠮ ᠭᠤᠶᠢᠳᠠ ᠪᠤᠯᠭᠠᠭᠰᠠᠨ  ᠠᠴᠠ ᠭᠠᠳᠠᠨ᠎ᠠ᠂ ᠵᠢᠷᠤᠬᠤ ᠪᠠᠷᠢᠮᠵᠢᠶ᠎ᠠ  ᠪᠠᠨ ᠪᠠᠰᠠ ᠪᠠᠭ᠋ᠠᠨ ᠳᠡᠭᠡᠭᠰᠢᠯᠡᠵᠦ᠂ ᠲᠡᠷᠭᠡᠨ ᠵᠣᠭᠰᠣᠭᠠᠯ  ᠤᠨ ᠥᠷᠭᠡᠡ ᠪᠣᠯᠤᠨ ᠤᠷᠲᠤ  ᠨᠢ ᠴᠥᠮ ᠤᠷᠢᠳᠤ ᠶᠢᠨ ᠪᠠᠷᠢᠮᠵᠢᠶ᠎ᠠ  ᠠᠴᠠ 20 ᠰᠠᠨᠲ᠋ᠢᠮᠧᠲᠷ ᠣᠷᠴᠢᠮ ᠨᠡᠮᠡᠭᠳᠡᠪᠡ᠂ ᠳᠤᠮᠳᠠ ᠬᠡᠯᠪᠡᠷᠢ ᠶᠢᠨ ᠬᠡᠬᠡᠷᠡᠯᠡᠬᠦ ᠲᠡᠷᠬᠡ ᠴᠦ ᠠᠭᠤᠵᠢᠭᠤᠬᠠᠨ ᠤᠷᠤᠵᠤ ᠪᠠᠭᠳᠠᠬᠤ ᠪᠤᠯᠵᠠᠢ᠃ ᠡᠭᠦᠨ ᠠᠴᠠ ᠭᠠᠳᠠᠨ᠎ᠠ᠂ ᠪᠠᠰᠠ ᠬᠤᠳᠠᠯᠳᠤᠭᠠᠨ ᠤ ᠠᠰᠠᠷ ᠤᠨ ᠰᠠᠭᠠᠳ ᠦᠭᠡᠢ ᠨᠡᠪᠲᠡᠷᠡᠬᠦ ᠵᠠᠮ ᠤᠨ ᠣᠶᠢᠷᠠᠯᠴᠠᠭ᠎ᠠ ᠲᠤᠰᠬᠠᠶ ᠬᠡᠷᠡᠭᠯᠡᠬᠦ ᠲᠡᠷᠭᠡᠨ ᠵᠣᠭᠰᠣᠭᠠᠯ ᠲᠤᠬᠢᠷᠠᠭᠤᠯᠪᠠ᠃     ᠵᠢᠷᠤᠬᠤ ᠶᠠᠪᠤᠴᠠ ᠳᠤ᠂ ᠨᠢᠭᠡᠨᠲᠡ ᠵᠣᠭᠰᠣᠭᠠᠭᠰᠠᠨ ᠲᠡᠷᠭᠡ ᠬᠥᠰᠬᠡ  ᠳᠤ ᠴᠢᠭᠯᠡᠬᠦᠯᠦᠨ᠂ ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠲᠡᠷᠭᠡ ᠰᠢᠯᠵᠢᠬᠦᠯᠬᠦ ᠲᠤᠰᠬᠠᠢ ᠲᠥᠬᠦᠭᠡᠷᠦᠮᠵᠢ ᠶᠢ ᠪᠡᠯᠡᠳᠬᠡᠨ᠂ ᠤᠲᠠᠰᠤ  ᠪᠠᠷ ᠡᠵᠡᠨ  ᠤ ᠬᠢᠨᠢ ᠵᠥᠪᠰᠢᠶᠡᠷᠡᠯ ᠢ ᠣᠯᠤᠭᠰᠠᠨ ᠤ ᠳᠠᠷᠠᠭ᠎ᠠ᠂ ᠲᠡᠷᠭᠡ  ᠶᠢ  ᠨᠢ ᠲᠦᠷ ᠰᠢᠯᠵᠢᠬᠦᠯᠦᠨ᠂ ᠲᠡᠷᠭᠡᠨ ᠵᠣᠭᠰᠣᠭᠠᠯ  ᠢ ᠵᠢᠷᠤᠵᠤ ᠳᠠᠭᠤᠰᠬᠠᠭᠰᠠᠨ ᠤ ᠳᠠᠷᠠᠭ᠎ᠠ ᠲᠡᠷᠬᠡ  ᠶᠢ  ᠨᠢ ᠤᠭ ᠤᠷᠤᠨ  ᠳᠤ  ᠨᠢ ᠪᠤᠴᠠᠭᠠᠨ ᠲᠠᠯᠪᠢᠭᠰᠠᠨ  ᠠᠴᠠ ᠲᠡᠷᠭᠡᠨ ᠡᠵᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠵᠢᠷᠤᠵᠤ ᠲᠦᠯᠦᠪᠯᠡᠬᠡᠳ ᠪᠠᠷᠠᠬᠤ ᠤᠢᠢᠷᠠᠳᠤᠭᠰᠠᠨ ᠲᠡᠷᠬᠡᠨ ᠵᠤᠭᠰᠤᠭᠠᠯ  ᠳᠤ᠂ ᠲᠡᠷᠭᠡ ᠤᠨᠤᠭ᠎ᠠ ᠴᠤ ᠲᠠᠯᠪᠢᠭᠰᠠᠨ  ᠨᠢ ᠨᠢᠭᠡᠨ ᠵᠢᠭᠳᠡ᠂ ᠭᠤᠶᠣ ᠰᠠᠶᠢᠬᠠᠨ᠃ ᠲᠡᠷᠭᠡᠨ ᠵᠣᠭᠰᠣᠭᠠᠯ  ᠤᠨ ᠵᠡᠭᠦᠨ ᠪᠠᠷᠠᠭᠤᠨ ᠲᠠᠯ᠎ᠠ  ᠶᠢᠨ ᠤᠷᠤᠴᠠ ᠭᠠᠷᠤᠴᠠ  ᠶᠢᠨ ᠭᠠᠵᠠᠷ  ᠲᠤ᠂《 ᠣᠯᠠᠨ ᠨᠡᠶᠢᠲᠡ ᠶᠢᠨ ᠲᠡᠷᠭᠡᠨ ᠵᠣᠭᠰᠣᠭᠠᠯ 》᠂ 《 ᠰᠦᠢᠳᠬᠡᠯ ᠦᠬᠡᠢ ᠲᠡᠷᠬᠡᠨ ᠵᠤᠭᠰᠤᠭᠠᠯ 》᠂ ᠢᠯᠡᠴᠢᠯᠡᠨ ᠮᠡᠳᠡᠬᠦᠯᠬᠦ ᠤᠳᠠᠰᠤ 110᠂ ᠬᠤᠳᠠ ᠶᠢᠨ ᠬᠠᠮᠢᠶᠠᠷᠤᠯᠲᠠ ᠶᠢᠨ ᠤᠲᠠᠰᠤ12319 ᠭᠡᠰᠡᠨ ᠦᠰᠦᠭ  ᠤᠳ ᠢᠯᠡ ᠲᠤᠳᠤ ᠬᠠᠷᠠᠭᠳᠠᠵᠤ᠂ ᠰᠦᠢᠳᠬᠡᠯ ᠬᠤᠷᠢᠶᠠᠬᠤ ᠦᠬᠡᠢ  ᠪᠠᠷ ᠲᠡᠷᠬᠡ ᠵᠤᠭᠰᠤᠬᠤ ᠪᠠ ᠠᠷᠠᠳ ᠲᠤ ᠳᠥᠭᠦᠮ ᠦᠵᠡᠭᠦᠯᠬᠦ ᠰᠢᠨᠵᠢ ᠴᠢᠨᠠᠷ  ᠨᠢ ᠲᠣᠳᠣᠷᠬᠠᠶ ᠮᠡᠳᠡᠭᠳᠡᠨ᠎ᠡ᠃      ᠴᠢ ᠵᠧᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠤᠰ ᠲᠤᠭᠤᠷᠢᠭ  ᠨᠢ ᠵᠡᠬᠦᠨ ᠭᠠᠯᠳᠤ ᠲᠡᠷᠬᠡᠨ ᠤ ᠦᠷᠳᠡᠬᠡᠨ  ᠠᠴᠠ ᠪᠠᠷᠤᠭ 500 ᠮᠧᠲᠷ ᠵᠠᠶᠢᠳᠡᠢ᠂ ᠰᠢᠨ᠎ᠡ ᠵᠢᠷᠤᠵᠤ ᠲᠤᠪᠯᠠᠭᠰᠠᠨ ᠲᠡᠷᠬᠡᠨ ᠵᠤᠭᠰᠤᠭᠠᠯ ᠪᠠᠷᠤᠭ 140 ᠪᠤᠢ᠂ ᠡᠶᠢᠮᠦ  ᠠᠴᠠ ᠵᠡᠬᠦᠨ ᠭᠠᠯ ᠲᠡᠷᠬᠡᠨ ᠦᠷᠳᠡᠬᠡᠨ  ᠤ ᠤᠢᠢᠷᠠᠯᠴᠠᠭ᠎ᠠ ᠲᠡᠷᠬᠡ ᠵᠣᠭᠰᠣᠬᠤ ᠳᠤ ᠪᠡᠷᠬᠡ ᠠᠰᠠᠭᠤᠳᠠᠯ  ᠢ ᠨᠠᠮᠳᠠᠭᠤᠯᠵᠤ ᠴᠢᠳᠠᠨ᠎ᠠ᠃ ᠲᠡᠷᠠᠭ᠎ᠠ ᠠᠯᠬᠤᠮ ᠳᠤ , ᠬᠤᠳᠠ ᠶᠢᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠪᠠᠰᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ  ᠲᠠᠢ ᠬᠠᠮᠳᠤᠷᠠᠨ᠂ ᠬᠤᠲᠠ  ᠶᠢᠨ ᠲᠣᠭᠤᠷᠢᠭ ᠲᠠᠬᠢ ᠪᠤᠰᠤᠳ ᠵᠠᠮ ᠢ ᠪᠠᠶᠢᠴᠠᠭᠠᠨ᠂ᠵᠢᠷᠤᠵᠤ ᠪᠤᠯᠤᠮᠠᠷ ᠭᠠᠵᠠᠷ  ᠢ ᠴᠢᠳᠠᠬᠤ  ᠶᠢᠨ ᠴᠢᠨᠡᠭᠡ  ᠪᠠᠷ ᠵᠢᠷᠤᠵᠤ᠂ ᠬᠤᠳᠠ ᠶᠢᠨ ᠲᠣᠭᠤᠷᠢᠭ ᠤᠨ ᠲᠡᠷᠭᠡᠨ ᠵᠣᠭᠰᠣᠭᠠᠯ ᠭᠠᠷᠭᠠᠵᠤ ᠲᠡᠶᠢᠯᠬᠦ ᠠᠯᠢᠪᠠ ᠲᠠᠯᠳᠠ ᠬᠦᠴᠦᠨ  ᠢ ᠬᠠᠮᠤᠭ ᠶᠡᠭᠡ  ᠪᠠᠷ ᠨᠡᠬᠡᠬᠡᠵᠤ᠂ ᠪᠦᠬᠦ ᠬᠦᠴᠦ ᠪᠠᠷ ᠢᠶᠠᠨ ᠲᠡᠷᠬᠡ ᠵᠤᠭᠰᠤᠬᠤ  ᠳᠤ ᠬᠦᠴᠢᠷ ᠠᠰᠠᠭᠤᠳᠠᠯ ᠢ ᠨᠠᠮᠳᠠᠭᠤᠯᠵᠤ᠂ ᠲᠡᠷᠭᠡ ᠵᠣᠭᠰᠣᠬᠤ ᠡᠮᠬᠢ ᠵᠢᠷᠤᠮ ᠢ ᠵᠢᠷᠤᠮᠵᠢᠭᠤᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号