ᠮᠠᠨ ᠤ ᠤᠷᠤᠨ ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ  ᠶᠢᠨ ᠪᠤᠷᠤ ᠲᠦᠯᠦᠪ ᠢ ᠵᠢᠷᠤᠭᠯᠠᠯ᠎ᠠ
ᠨᠡᠶᠢᠲᠡᠯᠡᠭᠰᠡᠨ ᠴᠠᠭ᠄
2018-03-19
      ᠨᠠᠶᠢᠷᠠᠭᠤᠯᠤᠬᠴᠢ ᠶᠢᠨ ᠦᠭᠡ᠄      2 ᠰᠠᠷ᠎ᠠ ᠶᠢᠨ 26 ᠤ ᠡᠲᠦᠷ ᠠᠴᠠ 27 ᠤ ᠡᠲᠦᠷ ᠪᠤᠯᠲᠠᠯ᠎ᠠ᠂ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠶᠢᠨ ᠲᠢᠩᠭᠢᠮ ᠠᠴᠠ ᠪᠦᠬᠦ ᠤᠷᠤᠨ ᠤ ᠤᠢ ᠰᠢᠭᠤᠢ ᠶᠢᠨ ᠲᠤᠪᠴᠢᠶᠠᠨ ᠤ ᠲᠠᠷᠤᠭ᠎ᠠ ᠨᠠᠷ ᠤᠨ ᠬᠤᠷᠠᠯ ᠢ ᠬᠤᠷᠠᠯᠲᠤᠭᠤᠯᠵᠦ᠂ ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠴᠤᠬᠴᠠ ᠶᠢᠨ ᠪᠤᠷᠤ ᠲᠦᠯᠦᠪ ᠢ ᠲᠦᠯᠦᠪᠵᠢᠭᠦᠯᠵᠤ ᠲᠤᠭᠲᠠᠭᠠᠭᠰᠠᠨ ᠢ ᠨᠠᠶᠢᠳᠡᠯᠡᠪᠡ᠃      ᠤᠢ ᠰᠢᠭᠤᠢ ᠶᠢᠨ ᠠᠮᠢ ᠠᠬᠤᠢ ᠪᠤᠯ ᠮᠠᠨ ᠤ ᠤᠷᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ︽ᠲᠠᠶᠢᠨ ᠤ ᠲᠠᠯᠠᠪᠤᠷ︾ ᠪᠤᠯᠤᠨ᠎ᠠ᠃ ᠤᠢᠢᠷ᠎ᠠ ᠶᠢᠨ ᠵᠢᠯ ᠳᠤ ᠮᠠᠨ ᠤ ᠤᠷᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠᠨ ᠲᠦᠷᠭᠡᠳᠭᠡᠨ᠂ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠢᠬᠡ ᠰᠢᠷᠢᠰ ᠰᠢᠨ᠎ᠡ ᠲᠦᠷᠦ ᠶᠢᠨ ᠪᠤᠲᠤᠯᠭ᠎ᠠ ᠲᠤᠭᠲᠠᠭᠠᠨ᠂ ᠰᠢᠨ᠎ᠡ ᠠᠷᠭ᠎ᠠ ᠠᠪᠴᠠᠯ ᠢ ᠭᠡᠷᠡᠭᠵᠢᠬᠦᠯᠦᠨ᠂ ᠨᠤᠭᠤᠭᠠᠷᠠᠭᠤᠯᠬᠤ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠬᠦᠴᠦᠯᠡᠴᠡ ᠪᠠᠨ ᠨᠡᠮᠡᠭᠳᠡᠬᠦᠯᠦᠭᠰᠡᠨ ᠠᠴᠠ ᠪᠤᠬᠢᠷᠳᠤᠯ ᠦᠭᠡᠢ ᠬᠦᠭᠵᠢᠯᠳᠡ ᠶᠢᠨ ᠠᠬᠢᠴᠠ ᠤᠯᠠᠮ ᠢᠶᠠᠷ ᠲᠦᠷᠭᠡᠰᠴᠦ᠂ ᠤᠢ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠢᠲᠦᠨ ᠳᠤ ᠦᠵᠡᠭᠳᠡᠵᠦ ᠭᠠᠷ ᠲᠤ ᠪᠠᠷᠢᠬᠲᠠᠮ᠎ᠠ ᠠᠮᠵᠢᠯᠲᠠ ᠤᠯᠤᠬᠰᠠᠨ ᠪᠢᠯᠡ᠃      ᠲᠤᠰ ᠬᠤᠷᠠᠯ ᠨᠢ ᠪᠠᠰᠠ ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠴᠤᠭᠴᠠ ᠶᠢᠨ ᠪᠤᠷᠤ ᠲᠦᠯᠦᠪ ᠢᠶᠠᠨ ᠦᠨᠲᠦᠰᠦᠯᠡᠨ ᠤᠢ ᠰᠢᠭᠤᠢ ᠶᠢᠨ ᠠᠵᠢᠯ ᠤᠨ ᠱᠠᠲᠦᠴᠢ ᠴᠢᠨᠠᠷᠲᠠᠢ ᠬᠠᠷᠠᠯᠲᠠ ᠶᠢ ᠲᠤᠭᠲᠠᠭᠠᠵᠦ᠂ ᠤᠲᠤᠬᠠᠨ ᠤ ᠪᠠ ᠬᠤᠶᠢᠰᠢᠲᠠ ᠶᠢᠨ ᠤᠢ ᠰᠢᠭᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠲᠤᠲᠤᠷᠬᠠᠢ ᠴᠢᠭᠯᠡᠯ ᠵᠢᠭᠠᠵᠦ ᠦᠭᠬᠦᠭᠰᠡᠨ ᠪᠠᠶᠢᠨ᠎ᠠ᠃ ᠲᠡᠭᠡᠪᠡᠯ᠂ ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠭᠡᠳᠡᠭ ᠨᠢ ᠴᠤᠬᠤᠮ ᠶᠠᠭᠤ ᠶᠢ ᠵᠢᠭᠠᠵᠦ ᠪᠠᠶᠢᠭ᠎ᠠ ᠪᠤᠯ︖ ᠤᠢ ᠰᠢᠭᠤᠢ ᠶᠢᠨ ᠠᠵᠢᠯ ᠤᠨ ᠬᠤᠶᠢᠰᠢᠲᠠ ᠶᠢᠨ ᠬᠠᠷᠠᠯᠲᠠ ᠶᠠᠭᠤ ᠪᠤᠯ︖ ᠲᠤᠰ ᠳ᠋ᠤᠭᠠᠷ ᠲᠠᠭᠠᠨ ᠡᠨᠡ ᠲᠤᠬᠠᠢ ᠮᠡᠳᠡᠭᠡᠯᠡᠭᠦ ᠶᠢ ᠵᠣᠷᠢᠯ᠎ᠠ᠃      ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠤᠯ ᠴᠤᠬᠴᠠ ᠶᠢᠨ ᠪᠤᠷᠤ ᠲᠦᠯᠦᠪ      ᠲᠤᠰ ᠪᠤᠷᠤ ᠲᠦᠯᠦᠪ ᠲᠠᠬᠢ ︽ᠭᠤᠷᠪᠠᠨ ᠠᠭᠤᠯᠠ︾ ᠳᠤ ᠤᠢ ᠰᠢᠭᠤᠢ ᠶᠢᠨ ᠤᠷᠭᠤᠮᠠᠯ ᠤᠨ ᠪᠦᠷᠬᠦᠴᠡ ᠶᠢ ᠬᠠᠮᠠᠭᠠᠯᠠᠨ ᠰᠡᠷᠬᠦᠭᠡᠬᠦ ᠪᠠᠷ ᠭᠤᠤᠯᠯᠠᠭᠤᠯᠵᠦ᠂ ︽ᠬᠤᠶᠠᠷ ᠡᠯᠡᠰᠦ︾ ᠶᠢᠨ ᠲᠤᠲᠤᠷᠠᠬᠢ ᠡᠯᠡᠰᠦ ᠮᠠᠩᠬ᠎ᠠ ᠳᠤᠨᠢ ᠡᠯᠡᠰᠦ ᠶᠢ ᠬᠤᠷᠢᠬᠯᠠᠬᠤ ᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠤᠯᠯᠠᠭᠤᠯᠵᠦ᠂ ᠡᠯᠡᠰᠦᠷᠭᠡᠭ ᠭᠠᠵᠠᠷ ᠲᠤᠨᠢ ᠶᠡᠷᠦᠩᠭᠡᠶᠢᠯᠡᠨ ᠵᠠᠰᠠᠯᠲᠠ ᠶᠢ ᠭᠡᠷᠡᠭᠵᠢᠬᠦᠯᠦᠨ᠎ᠡ᠃ ︽ᠲᠦᠷᠪᠡᠨ ᠤᠷᠤᠨ︾ ᠳᠤᠨᠢ ᠤᠰᠤ ᠬᠦᠷᠦᠰᠦ ᠶᠢ ᠬᠠᠮᠠᠭᠠᠯᠠᠬᠤ᠂ ᠰᠠᠯᠬᠢ ᠶᠢ ᠬᠤᠷᠢᠬᠯᠡᠨ ᠡᠯᠡᠰᠦ ᠶᠢ ᠲᠤᠭᠲᠠᠪᠦᠷᠢᠵᠢᠭᠤᠯᠬᠤ ᠪᠠᠷ ᠭᠤᠤᠯᠯᠠᠭᠤᠯᠵᠦ᠂ ᠤᠷᠤᠨ ᠪᠦᠰᠡ ᠶᠢᠨ ᠨᠤᠭᠤᠭᠠᠷᠠᠭᠤᠯᠤᠯᠲᠠ ᠪᠠ ᠤᠤᠭᠠᠯ ᠤᠷᠭᠤᠮᠠᠯ ᠤᠨ ᠪᠦᠷᠬᠦᠴᠡ ᠶᠢᠨ ᠬᠠᠮᠠᠭᠠᠯᠠᠯᠲᠠ ᠶᠢ ᠭᠡᠷᠡᠭᠵᠢᠬᠦᠯᠦᠨ᠎ᠡ᠃ ᠲᠡᠭᠡᠪᠡᠯ ︽ᠭᠤᠷᠪᠠᠨ ᠠᠭᠤᠯᠠ ᠬᠤᠶᠠᠷ ᠡᠯᠡᠰᠦ ᠲᠦᠷᠪᠡᠨ ᠤᠷᠤᠨ︾ ᠭᠡᠳᠡᠭ ᠨᠢ ᠲᠤᠰ ᠲᠤᠰ ᠶᠠᠭᠤ ᠶᠢ ᠵᠢᠭᠠᠵᠦ ᠪᠠᠶᠢᠬᠤ ᠪᠤᠢ︖      ● ︽ᠭᠤᠷᠪᠠᠨ ᠠᠭᠤᠯᠠ︾ — ᠲᠠᠷᠤᠢ ᠶᠡᠭᠡ ᠬᠢᠨᠭ᠍ᠭᠠᠨ ᠲᠠᠪᠠᠭ᠎ᠠ᠂ ᠮᠤᠨᠢ ᠠᠭᠤᠯᠠ᠂ ᠠᠯᠠᠱᠠ ᠠᠭᠤᠯᠠ ᠶᠢ ᠵᠢᠭᠠᠵᠦ ᠪᠤᠢ᠃ ︽ᠭᠤᠷᠪᠠᠨ ᠠᠭᠤᠯᠠ︾ ᠨᠢ ᠭᠡᠲᠦᠨ ᠮᠢᠩᠭᠠᠨ ᠭᠠᠵᠠᠷ ᠢᠶᠠᠷ ᠦᠷᠬᠦᠯᠵᠢᠯᠡᠨ ᠰᠦᠨᠳᠡᠷᠯᠡᠵᠦ᠂ ᠮᠠᠨ ᠤ ᠤᠷᠤᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠶᠢᠨ ᠪᠠᠶᠢᠭᠠᠯᠢ ᠶᠢᠨ ︽ᠨᠤᠶᠠᠨ ᠨᠢᠷᠤᠭᠤ︾ ᠪᠤᠯᠵᠠᠢ᠃ ᠡᠶᠢᠮᠦ ᠠᠴᠠ ︽ᠭᠤᠷᠪᠠᠨ ᠠᠭᠤᠯᠠ︾ ᠶᠢᠨ ᠠᠮᠢ ᠠᠬᠤᠢ ᠶᠢᠨ ᠴᠢᠲᠠᠪᠬᠢ ᠨᠢ ᠮᠠᠨ ᠤ ᠤᠷᠤᠨ᠂ ᠴᠢᠨᠠᠬᠰᠢᠯᠡᠪᠡᠯ ᠡᠬᠡ ᠤᠯᠤᠰ ᠤᠨ ᠤᠮᠠᠷᠠᠲᠦ ᠶᠢᠨ ᠠᠮᠢ ᠠᠬᠤᠢ ᠶᠢᠨ ᠠᠮᠤᠷ ᠲᠦᠪᠰᠢᠨ ᠲᠠᠢ ᠰᠢᠭᠤᠳ ᠬᠤᠯᠪᠤᠭᠲᠠᠵᠦ ᠪᠠᠶᠢᠲᠠᠭ᠃      ● ︽ᠬᠤᠶᠠᠷ ᠡᠯᠡᠰᠦ︾ — ᠲᠠᠷᠤᠢ ᠡᠯᠡᠰᠦ ᠮᠠᠩᠬ᠎ᠠ ᠪᠠ ᠡᠯᠡᠰᠦᠷᠭᠡᠭ ᠭᠠᠵᠠᠷ ᠢ ᠵᠢᠭᠠᠵᠦ ᠪᠤᠢ᠃ ᠡᠯᠡᠰᠦ ᠮᠠᠩᠬ᠎ᠠ ᠡᠯᠡᠰᠦᠷᠭᠡᠭ ᠭᠠᠵᠠᠷ ᠪᠤᠯ ᠮᠠᠨ ᠤ ᠤᠷᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠭᠤᠤᠯ ︽ᠲᠠᠶᠢᠨ ᠤ ᠲᠠᠯᠠᠪᠤᠷ︾ ᠪᠤᠯᠤᠨ᠎ᠠ᠃ ᠪᠦᠬᠦ ᠤᠷᠤᠨ ᠤ ᠡᠯᠡᠰᠦ ᠮᠠᠩᠬ᠎ᠠ᠂ ᠡᠯᠡᠰᠦᠷᠭᠡᠭ ᠭᠠᠵᠠᠷ ᠤᠨ ᠲᠠᠯᠠᠪᠠᠢ 8.9 ᠳ᠋ᠦᠡᠭᠰᠢᠭᠤᠷ ᠮᠦ ᠪᠠᠶᠢᠵᠦ᠂ ᠡᠯᠡᠰᠦ ᠮᠠᠩᠬ᠎ᠠ ᠭᠤᠤᠯᠲᠠᠭᠤ ᠮᠠᠨ ᠤ ᠤᠷᠤᠨ ᠤ ᠪᠠᠷᠠᠭᠤᠨ ᠪᠡᠶ᠎ᠠ ᠶᠢᠨ ᠭᠠᠩ ᠬᠠᠭᠤᠷᠠᠢ ᠭᠠᠵᠠᠷ ᠤᠷᠤᠨ ᠳᠤ ᠬᠠᠷᠢᠴᠠᠩᠭᠤᠢ ᠪᠠᠷ ᠲᠦᠪᠯᠡᠷᠡᠨ᠂ ᠡᠯᠡᠰᠦᠷᠭᠡᠭ ᠭᠠᠵᠠᠷ ᠨᠢ ᠭᠤᠤᠯᠲᠠᠭᠤ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠤᠷᠤᠨ ᠳᠤ ᠲᠠᠷᠬᠠᠵᠦ᠂ ᠮᠠᠨ ᠤ ᠤᠷᠤᠨ᠂ ᠪᠡᠭᠡᠵᠢᠩ ᠲᠢᠶᠠᠨᠵᠢᠨ ᠾᠧᠪᠸᠢ᠂ ᠴᠢᠨᠠᠬᠰᠢᠯᠡᠪᠡᠯ ᠪᠦᠬᠦ ᠤᠯᠤᠰ ᠤᠨ ᠡᠯᠡᠰᠦᠨ ᠰᠢᠭᠤᠷᠭ᠎ᠠ ᠶᠢᠨ ᠭᠤᠤᠯ ᠡᠬᠦᠰᠦᠯᠳᠡ ᠶᠢᠨ ᠤᠷᠤᠨ ᠪᠠ ᠭᠤᠤᠯ ᠦᠡᠭᠭᠡᠷᠡᠬᠦ ᠤᠷᠤᠨ ᠪᠤᠯᠤᠨ᠎ᠠ᠃      ● ︽ᠲᠦᠷᠪᠡᠨ ᠤᠷᠤᠨ︾ — ᠲᠠᠷᠤᠢ ᠲᠠᠯ᠎ᠠ ᠭᠠᠵᠠᠷ᠂ ᠰᠢᠷ᠎ᠠ ᠬᠦᠷᠦᠰᠦᠲᠦ ᠲᠤᠪᠤᠴᠠᠭ ᠤᠷᠤᠨ᠂ ᠮᠤᠨᠢ ᠠᠭᠤᠯᠠᠨ ᠤ ᠠᠷᠤ ᠬᠤᠷᠮᠤᠢ ᠶᠢᠨ ᠰᠠᠯᠬᠢᠨ ᠳᠤ ᠢᠳᠡᠭᠳᠡᠵᠦ ᠡᠯᠡᠰᠦᠷᠭᠡᠭᠵᠢᠭᠰᠡᠨ ᠤᠷᠤᠨ ᠪᠠ ᠠᠯᠠᠱᠠ ᠶᠢᠨ ᠴᠦᠯᠯᠡᠷᠭᠡᠭ ᠭᠤᠪᠢ ᠤᠷᠤᠨ ᠢ ᠵᠢᠭᠠᠵᠦ ᠪᠤᠢ᠃ ᠲᠤᠰ ᠲᠦᠷᠪᠡᠨ ᠤᠷᠤᠨ ᠪᠤᠯ ᠤᠮᠠᠷᠠᠲᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠲᠦ ᠲᠤᠯᠭᠠᠭᠤᠷᠢᠯᠠᠯ ᠪᠤᠯᠤᠨ᠎ᠠ᠃ ᠲᠠᠯ᠎ᠠ ᠭᠠᠵᠠᠷ ᠨᠢ ᠦᠪᠡᠷᠳᠡᠭᠡᠨ ᠵᠠᠰᠠᠬᠤ ᠤᠷᠤᠨ ᠤ ᠭᠤᠤᠯ ᠪᠤᠯᠬᠤ ᠲᠠᠸᠠᠷ ᠤᠨ ᠠᠮᠤ ᠪᠤᠲᠠᠭᠠᠨ ᠤ ᠰᠠᠭᠤᠷᠢᠨ ᠭᠠᠵᠠᠷ ᠪᠠᠶᠢᠵᠦ᠂ ᠰᠢᠷ᠎ᠠ ᠬᠦᠷᠦᠰᠦᠲᠦ ᠲᠤᠪᠤᠴᠠᠭ ᠤᠷᠤᠨ ᠨᠢ ᠮᠠᠨ ᠤ ᠤᠷᠤᠨ ᠤ ᠬᠠᠲᠤᠨ ᠭᠤᠤᠯ ᠳᠤ ᠰᠢᠪᠠᠷ ᠰᠢᠷᠤᠢ ᠤᠷᠤᠭᠤᠯᠬᠤ ᠪᠠ ᠯᠢᠶᠤᠤᠠᠾᠧ ᠭᠤᠤᠯ ᠤᠨ ᠰᠠᠪᠠ ᠭᠠᠵᠠᠷ ᠤᠨ ᠤᠰᠤ ᠬᠦᠷᠦᠰᠤ ᠶᠢ ᠬᠠᠮᠠᠭᠠᠯᠠᠬᠤ ᠴᠢᠬᠤᠯᠠ ᠤᠷᠤᠨ ᠪᠤᠯᠤᠨ᠎ᠠ᠃ ᠮᠤᠨᠢ ᠠᠭᠤᠯᠠᠨ ᠤ ᠠᠷᠤ ᠬᠤᠷᠮᠤᠢ ᠶᠢᠨ ᠰᠠᠯᠬᠢᠨ ᠳᠤ ᠢᠳᠡᠭᠳᠡᠵᠦ ᠡᠯᠡᠰᠦᠷᠭᠡᠭᠵᠢᠭᠰᠡᠨ ᠤᠷᠤᠨ ᠪᠠ ᠠᠯᠠᠱᠠ ᠶᠢᠨ ᠴᠦᠯᠯᠡᠷᠭᠡᠭ ᠭᠤᠪᠢ ᠤᠷᠤᠨ ᠤ ᠬᠦᠷᠦᠰᠦ ᠨᠢᠮᠬᠡᠨ᠂ ᠪᠠᠶᠢᠭᠠᠯᠢ ᠶᠢᠨ ᠨᠦᠬᠦᠴᠡᠯ ᠠᠨᠠᠢ ᠪᠤᠯᠬᠤᠷ ᠮᠠᠨ ᠤ ᠤᠷᠤᠨ ᠤ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠨ ᠵᠠᠰᠠᠬᠤ ᠭᠤᠤᠯᠲᠠᠯᠭ᠎ᠠ ᠲᠠᠢ ᠮᠦᠷᠳᠡᠭᠡᠨ ᠬᠦᠴᠢᠷᠳᠡᠢ ᠭᠠᠵᠠᠷ ᠤᠷᠤᠨ ᠪᠤᠯᠬᠤ ᠶᠤᠮ᠃      ᠤᠢ ᠰᠢᠭᠤᠢ ᠶᠢᠨ ᠠᠵᠢᠯ ᠤᠨ 2018 ᠤᠨ ᠤ ᠬᠠᠷᠠᠯᠲᠠ      ▲1000 ᠮᠦ ᠠᠴᠠ ᠲᠡᠭᠡᠭᠰᠢ ᠨᠤᠭᠤᠭᠠᠷᠭᠤᠯᠤᠨ᠎ᠠ᠃ ᠪᠠᠶᠢᠭᠠᠯᠢ ᠶᠢᠨ ᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠤᠮᠠᠷᠠᠲᠦ ᠶᠢᠨ ᠭᠤᠷᠪᠠᠨ ᠤᠷᠤᠨ ᠤ ᠬᠠᠯᠬᠠᠪᠴᠢ ᠤᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠨᠢᠬᠡ ᠡᠬᠡᠯᠵᠢ ᠶᠢᠨ ᠲᠠᠷᠢᠶᠠᠯᠠᠬᠤ ᠪᠠᠨ ᠵᠤᠬᠰᠤᠵᠦ ᠤᠢᠢᠵᠢᠭᠤᠯᠬᠤ᠂ ᠪᠡᠬᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠶᠢ ᠰᠡᠷᠭᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠦᠷᠬᠦᠯᠵᠢᠯᠡᠨ ᠠᠬᠢᠭᠤᠯᠵᠦ᠂ ᠰᠢᠨ᠎ᠡ ᠨᠢᠬᠡ ᠡᠭᠡᠯᠵᠢ ᠶᠢᠨ ᠬᠦᠨᠲᠦ ᠨᠤᠴᠢᠲᠠᠢ ᠡᠯᠡᠰᠦᠷᠭᠡᠭᠵᠢᠭᠰᠡᠨ ᠲᠠᠷᠢᠶᠠᠨ ᠭᠠᠵᠠᠷ ᠲᠤ ᠲᠠᠷᠢᠶᠠᠯᠠᠬᠤ ᠪᠠᠨ ᠵᠤᠬᠰᠤᠵᠦ ᠤᠢᠢᠵᠢᠭᠤᠯᠬᠤ ᠡᠬᠦᠷᠬᠡ ᠶᠢ 72 ᠲᠦᠮᠡᠨ ᠮᠦ ᠨᠡᠮᠡᠭᠳᠡᠬᠦᠯᠵᠦ᠂ ᠭᠤᠤᠯᠳᠠᠯᠭ᠎ᠠ ᠲᠠᠢ ᠤᠰᠤᠨ ᠤ ᠰᠤᠷᠪᠤᠯᠵᠢ ᠶᠢᠨ ᠤᠷᠤᠨ ᠤ ᠡᠯᠡᠰᠦᠷᠭᠡᠭᠵᠢᠭᠰᠡᠨ ᠬᠡᠰᠡᠭ ᠲᠤ ᠲᠠᠷᠢᠶᠠᠯᠠᠬᠤ ᠪᠠᠨ ᠵᠤᠬᠰᠤᠨ᠎ᠠ᠃      ▲ ᠭᠤᠤᠯᠳᠠᠯᠭ᠎ᠠ ᠲᠠᠢ ᠤᠷᠤᠨ ᠪᠦᠰᠡ ᠶᠢᠨ ᠨᠤᠭᠤᠭᠠᠷᠠᠭᠤᠯᠤᠯᠲᠠ ᠶᠢ ᠯᠠᠪᠲᠠᠭᠤᠨ ᠢᠶᠠᠷ ᠠᠬᠢᠭᠤᠯᠵᠦ᠂ ᠨᠤᠭᠤᠭᠠᠷᠠᠭᠤᠯᠤᠯᠲᠠ ᠶᠢᠨ ᠪᠠᠶᠢᠷᠢᠰᠢᠯ ᠤᠨ ᠲᠠᠯ᠎ᠠ ᠪᠠᠷ ᠴᠢᠬᠤᠯᠠ ᠬᠤᠲᠠ ᠪᠠᠯᠭᠠᠰᠦ᠂ ᠬᠦᠳᠡᠭᠡ ᠲᠤᠰᠬᠤᠨ ᠪᠠ ᠵᠠᠰᠠᠮᠠᠯ ᠵᠠᠮ ᠵᠡᠷᠭᠡ ᠤᠷᠤᠨ ᠪᠦᠰᠡ ᠶᠢ ᠤᠷᠢᠲᠡᠪᠡᠷ ᠪᠤᠲᠤᠯᠬᠢᠯᠠᠨ᠎ᠠ᠃      ▲ ᠮᠤᠨᠢ ᠠᠭᠤᠯᠠ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠡᠬᠢᠯᠡᠨ ᠭᠡᠷᠡᠭᠵᠢᠬᠦᠯᠵᠦ᠂ 220 ᠲᠦᠮᠡᠨ ᠮᠦ ᠨᠤᠭᠤᠭᠠᠷᠠᠭᠤᠯᠤᠨ᠎ᠠ᠃      ▲ ᠬᠦᠬᠡᠬᠤᠲᠠ ᠪᠤᠭᠤᠲᠤ ᠤᠷᠲᠤᠰ ᠤᠨ ᠬᠠᠲᠤᠨ ᠭᠤᠤᠯ ᠲᠠᠭᠠᠦ ᠶᠢᠨ ᠠᠮᠢ ᠠᠬᠤᠢ ᠶᠢᠨ ᠬᠤᠨᠭ᠍ᠬᠢᠯ ᠢ ᠪᠠᠶᠢᠭᠤᠯᠤᠨ᠎ᠠ᠃      ▲ ᠡᠯᠡᠰᠦᠷᠭᠡᠭ ᠭᠠᠵᠠᠷ ᠤᠨ ᠶᠡᠷᠦᠩᠭᠡᠶᠢᠯᠡᠨ ᠵᠠᠰᠠᠯᠲᠠ ᠶᠢ ᠲᠦᠷᠭᠡᠳᠭᠡᠨ ᠠᠬᠢᠭᠤᠯᠵᠦ᠂ ᠡᠨᠡ ᠵᠢᠯ 300 ᠲᠦᠮᠡᠨ ᠮᠦ ᠶᠡᠷᠦᠩᠭᠡᠶᠢᠯᠡᠨ ᠵᠠᠰᠠᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠪᠠ ᠦᠵᠦᠮᠦᠴᠢᠨ ᠤ ᠡᠯᠡᠰᠦᠷᠭᠡᠭ ᠭᠠᠵᠠᠷ ᠤᠨ ᠬᠦᠨᠲᠦ ᠨᠤᠴᠢᠲᠠᠢ ᠡᠯᠡᠰᠦᠷᠭᠡᠭᠵᠢᠭᠰᠡᠨ ᠤᠷᠤᠨ ᠢ ᠰᠡᠷᠭᠦᠭᠡᠨ ᠵᠠᠰᠠᠬᠤ ᠬᠦᠴᠦᠯᠡᠴᠡ ᠪᠠᠨ ᠨᠡᠮᠡᠭᠳᠡᠬᠦᠯᠵᠦ᠂ ᠵᠠᠰᠠᠬᠰᠡᠨ ᠲᠠᠯᠠᠪᠠᠢ ᠶᠢ 77 ᠲᠦᠮᠡᠨ ᠮᠦ ᠳᠤ ᠬᠦᠷᠭᠡᠨ᠎ᠠ᠃      ▲ ᠬᠦᠯᠦᠨ ᠪᠤᠶᠢᠷ ᠬᠤᠲᠠ ᠶᠢᠨ ᠨᠢᠬᠡᠨᠳᠡ ᠬᠠᠭᠠᠯᠪᠦᠷᠢᠯᠠᠬᠰᠠᠨ ᠰᠢᠭᠤᠢᠢᠲᠦ ᠤᠷᠤᠨ ᠤ ᠤᠷᠭᠤᠮᠠᠯ ᠤᠨ ᠪᠦᠷᠬᠦᠴᠡ ᠶᠢ 26 ᠲᠦᠮᠡᠨ ᠮᠦ ᠰᠡᠷᠭᠦᠭᠡᠨ᠎ᠡ᠃      ▲ ᠤᠨᠢᠨ ᠲᠡᠭᠡᠷ᠎ᠡ ᠨᠢ ᠡᠯᠡᠰᠦ ᠶᠢ ᠵᠠᠰᠠᠬᠤ ᠭᠤᠤᠯᠲᠠᠯᠭ᠎ᠠ ᠲᠠᠢ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠤᠯᠤᠰ ᠤᠨ ᠪᠤᠳᠤᠯᠭ᠎ᠠ ᠲᠠᠢ ᠪᠦᠲᠦᠮᠵᠢᠳᠡᠢ ᠵᠤᠯᠭᠠᠭᠤᠯᠵᠦ᠂ ᠤᠰᠤᠨ ᠤ ᠰᠤᠷᠪᠤᠯᠵᠢ ᠶᠢᠨ ᠤᠷᠤᠨ ᠢ ᠰᠡᠷᠬᠦᠬᠡᠨ ᠰᠠᠶᠢᠵᠢᠷᠠᠭᠤᠯᠵᠤ ᠬᠠᠮᠠᠭᠠᠯᠠᠬᠤ ᠠᠵᠢᠯ ᠢ ᠰᠠᠶᠢᠲᠦᠷ ᠬᠢᠨ᠎ᠡ᠃      ▲ ᠬᠤᠯᠠᠨ ᠰᠢᠷᠭ᠎ᠠ ᠲᠠᠭ᠎ᠠ ᠶᠢᠨ ᠬᠡᠪᠴᠢᠶᠡᠵᠢᠭᠰᠡᠨ ᠤᠢ ᠶᠢᠨ ᠲᠠᠯᠠᠪᠠᠢ ᠪᠠ ᠤᠢ ᠰᠢᠭᠤᠢ ᠶᠢᠨ ᠪᠡᠯᠡ ᠤᠷᠤᠭᠤᠯᠤᠯᠲᠠ ᠡᠵᠡᠩᠨᠡᠯᠳᠡ ᠶᠢᠨ ᠺᠤᠮᠫᠠᠨᠢ ᠶᠢ ᠪᠠᠶᠢᠭᠤᠯᠵᠦ᠂ ᠬᠤᠯᠠᠨ ᠰᠢᠷᠭ᠎ᠠ ᠲᠠᠭ᠎ᠠ ᠶᠢᠨ ᠤᠢ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠭᠡᠢ ᠲᠦᠰᠦᠪ ᠢ ᠰᠤᠲᠤᠯᠤᠨ ᠲᠤᠭᠲᠠᠭᠠᠵᠦ᠂ ᠬᠡᠪᠴᠢᠶᠡᠵᠢᠬᠦᠯᠦᠭᠰᠡᠨ ᠤᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ 22.58 ᠲᠦᠮᠡᠨ ᠮᠦ ᠳᠤ ᠬᠦᠷᠭᠡᠨ᠎ᠠ᠃ ᠤᠢ ᠰᠢᠭᠤᠢ ᠶᠢᠨ ᠠᠵᠢᠯ ᠤᠨ ᠱᠠᠲᠦᠴᠢ ᠴᠢᠨᠠᠷᠲᠠᠢ ᠬᠠᠷᠠᠯᠲᠠ 2020 ᠤᠨ ᠪᠤᠯᠲᠠᠯ᠎ᠠ᠂ ᠪᠦᠬᠦ ᠤᠷᠤᠨ ᠤ ᠤᠢ ᠰᠢᠭᠤᠢ ᠶᠢᠨ ᠤᠲᠤᠬᠢᠴᠢᠯᠠᠯᠲᠠ ᠶᠢᠨ ᠲᠦᠪᠰᠢᠨ ᠢ ᠢᠯᠡᠳᠳᠡ ᠲᠡᠭᠡᠭᠰᠢᠯᠡᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠪᠦᠭᠦᠯᠢ ᠴᠤᠭᠴᠠ ᠪᠠᠷ ᠨᠢ ᠰᠠᠶᠢᠵᠢᠷᠠᠭᠤᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠲᠦᠰᠦᠨ ᠳᠡᠭᠡᠨ ᠪᠦᠷᠢᠯᠲᠦᠬᠦᠯᠵᠦ᠂ ᠰᠢᠭᠤᠢᠢᠲᠦ ᠤᠷᠤᠨ ᠤ ᠤᠯᠠᠨ ᠲᠦᠮᠡᠨ ᠤ ᠠᠮᠢᠲᠤᠷᠠᠯ ᠢ ᠪᠦᠬᠦ ᠲᠠᠯ᠎ᠠ ᠪᠠᠷ ᠴᠢᠨᠡᠭᠡᠯᠢᠭᠵᠢᠬᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 23% ᠲᠤ ᠬᠦᠷᠭᠡᠵᠦ᠂ ᠨᠤᠭᠤ ᠭᠠᠵᠠᠷ ᠤᠨ ᠲᠠᠯᠠᠪᠠᠢ ᠶᠢ 9000 ᠲᠦᠮᠡᠨ ᠮᠦ ᠪᠤᠯᠭᠠᠵᠦ᠂ ᠭᠤᠤᠯᠲᠠᠯᠭ᠎ᠠ ᠲᠠᠢ ᠬᠡᠬᠡᠷ᠎ᠡ ᠶᠢᠨ ᠠᠮᠢᠲᠠᠨ ᠤᠷᠭᠤᠮᠠᠯ ᠤᠨ ᠤᠷᠤᠰᠢᠨ ᠠᠮᠢᠲᠤᠷᠠᠬᠤ ᠤᠷᠤᠨ ᠢ ᠪᠦᠬᠦ ᠲᠠᠯ᠎ᠠ ᠪᠠᠷ ᠬᠠᠮᠠᠭᠠᠯᠠᠵᠦ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠲᠦᠷᠢᠮ ᠢ ᠦᠨᠲᠦᠰᠦᠨ ᠳᠡᠭᠡᠨ ᠲᠡᠬᠦᠯᠳᠡᠷᠵᠢᠬᠦᠯᠦᠨ᠎ᠡ᠃      2035 ᠤᠨ ᠪᠤᠯᠲᠠᠯ᠎ᠠ᠂ ᠤᠢ ᠰᠢᠭᠤᠢ ᠶᠢᠨ ᠤᠲᠤᠬᠢᠴᠢᠯᠠᠯᠲᠠ ᠶᠢ ᠠᠩᠬ᠎ᠠ ᠠᠯᠬᠤᠮ ᠪᠡᠶᠡᠯᠡᠬᠦᠯᠵᠦ᠂ ᠠᠮᠢ ᠠᠬᠤᠢ ᠶᠢᠨ ᠪᠠᠶᠢᠲᠠᠯ ᠢ ᠦᠨᠲᠦᠰᠦᠨ ᠳᠡᠭᠡᠨ ᠰᠠᠶᠢᠵᠢᠷᠠᠭᠤᠯᠵᠦ᠂ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ ᠬᠠᠷᠠᠯᠲᠠ ᠪᠠᠨ ᠦᠨᠲᠦᠰᠦᠨ ᠳᠡᠭᠡᠨ ᠪᠡᠶᠡᠯᠡᠬᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 25% ᠲᠤ ᠬᠦᠷᠭᠡᠵᠦ᠂ ᠠᠮᠢ ᠠᠬᠤᠢ ᠶᠢᠨ ᠰᠢᠰᠲ᠋ᠧᠮ ᠤᠨ ᠲᠤᠭᠲᠠᠭᠤᠨ ᠴᠢᠨᠠᠷ ᠢ ᠤᠯᠠᠮ ᠢᠶᠠᠷ ᠨᠡᠮᠡᠭᠳᠡᠬᠦᠯᠦᠨ᠂ ᠭᠡᠭᠡᠷ᠎ᠡ ᠶᠢᠨ ᠠᠮᠢᠲᠠᠨ ᠤᠷᠭᠤᠮᠠᠯ ᠤᠨ ᠤᠷᠤᠰᠢᠨ ᠠᠮᠢᠲᠤᠷᠠᠬᠤ ᠤᠷᠤᠨ ᠢ ᠪᠦᠬᠦ ᠲᠠᠯ᠎ᠠ ᠪᠠᠷ ᠬᠠᠮᠠᠭᠠᠯᠠᠵᠦ᠂ ᠪᠠᠶᠢᠭᠠᠯᠢ ᠶᠢᠨ ᠤᠢ ᠶᠢᠨ ᠬᠠᠮᠠᠭᠠᠯᠠᠯᠲᠠ ᠶᠢᠨ ᠲᠦᠷᠢᠮ ᠢ ᠦᠨᠲᠦᠰᠦᠨ ᠳᠡᠭᠡᠨ ᠲᠡᠬᠦᠯᠳᠡᠷᠵᠢᠬᠦᠯᠦᠨ᠎ᠡ᠃      2050 ᠤᠨ ᠬᠦᠷᠳᠡᠯ᠎ᠡ᠂ ᠤᠢ ᠰᠢᠭᠤᠢ ᠶᠢᠨ ᠤᠲᠤᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠬᠦᠯᠵᠦ᠂ ᠠᠮᠢ ᠠᠬᠤᠢ ᠶᠢᠨ ᠪᠤᠯᠪᠠᠰᠦᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠬᠦᠮᠦᠨ ᠪᠠ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠲᠦ ᠤᠷᠤᠰᠢᠨ᠂ ᠤᠢ ᠰᠢᠭᠤᠢ ᠶᠢᠨ ᠪᠦᠷᠬᠦᠴᠡ ᠶᠢ 27% ᠲᠤ ᠬᠦᠷᠭᠡᠵᠦ᠂ ᠭᠡᠭᠡᠷ᠎ᠡ ᠶᠢᠨ ᠠᠮᠢᠲᠠᠨ ᠤᠷᠭᠤᠮᠠᠯ ᠤᠨ ᠤᠷᠤᠰᠢᠨ ᠠᠮᠢᠲᠤᠷᠠᠬᠤ ᠤᠷᠴᠢᠨ ᠲᠤᠭᠤᠷᠢᠨ ᠢ ᠪᠦᠷᠢᠨ ᠪᠦᠲᠦᠨ ᠪᠤᠯᠭᠠᠵᠦ᠂ ᠠᠮᠢᠲᠤ ᠪᠤᠲᠠᠰ ᠤᠨ ᠤᠯᠠᠨ ᠶᠠᠩᠵᠦᠲᠦ ᠴᠢᠨᠠᠷ ᠢ ᠨᠡᠮᠡᠭᠳᠡᠬᠦᠯᠦᠨ᠂ ᠠᠮᠢ ᠠᠬᠤᠢ ᠶᠢᠨ ᠰᠢᠰᠲ᠋ᠧᠮ ᠢ ᠲᠤᠭᠲᠠᠪᠦᠷᠢᠵᠢᠭᠤᠯᠤᠨ᠂ ᠪᠦᠬᠦ᠋ᠢᠯᠡ ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠪᠦᠲᠦᠮᠵᠢᠳᠡᠢ ᠬᠠᠮᠠᠭᠠᠯᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号