ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠲᠠᠷᠤᠭᠠᠰᠤ ᠶᠢ ᠬᠦᠡᠭᠭᠡᠯᠡᠬᠦ ᠳᠤ ᠬᠢᠴᠢᠶᠡᠯ ᠤᠨ ᠲᠠᠩᠬᠢᠮ ᠤᠨ ᠶᠠᠰᠤ ᠴᠢᠨᠠᠷ ᠢ ᠲᠡᠭᠡᠭᠰᠢᠯᠡᠬᠦᠯᠬᠦ ᠬᠡᠷᠡᠭᠲᠠᠢ
ᠨᠡᠶᠢᠲᠡᠯᠡᠭᠰᠡᠨ ᠴᠠᠭ᠄
2018-03-20
        ᠠᠯᠪᠠᠨ ᠵᠢᠷᠤᠮ ᠤᠨ ᠰᠤᠷᠭᠠᠨ ᠬᠦᠮᠦᠵᠢᠯ   ᠨᠢ  ︽ᠡᠷᠡᠬᠦᠯ  ᠦᠭᠡᠳᠡᠷᠭᠡᠭ  ᠰᠤᠷᠭᠠᠭᠤᠯᠢ  ᠲᠡᠪᠰᠢᠬᠦ  ᠨᠤᠷᠮ᠎ᠠ︾  ᠵᠢ‌‍ᠬᠦ᠋ᠭᠡᠭᠡᠴᠡᠯᠳᠦᠬᠦ ᠬᠡᠷᠡᠭᠲᠠᠢ                        ᠰᠧᠴᠤᠸᠠᠨ ᠮᠤᠵᠢ ᠶᠢᠨ ᠮᠸᠢ ᠱᠠᠨ ᠬᠤᠲᠠ ᠶᠢᠨ ᠴᠢᠩᠱᠧᠨ ᠲᠤᠮᠳᠠᠳᠤ ᠰᠤᠷᠭᠠᠭᠤᠯᠢ   ᠶᠢᠨ  ᠲᠡᠳ᠋  ᠵᠠᠬᠢᠷᠤᠯ  ᠸᠠᠩ‌‍ᠰᠢᠶᠤᠤ ᠮᠸᠢ ᠲᠦᠯᠦᠭᠡᠯᠡᠭᠴᠢ ᠶᠢᠨ ᠦᠵᠡᠬᠦ ᠪᠠᠷ᠂ ᠬᠢᠴᠢᠶᠡᠯ ᠤᠨ ᠭᠠᠳᠠᠨᠠᠬᠢ ᠲᠠᠷᠤᠭᠠᠰᠤ ᠬᠦᠨᠳᠤ ᠪᠠᠶᠢᠬᠤ ᠨᠢ ᠲᠦᠷᠪᠡᠨ ᠲᠠᠯ᠎ᠠ‌ᠵᠢᠨ ᠰᠢᠯᠲᠠᠭᠠᠨ ᠠᠴᠠ ᠪᠤᠯᠵᠠᠢ᠃ ᠨᠢᠭᠡ ᠳᠤ ᠪᠠᠭᠰᠢ ᠨᠠᠷ  ᠰᠢᠯᠭᠠᠯᠲᠠ   ᠶᠢᠨ  ᠬᠢᠷᠢ  ᠪᠦᠲᠦᠮᠵᠢ   ᠶᠢ  ᠲᠡᠭᠡᠭᠰᠢᠯᠡᠬᠦᠯᠬᠦ  ᠵᠢᠨ‌‍ᠲ᠋ᠦ᠋ᠯᠦᠭᠡ ᠬᠢᠴᠢᠶᠡᠯ ᠤᠨ ᠭᠠᠳᠠᠨᠠᠬᠢ ᠲᠠᠷᠤᠭᠠᠰᠤ ᠶᠢ ᠨᠡᠮᠡᠭᠳᠡᠬᠦᠯᠵᠤ ᠪᠠᠶᠢᠨ᠎ᠠ︔ ᠬᠤᠶᠠᠷ ᠲᠤ  ᠭᠡᠷ ᠤᠨ  ᠠᠬᠠᠮᠠᠳ  ᠪᠤᠯᠤᠭᠰᠠᠳ‌‍ᠬᠡᠦᠭᠡᠳ ᠢᠶᠠᠨ ᠰᠠᠶᠢᠨ ᠬᠦᠮᠦᠵᠢᠬᠦᠯᠬᠦ ᠪᠤᠶᠤ ᠰᠠᠭᠤᠷᠢ ᠶᠢ ᠨᠢ ᠰᠠᠶᠢᠨ ᠲᠠᠯᠪᠢᠬᠤ   ᠶᠢᠨ  ᠲᠦᠯᠦᠭᠡ  ᠬᠢᠴᠢᠶᠡᠯ ᠤᠨ  ᠭᠠᠳᠠᠨᠠᠬᠢ‌‍ᠲ᠋ᠠᠷᠤᠭᠠᠰᠤ ᠶᠢ ᠨᠢ ᠨᠡᠮᠡᠭᠳᠡᠬᠦᠯᠵᠤ ᠪᠠᠶᠢᠨ᠎ᠠ︔ ᠭᠤᠷᠪᠠ ᠳᠤ ᠰᠤᠷᠭᠠᠭᠤᠯᠢ   ᠶᠢᠨ  ᠭᠠᠳᠠᠨᠠᠬᠢ  ᠪᠤᠯᠪᠠᠰᠤᠷᠠᠯ ᠤᠨ  ᠪᠠᠶᠢᠭᠤᠯᠤᠮᠵᠢ‌‍ᠬᠢᠴᠢᠶᠡᠯ ᠨᠦᠬᠦᠬᠦ ᠪᠤᠯ ᠰᠠᠶᠢᠨ ᠭᠡᠵᠤ ᠴᠢᠨᠡᠭᠡ ᠮᠡᠳᠡᠨ ᠤᠬᠠᠭᠤᠯᠵᠤ  ᠪᠠᠶᠢᠨ᠎ᠠ︔  ᠲᠦᠷᠪᠡ   ᠳᠤ  ᠵᠠᠷᠢᠮ  ᠬᠦᠮᠦᠨ  ᠬᠡᠷᠡᠭᠯᠡᠬᠦ‌ᠨᠢᠭᠡᠴᠡ ᠠᠵᠢᠯᠲᠠᠨ ᠡᠯᠰᠡᠬᠦ ᠳᠡᠭᠡᠨ ᠨᠡᠷᠡᠳᠤ ᠰᠤᠷᠭᠠᠭᠤᠯᠢ ᠪᠤᠯᠤᠨ ᠰᠤᠷᠤᠯᠭ᠎ᠠ ᠶᠢᠨ ᠨᠠᠮᠳᠠᠷ ᠢ  ᠯᠡ  ᠬᠦᠭᠡᠭᠡᠴᠡᠯᠳᠦᠳᠡᠭ  ᠡᠴᠡ‌‍ᠬᠢᠴᠢᠶᠡᠯ ᠤᠨ ᠭᠠᠳᠠᠨᠠᠬᠢ ᠪᠤᠯᠪᠠᠰᠤᠷᠠᠯ ᠢ ᠤᠯᠠᠮ ᠬᠦᠭᠵᠢᠶᠡᠨ ᠲᠠᠢ ᠪᠤᠯᠭᠠᠵᠤ ᠪᠠᠶᠢᠨ᠎ᠠ᠃                ᠴᠦᠡᠭᠴᠢᠩ ᠬᠤᠲᠠ ᠶᠢᠨ ᠵᠢᠦ ᠯᠦᠩ ᠫᠦᠸᠧ ᠲᠤᠭᠤᠷᠢᠭ ᠤᠨ ᠰᠢᠶᠧ ᠵᠢᠶᠠ ᠸᠠᠨ ᠪᠠᠭ᠎ᠠ ᠰᠤᠷᠭᠠᠭᠤᠯᠢ  ᠶᠢᠨ ᠵᠠᠬᠢᠷᠤᠯ‌ᠯᠢᠦ ᠰᠢ ᠶᠠ ᠲᠦᠯᠦᠭᠡᠯᠡᠭᠴᠢ ᠬᠡᠯᠡᠬᠦ ᠳᠡᠭᠡᠨ᠄ ︽ᠲᠤᠮᠳᠠᠳᠤ ᠪᠠᠭ᠎ᠠ ᠰᠤᠷᠭᠠᠭᠤᠯᠢ   ᠶᠢᠨ  ᠰᠤᠷᠤᠭᠴᠢ   ᠳᠤ  ᠬᠠᠨᠳᠤᠭᠤᠯᠤᠭᠰᠠᠨ‌‍ᠰᠤᠷᠤᠯᠭ᠎ᠠ ᠶᠢᠨ ᠨᠠᠮᠳᠠᠷ ᠤᠯᠭᠤᠬᠤ ᠦᠭᠡᠢ ᠰᠤᠶᠤᠯ ᠰᠤᠷᠭᠠᠨ ᠬᠦᠮᠦᠵᠢᠯ ᠤᠨ ᠲᠦᠷᠦᠯ ᠤᠨ  ᠪᠤᠯᠪᠠᠰᠤᠷᠠᠯ ᠤᠨ  ᠪᠠᠶᠢᠭᠤᠯᠤᠮᠵᠢ‌ᠨᠤᠭᠤᠳ ᠤᠯᠠᠰᠢᠷᠠᠵᠤ᠂ ᠰᠢᠯᠭᠠᠯᠲᠠ ᠠᠷᠭᠠᠴᠠᠬᠤ ᠵᠤᠷᠢᠯᠭ᠎ᠠ ᠲᠠᠢ ᠪᠤᠯᠪᠠᠰᠤᠷᠠᠯ ᠦᠷᠨᠢᠬᠦᠯᠵᠤ ᠪᠠᠶᠢᠭ᠎ᠠ ᠨᠢ ᠰᠤᠷᠤᠯᠴᠠᠬᠤ  ᠵᠢᠮ᠎ᠡ‌‍ᠶᠤᠰᠤᠨ ᠠᠴᠠ ᠲᠡᠷᠰᠯᠡᠵᠤ᠂ ᠰᠤᠷᠤᠭᠴᠢ ᠶᠢᠨ ᠬᠢᠴᠢᠶᠡᠯ ᠤᠨ ᠭᠠᠳᠠᠨᠠᠬᠢ ᠲᠠᠷᠤᠭᠠᠰᠤ ᠶᠢ ᠬᠦᠨᠳᠤᠷᠡᠬᠦᠯᠵᠤ ᠪᠠᠶᠢᠨ᠎ᠠ︾ ᠭᠡᠵᠠᠢ᠃                ᠾᠧᠨᠠᠨ ᠮᠤᠵᠢ ᠶᠢᠨ  ᠵᠸᠡᠭᠵᠸᠤ   ᠶᠢᠨ  ᠭᠠᠳᠠᠭᠠᠳᠤ  ᠬᠡᠯᠡᠨ ᠤ  ᠰᠤᠷᠭᠠᠭᠤᠯᠢ   ᠶᠢᠨ  ᠵᠠᠬᠢᠷᠤᠯ  ᠸᠠᠩ  ᠵᠦᠩ  ᠯᠢ‌‍ᠲ᠋ᠦ᠋ᠯᠦᠭᠡᠯᠡᠭᠴᠢ ᠢᠯᠡᠷᠭᠡᠶᠢᠯᠡᠬᠦ ᠳᠡᠭᠡᠨ᠄ ︽ᠭᠡᠷ ᠤᠨ ᠠᠬᠠᠮᠠᠳ ᠪᠤᠯᠤᠭᠰᠠᠳ ᠬᠡᠦᠭᠡᠳ ᠤᠨ ᠢᠶᠠᠨ  ᠬᠢᠷᠢ  ᠪᠦᠲᠦᠮᠵᠢ   ᠶᠢ  ᠬᠡᠳᠤ‌‍ᠴᠢᠬᠤᠯᠠᠴᠢᠯᠠᠵᠤ᠂ ᠰᠤᠷᠭᠠᠭᠤᠯᠢ ᠶᠢᠨ ᠭᠠᠳᠠᠨ᠎ᠠ ᠬᠢᠴᠢᠶᠡᠯ ᠨᠦᠬᠦᠬᠦᠯᠬᠦ ᠬᠡᠯᠪᠡᠷᠢ ᠪᠠᠷ ᠰᠢᠯᠭᠠᠯᠲᠠ   ᠶᠢᠨ  ᠬᠢᠷᠢ  ᠪᠦᠲᠦᠮᠵᠢ  ᠵᠢ‌‍ᠲ᠋ᠡᠩᠳᠡᠬᠦᠦ ᠬᠦᠭᠡᠭᠡᠴᠡᠯᠳᠦᠵᠤ ᠪᠠᠶᠢᠨ᠎ᠠ᠂ ᠡᠨᠡ ᠨᠢ ᠬᠡᠦᠭᠡᠳ ᠤᠨ ᠡᠷᠡᠬᠦᠯ ᠴᠢᠬᠢᠷᠠᠭ ᠪᠠᠶᠠᠷ ᠬᠦᠷ ᠲᠠᠢ ᠦᠰᠦᠨ  ᠪᠤᠶᠢᠵᠢᠬᠤ  ᠵᠢ‌ᠨᠦ᠋ᠯᠦᠭᠡᠯᠡᠵᠤ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠨᠢ ᠡᠷᠬᠡᠪᠰᠢ ᠬᠦᠮᠦᠨ ᠤ  ᠦᠷᠬᠦᠯᠵᠢᠯᠡᠬᠦ‌‍ᠬᠦ᠋ᠭᠵᠢᠯᠲᠡ ᠪᠠᠷ ᠬᠠᠷᠠᠯᠲᠠ ᠪᠤᠯᠭᠠᠵᠤ᠂ ︿ᠡᠷᠡᠬᠦᠯ ᠦᠭᠡᠳᠡᠷᠭᠡᠭ ᠰᠤᠷᠭᠠᠭᠤᠯᠢ  ᠲᠡᠪᠰᠢᠬᠦ  ᠨᠤᠷᠮ᠎ᠠ  ﹀   ᠶᠢ  ᠬᠦᠭᠡᠭᠡᠴᠡᠯᠳᠦᠬᠦ‌‍ᠬᠡᠷᠡᠭᠲᠠᠢ︾ ᠭᠡᠵᠠᠢ᠃                        ᠲᠤᠮᠳᠠᠳᠤ ᠪᠠᠭ᠎ᠠ ᠰᠤᠷᠭᠠᠭᠤᠯᠢ ᠬᠢᠭᠡᠳ  ᠪᠤᠯᠪᠠᠰᠤᠷᠠᠯ ᠤᠨ  ᠪᠠᠶᠢᠭᠤᠯᠤᠮᠵᠢ   ᠶᠢᠨ  ᠲᠠᠯᠳᠠᠭᠤᠷ  ᠬᠠᠮᠳᠤᠷᠠᠯᠴᠠᠬᠤ  ᠵᠢ‌‍ᠴᠠᠭᠠᠵᠠᠯᠠᠬᠤ ᠬᠡᠷᠡᠭᠲᠠᠢ                        ︽ᠬᠢᠴᠢᠶᠡᠯ ᠤᠨ ᠭᠠᠳᠠᠨᠠᠬᠢ ᠲᠠᠷᠤᠭᠠᠰᠤ ᠶᠢ ᠬᠦᠡᠭᠭᠡᠯᠡᠬᠦ ᠪᠤᠯ ᠨᠡᠶᠢᠭᠡᠮ ᠤᠨ ᠠᠰᠠᠭᠤᠳᠠᠯ ᠮᠦᠨ ᠪᠤᠯᠬᠤᠷ ᠤᠯᠠᠨ ᠲᠠᠯ᠎ᠠ‌ᠵᠢᠨ ᠬᠢᠨ ᠬᠠᠮᠵᠢᠯᠴᠠᠨ ᠰᠢᠢᠳᠪᠤᠷᠢᠯᠡᠬᠦ ᠬᠡᠷᠡᠭᠲᠠᠢ᠃︾ ᠸᠠᠩ ᠰᠢᠶᠤᠤ ᠮᠸᠢ ᠶᠢᠨ ᠦᠵᠡᠬᠦ ᠪᠠᠷ᠂ ᠰᠤᠷᠭᠠᠭᠤᠯᠢ   ᠨᠢ  ᠰᠤᠷᠤᠭᠴᠢ‌ᠵᠢᠨ ᠲᠠᠷᠤᠭᠠᠰᠤ ᠶᠢ ᠬᠦᠡᠭᠭᠡᠯᠡᠬᠦ ᠲᠤᠬᠠᠢ ᠬᠠᠮᠢᠶ᠎ᠠ ᠪᠦᠬᠦᠢ ᠲᠦᠷᠦ   ᠶᠢᠨ  ᠪᠤᠳᠤᠯᠭ᠎ᠠ  ᠲᠤᠭᠲᠠᠭᠠᠯ ᠢ  ᠡᠷᠡᠰ  ᠬᠡᠷᠡᠭᠵᠢᠬᠦᠯᠵᠤ᠂ᠰᠢᠯᠭᠠᠯᠲᠠ ᠶᠢᠨ ᠬᠤᠪᠢ ᠶᠢ ᠯᠡ ᠬᠦᠭᠡᠭᠡᠴᠡᠯᠳᠦᠳᠡᠭ ᠦᠨᠡᠯᠡᠯᠲᠡ ᠶᠢᠨ ᠵᠠᠬᠪᠤᠷ ᠢ ᠬᠤᠪᠢᠷᠠᠭᠤᠯᠤᠨ᠂ ᠰᠤᠷᠤᠭᠴᠢ ᠶᠢᠨ ᠶᠡᠷᠦᠩᠭᠡᠢ‌‍ᠬᠡᠪ ᠴᠢᠨᠠᠷ ᠢ ᠦᠨᠡᠯᠡᠬᠦ ᠲᠤᠭᠲᠠᠴᠠ ᠶᠢ ᠲᠡᠬᠦᠯᠳᠡᠷᠵᠢᠬᠦᠯᠬᠦ ᠬᠡᠷᠡᠭᠲᠠᠢ︔ ᠬᠢᠴᠢᠶᠡᠯ ᠤᠨ ᠲᠠᠩᠬᠢᠮ  ᠪᠠ  ᠬᠢᠴᠢᠶᠡᠯ  ᠲᠦᠷᠦᠯ ‍ᠤᠨ‌ᠦᠭᠡᠷᠡᠴᠢᠯᠡᠯᠲᠡ ᠶᠢ ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ  ᠰᠤᠷᠭᠠᠯᠲᠠ   ᠶᠢᠨ  ᠶᠠᠰᠤ  ᠴᠢᠨᠠᠷ ᠢ  ᠲᠡᠭᠡᠭᠰᠢᠯᠡᠬᠦᠯᠬᠦ‌‍ᠬᠡᠷᠡᠭᠲᠠᠢ᠃         ᠠᠷᠠᠳᠴᠢᠯᠠᠯ  ᠢᠶᠠᠷ ᠠᠬᠢᠭᠤᠯᠬᠤ ᠡᠪᠯᠡᠯ ᠤᠨ ᠲᠦᠪ ᠬᠤᠷᠢᠶᠠᠨ ᠤ ᠲᠡᠳ᠋ ᠲᠡᠷᠢᠬᠦᠯᠡᠭᠴᠢ ᠵᠦ  ᠶᠦᠩ  ᠰᠢᠨ  ᠭᠡᠰᠢᠬᠦᠨ‌‍ᠰᠠᠨᠠᠭᠤᠯᠬᠤ  ᠳᠠᠭᠠᠨ᠄ ︽ᠬᠢᠴᠢᠶᠡᠯ ᠲᠦᠷᠦᠯ᠂ ᠵᠢᠭᠠᠬᠤ ᠮᠠᠲ᠋ᠧᠷᠢᠶᠠᠯ ᠪᠠ ᠬᠢᠴᠢᠶᠡᠯ ᠤᠨ ᠲᠠᠩᠬᠢᠮ ᠤᠨ ᠵᠢᠭᠠᠨ  ᠰᠤᠷᠭᠠᠯᠲᠠ  ᠵᠢᠨ‌ᠦᠭᠡᠷᠡᠴᠢᠯᠡᠯᠲᠡ ᠶᠢ ᠬᠦᠨᠵᠡᠭᠡᠢ ᠬᠡᠷᠡᠭᠵᠢᠬᠦᠯᠵᠤ᠂ ᠠᠳᠠᠯᠢ ᠪᠤᠰᠤ ᠬᠢᠴᠢᠶᠡᠯ ᠲᠦᠷᠦᠯ ᠳᠤ ᠲᠠᠪᠳᠠᠭᠳᠠᠵᠤ ᠪᠠᠶᠢᠭ᠎ᠠ ᠮᠡᠳᠡᠯᠭᠡ  ᠵᠢᠨ‌‍ᠴᠡᠭ ᠪᠤᠯᠤᠨ ᠠᠭᠤᠯᠭ᠎ᠠ   ᠶᠢ  ᠰᠤᠳᠤᠯᠤᠨ  ᠨᠡᠶᠢᠯᠡᠬᠦᠯᠬᠦ  ᠡᠷᠴᠢᠮ   ᠢᠶᠠᠨ  ᠴᠢᠩᠭᠠᠷᠠᠭᠤᠯᠵᠤ᠂  ᠬᠢᠴᠢᠶᠡᠯ ᠤᠨ  ᠠᠭᠤᠯᠭ᠎ᠠ  ᠵᠢ‌‍ᠪᠠᠭᠠᠰᠬᠠᠨ᠂ ᠬᠢᠴᠢᠶᠡᠯ ᠲᠦᠷᠦᠯ ᠤᠨ ᠰᠠᠭᠤᠷᠢ ᠪᠠᠷᠢᠮᠵᠢᠶᠠᠨ ᠤ ᠬᠦᠴᠢᠷᠳᠡᠯ ᠢ ᠪᠠᠭᠤᠷᠠᠭᠤᠯᠵᠤ᠂  ᠤᠯᠠᠩᠬᠢ  ᠰᠤᠷᠤᠭᠴᠢ  ᠴᠦᠮ‌ᠦᠨᠳᠦᠰᠦᠨ ᠳᠡᠭᠡᠨ ᠡᠵᠡᠮᠰᠢᠵᠤ ᠲᠡᠶᠢᠯᠬᠦ  ᠪᠤᠯᠭᠠᠨ᠎ᠠ᠃  ᠡᠬᠦᠨ   ᠠᠴᠠ  ᠭᠠᠳᠠᠨ᠎ᠠ᠂  ᠲᠤᠮᠳᠠᠳᠤ  ᠪᠠᠭ᠎ᠠ  ᠰᠤᠷᠭᠠᠭᠤᠯᠢ  ᠵᠢᠨ‌‍ᠰᠤᠷᠤᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭ᠎ᠠ᠂ ᠬᠢᠴᠢᠶᠡᠯ ᠤᠨ ᠲᠠᠷᠠᠭᠠᠬᠢ  ᠲᠠᠰᠬᠠᠯ ᠤᠨ  ᠬᠡᠮᠵᠢᠶ᠎ᠡ   ᠶᠢ  ᠰᠤᠷᠭᠠᠨ‌‍ᠬᠦ᠋ᠮᠦᠵᠢᠯ ᠤᠨ ᠬᠢᠨᠠᠯᠲᠠ ᠲᠠᠯᠪᠢᠬᠤ ᠬᠡᠪᠴᠢᠶ᠎ᠡ ᠳᠤ ᠤᠷᠤᠭᠤᠯᠬᠤ ᠬᠡᠷᠡᠭᠲᠠᠢ︾ ᠭᠡᠵᠠᠢ᠃                ᠯᠢᠦ  ᠰᠢ  ᠶᠠ  ᠪᠠᠰᠠ  ᠢᠯᠡᠷᠭᠡᠶᠢᠯᠡᠬᠦ   ᠳᠡᠭᠡᠨ᠄  ︽ᠲᠤᠮᠳᠠᠳᠤ  ᠪᠠᠭ᠎ᠠ  ᠰᠤᠷᠭᠠᠭᠤᠯᠢ  ᠪᠤᠯᠤᠨ  ᠪᠠᠭᠰᠢ  ᠨᠠᠷ ‍ᠤᠨ‌‍ᠪᠤᠯᠪᠠᠰᠤᠷᠠᠯ ᠤᠨ ᠪᠠᠶᠢᠭᠤᠯᠤᠮᠵᠢ ᠶᠢᠨ ᠠᠵᠢᠯᠯᠠᠭ᠎ᠠ ᠳᠤ ᠤᠷᠤᠯᠴᠠᠬᠤ ᠶᠢ ᠴᠢᠩᠭ᠎ᠠ ᠬᠠᠮᠢᠶᠠᠷᠬᠤ  ᠬᠡᠷᠡᠭᠲᠠᠢ᠃  ᠲᠤᠮᠳᠠᠳᠤ  ᠪᠠᠭ᠎ᠠ‌‍ᠰᠤᠷᠭᠠᠭᠤᠯᠢ ᠬᠢᠭᠡᠳ ᠪᠤᠯᠪᠠᠰᠤᠷᠠᠯ ᠤᠨ ᠪᠠᠶᠢᠭᠤᠯᠤᠮᠵᠢ ᠶᠢᠨ ᠲᠠᠯᠳᠠᠭᠤᠷ ᠬᠠᠮᠳᠤᠷᠠᠯᠴᠠᠵᠤ᠂ ᠪᠤᠯᠪᠠᠰᠤᠷᠠᠯ ᠪᠠ ᠰᠤᠷᠤᠭᠴᠢ ᠡᠯᠰᠡᠬᠦ‌ᠵᠢ ᠬᠤᠯᠪᠤᠭᠳᠠᠭᠤᠯᠬᠤ ᠶᠢ ᠴᠠᠭᠠᠵᠠᠯᠠᠬᠤ ᠬᠡᠷᠡᠭᠲᠠᠢ︾ ᠭᠡᠵᠠᠢ᠃                ᠲᠦᠪᠡᠳ ᠤᠨ ᠦᠪᠡᠷᠲᠡᠭᠡᠨ ᠵᠠᠰᠠᠬᠤ ᠤᠷᠤᠨ ᠤ ᠮᠧᠳᠤᠭ ᠰᠢᠶᠠᠨ ᠤ ᠪᠠᠩ ᠰᠢᠨ ᠰᠢᠶᠠᠩ ᠪᠠᠭ᠎ᠠ  ᠰᠤᠷᠭᠠᠭᠤᠯᠢ  ᠵᠢᠨ‌ᠵᠠᠬᠢᠷᠤᠯ ᠭᠠᠯᠰᠠᠩᠳᠤᠷᠵᠢ ᠲᠦᠯᠦᠭᠡᠯᠡᠭᠴᠢ ᠰᠠᠨᠠᠭᠤᠯᠬᠤ ᠳᠠᠭᠠᠨ᠂ ᠤᠷᠤᠨ ᠨᠤᠳᠤᠭ ᠤᠨ ᠤᠨᠴᠠᠯᠢᠭ ᠪᠦᠬᠦᠢ ᠬᠢᠴᠢᠶᠡᠯ ᠲᠦᠷᠦᠯ ᠢ‌ᠢᠯᠡᠭᠦᠭᠡᠨ ᠨᠡᠭᠡᠭᠡᠵᠤ᠂ ᠡᠭᠡ ᠤᠷᠤᠨ ᠢᠶᠠᠨ ᠬᠠᠶᠢᠷᠯᠠᠬᠤ ᠨᠤᠳᠤᠭ ᠤᠰᠤ ᠪᠠᠨ ᠬᠠᠶᠢᠷᠠᠯᠠᠬᠤ ᠬᠦᠮᠦᠵᠢᠯ ᠲᠠᠢ  ᠤᠶᠠᠯᠳᠤᠭᠤᠯᠤᠨ᠂ᠰᠤᠷᠤᠭᠴᠢᠳ ᠤᠨ ᠲᠤᠷ᠎ᠠ ᠰᠤᠨᠢᠷᠬᠠᠯ ᠲᠠᠢ ᠨᠡᠶᠢᠭᠡᠮᠯᠢᠭ ᠤᠨ ᠠᠵᠢᠯᠯᠠᠭ᠎ᠠ   ᠶᠢ  ᠢᠯᠡᠬᠦᠭᠡᠨ  ᠦᠷᠨᠢᠬᠦᠯᠵᠤ᠂  ᠰᠤᠷᠤᠭᠴᠢᠳ ‍ᠤᠨ‌‍ᠪᠦ᠋ᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠬᠡᠷᠡᠭᠲᠠᠢ ᠭᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号