ᠬᠥᠬᠡᠬᠤᠲᠠ  ᠡᠨᠡ ᠤᠨ ᠳᠤ ᠰᠤᠷᠤᠬᠴᠢᠳ ᠢ ᠦᠳᠡᠯᠡᠭᠦᠯᠬᠦ ᠬᠤᠭᠤᠯᠠᠨ ᠤ ᠭᠠᠵᠠᠷ ᠵᠡᠷᠭᠡ ᠶᠢ ᠬᠢᠨᠠᠨ ᠬᠠᠮᠢᠶᠠᠷᠬᠤ ᠬᠡᠪᠴᠢᠶᠠᠨ ᠳᠤ ᠤᠷᠤᠭᠤᠯᠤᠨ᠎ᠠ
ᠨᠡᠶᠢᠲᠡᠯᠡᠭᠰᠡᠨ ᠴᠠᠭ᠄
2018-03-21
      ᠰᠤᠷᠪᠤᠯᠵᠢᠯᠠᠭᠴᠢ ᠰᠡᠬᠦᠯ ᠤᠨ ᠦᠶ᠎ᠠ ᠳᠤ ᠬᠦᠬᠡᠬᠤᠲᠠ ᠶᠢᠨ ᠢᠲᠡᠭᠡᠨ ᠤ ᠵᠦᠢᠯ ᠡᠮ ᠲᠠᠩ ᠤᠨ ᠵᠦᠢᠯᠡᠰ ᠢ ᠬᠢᠨᠠᠨ ᠬᠠᠮᠢᠶᠠᠷᠬᠤ ᠲᠤᠪᠴᠢᠶᠠᠨ ᠠᠴᠠ ᠤᠶᠢᠯᠠᠭᠠᠭᠰᠠᠨ ᠢᠶᠠᠷ᠂ ᠡᠨᠡ ᠤᠨ ᠳᠤ ᠬᠦᠬᠡᠬᠤᠲᠠ ᠢᠲᠡᠭᠡᠨ ᠤ ᠵᠦᠢᠯ ᠡᠮ ᠲᠠᠩ ᠤᠨ ᠵᠦᠢᠯᠡᠰ ᠤᠨ ᠶᠡᠷᠦᠩᠬᠡᠶᠢᠯᠡᠭᠰᠡᠨ ᠴᠡᠭᠴᠡᠯᠡᠯᠲᠡ ᠪᠠ ᠲᠤᠰᠬᠠᠢ ᠴᠡᠭᠴᠡᠯᠡᠯᠲᠡ ᠶᠢᠨ ᠠᠵᠢᠯ ᠢ ᠦᠷᠬᠦᠯᠵᠢᠯᠡᠨ ᠠᠬᠢᠭᠤᠯᠵᠤ᠂ ᠤᠯᠠᠨ ᠲᠦᠮᠡᠨ ᠢ ᠠᠮᠤᠷ ᠲᠦᠪᠰᠢᠨ᠂ ᠵᠤᠯ ᠵᠢᠷᠭᠠᠯ ᠲᠠᠢ᠂ ᠬᠦᠷᠲᠡᠭᠡᠮᠵᠢᠲᠦ ᠰᠡᠳᠬᠢᠯᠭᠡ ᠲᠠᠢ ᠪᠤᠯᠭᠠᠬᠤ ᠪᠤᠯᠤᠨ᠎ᠠ᠃      ᠤᠶᠢᠯᠠᠭᠠᠭᠰᠠᠨ ᠢᠶᠠᠷ ᠬᠦᠬᠡᠬᠤᠲᠠ ᠶᠢᠨ ᠢᠲᠡᠭᠡᠨ ᠤ ᠵᠦᠢᠯ ᠡᠮ ᠲᠠᠩ ᠤᠨ ᠵᠦᠢᠯᠡᠰ ᠢ ᠬᠢᠨᠠᠨ ᠬᠠᠮᠢᠶᠠᠷᠬᠤ ᠲᠤᠪᠴᠢᠶ᠎ᠠ ︽ᠭᠠᠯ ᠲᠤᠭᠤᠭᠠᠨ ᠤ ᠦᠷᠦᠭᠡᠨ ᠤ ᠬᠤᠪᠢᠰᠬᠠᠯ︾ ᠲᠤᠰᠬᠠᠢ ᠲᠦᠷᠦᠯ ᠤᠨ ᠴᠡᠭᠴᠡᠯᠡᠯᠲᠡ ᠶᠢᠨ ᠦᠷ᠎ᠠ ᠪᠦᠲᠦᠭᠡᠯ ᠢ ᠪᠠᠲᠤᠵᠢᠭᠤᠯᠵᠤ᠂ ᠰᠤᠷᠤᠭᠴᠢᠳ ᠤᠨ ︽ᠲᠦᠭᠦᠮ ᠬᠤᠭᠤᠯᠠᠨ ᠤ ᠭᠠᠵᠠᠷ︾᠂ ︽ᠠᠶᠢᠯ ᠡᠷᠦᠬᠡ ᠶᠢᠨ ᠬᠤᠭᠤᠯᠠᠨ ᠤ ᠭᠠᠵᠠᠷ︾ ᠵᠡᠷᠭᠡ ᠶᠢ ᠬᠢᠨᠠᠨ ᠬᠠᠮᠤᠷᠬᠤ ᠬᠡᠪᠴᠢᠶᠠᠨ ᠳᠡᠭᠡᠨ ᠤᠷᠤᠭᠤᠯᠵᠤ᠂ ᠬᠤᠭᠤᠯᠠ ᠤᠮᠲᠠᠭᠠᠨ ᠤ ᠦᠢᠯᠡᠴᠢᠯᠡᠭᠡᠨ ᠤ ᠬᠢᠨᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ︔ ᠡᠳ᠋ᠰᠢᠬᠦᠯᠵᠦ ᠪᠤᠯᠪᠠᠰᠤᠷᠠᠭᠤᠯᠬᠤ᠂ ᠭᠦᠢᠯᠭᠡᠭᠡᠯᠡᠬᠦ᠂ ᠬᠤᠭ ᠨᠤᠪᠰᠢ ᠰᠢᠢᠳᠪᠦᠷᠢᠯᠡᠬᠦ ᠵᠡᠷᠭᠡ ᠶᠢ ᠪᠦᠬᠦ ᠲᠠᠯ᠎ᠠ ᠪᠠᠷ ᠬᠢᠨᠠᠨ ᠡᠵᠡᠮᠳᠡᠨ᠎ᠡ︔ ᠡᠮᠳᠤ ᠪᠤᠲᠠᠰ᠂ ᠡᠮ ᠤᠨ ᠦᠯᠡᠲᠡᠪᠦᠷᠢ ᠵᠡᠷᠭᠡ ᠶᠢ ᠴᠢᠩᠭ᠋᠎ᠠ ᠰᠡᠷᠭᠡᠶᠢᠯᠡᠵᠦ᠂ ᠬᠦᠲᠡᠭᠡ ᠤᠷᠤᠨ ᠨᠤᠲᠤᠭ ᠤᠨ ᠢᠲᠡᠭᠡᠨ ᠤ ᠠᠶᠤᠯᠭᠦᠢ ᠶᠢ ᠪᠠᠲᠤᠯᠠᠨ᠎ᠠ︔ ᠰᠤᠷᠭᠠᠭᠤᠯᠢ ᠶᠢᠨ ᠬᠦᠷᠢᠶᠠᠨ ᠤ ᠤᠶᠢᠷ᠎ᠠ ᠬᠠᠪᠢ ᠶᠢᠨ ᠵᠢᠵᠢᠭ ᠲᠡᠯᠭᠡᠭᠦᠷ ᠵᠡᠷᠭᠡ ᠶᠢ ᠴᠢᠩᠭ᠋᠎ᠠ ᠪᠠᠶᠢᠴᠠᠭᠠᠵᠤ᠂ ᠡᠷᠡᠬᠦᠯᠵᠢᠯ ᠤᠨ ᠡᠳ᠋᠂ ᠭᠤᠶᠤᠯᠠᠯ ᠤᠨ ᠡᠳ᠋ ᠵᠡᠷᠭᠡ ᠶᠢᠨ ᠬᠠᠦᠯᠢ ᠶᠤᠰᠤᠨ ᠤ ᠡᠵᠡᠩᠨᠡᠯᠲᠡ ᠶᠢ ᠪᠠᠶᠢᠴᠠᠭᠠᠵᠤ᠂ ᠴᠢᠩᠭ᠋᠎ᠠ ᠬᠢᠨᠠᠨ ᠬᠠᠮᠢᠶᠠᠷᠬᠤ ᠪᠤᠯᠤᠨ᠎ᠠ᠃
 
ᠢᠷᠡᠯᠲᠡ᠄ ᠬᠥᠬᠡᠬᠤᠲᠠ  ᠶᠢᠨ ᠡᠳᠥᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号