ᠨᠢᠭᠡ᠂ ᠵᠢᠭᠤᠯᠴᠢᠯᠠᠭᠴᠢᠳ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠳᠤ | ᠨᠡᠶᠢᠴᠡᠬᠦᠯᠬᠦ ᠬᠡᠷᠡᠭᠲᠡᠢ | ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ | ᠬᠡᠷᠡᠭᠵᠢᠭᠦᠯᠬᠦ ᠲᠣᠭᠲᠠᠭᠠᠯ︾ ᠢ ᠦᠨᠳᠦᠰᠦᠯᠡᠪᠡᠯ᠂ ᠵᠢᠭᠤᠯᠴᠢᠯᠠᠭᠴᠢᠳ ᠵᠢᠭᠤᠯᠴᠢᠯᠠᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠵᠠᠭᠠᠯᠳᠤᠯᠭ᠎ᠠ ᠬᠢᠬᠦ ᠳᠤ ᠡᠷᠬᠡᠪᠰᠢ ᠳᠣᠣᠷ᠎ᠠ ᠵᠢᠭᠰᠠᠭᠠᠭᠰᠠᠨ | ᠨᠥᠬᠦᠴᠡᠯ ᠳᠤ ᠨᠡᠶᠢᠴᠡᠭᠦᠯᠬᠦ ᠬᠡᠷᠡᠭᠲᠡᠢ᠄ | ︵ᠨᠢᠭᠡ︶ ᠵᠠᠭᠠᠯᠳᠤᠭᠴᠢ ᠨᠢ ᠲᠤᠰ ᠬᠡᠷᠡᠭ ᠯᠦᠭᠡ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ | ᠵᠢᠭᠤᠯᠴᠢᠯᠠᠭᠴᠢᠳ᠂ ᠭᠠᠳᠠᠭᠠᠳᠤ ᠶᠢᠨ ᠵᠢᠭᠤᠯᠴᠢᠯᠠᠯ ᠤᠨ ᠬᠤᠳᠠᠯᠳᠤᠭᠠᠴᠢᠨ᠂ ᠤᠯᠤᠰ ᠤᠨ ᠲᠣᠲᠤᠭᠠᠳᠤ ᠶᠢᠨ | ᠵᠢᠭᠤᠯᠴᠢᠯᠠᠯ ᠤᠨ ᠡᠵᠡᠩᠨᠡᠭᠴᠢ ᠪᠠ ᠠᠵᠢᠯᠯᠠᠭᠰᠠᠳ ᠪᠠᠶᠢᠬᠤ᠃ | ︵ᠬᠤᠶᠠᠷ︶ ᠲᠣᠳᠣᠷᠬᠠᠢ ᠵᠠᠭᠠᠯᠳᠤᠭᠳᠠᠭᠴᠢ ᠲᠠᠢ᠂ ᠪᠣᠲᠠᠲᠠᠢ ᠵᠠᠭᠠᠯᠳᠤᠬᠰᠠᠨ ᠭᠤᠶᠤᠴᠢᠯᠠᠯ ᠪᠠ ᠪᠣᠳᠠᠲᠤ | ᠬᠡᠷᠡᠭ ᠤᠨ ᠦᠨᠳᠦᠰᠦᠯᠡᠯ ᠪᠠᠶᠢᠬᠤ᠃ | ︵ᠭᠤᠷᠪᠠ︶ ︽ᠵᠢᠭᠤᠯᠴᠢᠯᠠᠯ ᠤᠨ ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾ ᠳᠤ | ᠵᠢᠭᠰᠠᠭᠠᠭᠰᠠᠨ ᠵᠢᠭᠤᠯᠴᠢᠯᠠᠯ ᠤᠨ ᠵᠠᠭᠠᠯᠳᠤᠬᠤ ᠬᠡᠪᠴᠢᠶᠡᠨ ᠳᠤ ᠬᠠᠷᠢᠶᠠᠯᠠᠭᠳᠠᠬᠤ᠃ | ᠬᠤᠶᠠᠷ᠂ ᠵᠢᠭᠤᠯᠴᠢᠯᠠᠭᠴᠢᠳ ᠳᠣᠣᠷ᠎ᠠ ᠵᠢᠭᠰᠠᠭᠠᠭᠰᠠᠨ ᠪᠠᠶᠢᠳᠠᠯ ᠤᠨ ᠳᠣᠣᠷ᠎ᠠ ᠵᠢᠭᠤᠯᠴᠢᠯᠠᠯ ᠤᠨ | ᠵᠠᠭᠠᠯᠳᠤᠯᠭ᠎ᠠ ᠬᠢᠬᠦ ᠬᠠᠮᠢᠶᠠᠷᠤᠯᠲᠠ ᠶᠢᠨ ᠪᠠᠶᠢᠭᠤᠯᠭ᠎ᠠ ᠳᠤ ᠵᠠᠭᠠᠯᠳᠤᠵᠤ ᠪᠣᠯᠣᠨ᠎ᠠ | ︵ᠨᠢᠭᠡ︶ ᠵᠢᠭᠤᠯᠴᠢᠯᠠᠯ ᠤᠨ ᠡᠵᠡᠩᠨᠡᠭᠴᠢ ᠭᠡᠷ᠎ᠡ ᠪᠣᠶᠤ ᠵᠦᠪᠯᠡᠯᠴᠡᠭᠡᠷ ᠢᠶᠠᠨ ᠭᠦᠢᠴᠡᠳᠬᠡᠭᠰᠡᠨ ᠦᠭᠡᠢ ᠭᠡᠵᠦ | ᠦᠵᠡᠬᠦ᠃ | ︵ᠬᠤᠶᠠᠷ︶ ᠵᠢᠭᠤᠯᠴᠢᠯᠠᠯ ᠤᠨ ᠡᠵᠡᠩᠨᠡᠭᠴᠢ ᠦᠨ᠎ᠡ ᠬᠠᠩᠰᠢ ᠶᠠᠰᠤ ᠴᠢᠨᠠᠷ ᠨᠢ ᠨᠡᠶᠢᠴᠡᠭᠰᠡᠨ | ᠵᠢᠭᠤᠯᠴᠢᠯᠠᠯ ᠤᠨ ᠦᠢᠯᠡᠴᠢᠯᠡᠭᠡ ᠬᠠᠩᠭᠠᠭᠰᠠᠨ ᠦᠭᠡᠢ ᠭᠡᠵᠦ ᠦᠵᠡᠬᠦ᠃ | ︵ᠭᠤᠷᠪᠠ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ | ᠲᠡᠭᠡᠭᠡᠰᠢ ᠶᠠᠭᠤᠮ᠎ᠠ ᠬᠡᠤᠮ᠎ᠠ ᠶᠢ ᠰᠦᠢᠳᠭᠡᠭᠰᠡᠨ ᠪᠤᠶᠤ ᠭᠡᠭᠡᠭᠰᠡᠨ ᠭᠡᠵᠦ ᠦᠵᠡᠬᠦ᠃ | ︵ᠳᠥᠷᠪᠡ︶ ᠵᠢᠭᠤᠯᠴᠢᠯᠠᠯ ᠤᠨ ᠡᠵᠡᠩᠨᠡᠭᠴᠢ ᠵᠣᠷᠢᠭᠤᠳᠠ ᠪᠣᠶᠤ ᠣᠰᠣᠯ ᠠᠴᠠ ᠪᠣᠯᠵᠤ ᠵᠠᠭᠠᠯᠳᠤᠭᠴᠢ ᠶᠢᠨ | ᠪᠡᠶ᠎ᠡ ᠮᠠᠬᠠᠪᠤᠳ ᠢ ᠭᠡᠮᠲᠦᠭᠡᠭᠰᠡᠨ ᠭᠡᠵᠦ ᠦᠵᠡᠬᠦ᠃ | ︵ᠲᠠᠪᠤ︶ ᠵᠢᠭᠤᠯᠴᠢᠯᠠᠯ ᠤᠨ ᠡᠵᠡᠩᠨᠡᠭᠴᠢ ᠵᠠᠭᠠᠯᠳᠤᠭᠴᠢ ᠶᠢ ᠮᠡᠬᠡᠯᠡᠨ ᠬᠢᠬᠠᠵᠤ᠂ ᠵᠠᠭᠠᠯᠳᠤᠭᠴᠢ ᠶᠢᠨ ᠠᠰᠢᠭ | ᠲᠤᠰᠠ ᠶᠢ ᠬᠤᠬᠢᠷᠠᠭᠤᠯᠤᠭᠰᠠᠨ ᠭᠡᠵᠦ ᠦᠵᠡᠬᠦ᠃ | ︵ᠵᠢᠷᠭᠤᠭ᠎ᠠ︶ ᠵᠢᠭᠤᠯᠴᠢᠯᠠᠯ ᠤᠨ ᠡᠵᠡᠩᠨᠡᠯᠲᠡ ᠬᠢᠵᠦ ᠪᠠᠶᠢᠭ᠎ᠠ ᠨᠢᠭᠡᠴᠡ ᠶᠢᠨ ᠠᠵᠢᠯᠲᠠᠨ ᠠᠵᠢᠯᠴᠢᠨ | ᠳᠠᠯᠳᠠᠭᠤᠷ ᠰᠠᠭᠤᠳᠬᠠᠯ ᠬᠦᠯᠢᠶᠡᠨ ᠠᠪᠤᠭᠰᠠᠨ ᠪᠠ ᠭᠠᠷ ᠴᠠᠶᠢᠯᠭᠠᠬᠤ ᠮᠦᠩᠭᠦ ᠨᠡᠬᠡᠵᠦ ᠠᠪᠤᠭᠰᠠᠨ᠃ | ︵ᠳᠣᠯᠤᠭ᠎ᠠ︶ ᠵᠠᠭᠠᠯᠳᠤᠭᠴᠢ ᠶᠢᠨ ᠠᠰᠢᠭ ᠲᠤᠰᠡ ᠶᠢ ᠬᠤᠬᠢᠷᠠᠭᠤᠯᠤᠭᠰᠠᠨ ᠪᠣᠰᠤᠳ ᠵᠦᠢᠯ᠃ | ᠭᠤᠷᠪᠡ᠂ ᠵᠢᠭᠤᠯᠴᠢᠯᠠᠭᠴᠢᠳ ᠵᠠᠭᠠᠯᠳᠤᠬᠤ ᠪᠢᠴᠢᠭ ᠪᠢᠴᠢᠭᠯᠡᠬᠦ ᠳᠤ ᠳᠣᠣᠷ᠎ᠠ ᠵᠢᠭᠰᠠᠭᠠᠭᠰᠠᠨ ᠵᠦᠢᠯᠡᠰ ᠢ | ᠲᠣᠳᠤᠷᠬᠠᠢ ᠲᠡᠮᠳᠡᠭᠯᠡᠬᠦ ᠬᠡᠷᠡᠭᠲᠡᠢ | ︵ᠨᠢᠭᠡ︶ ᠵᠠᠭᠠᠯᠳᠤᠭᠴᠢ ᠶᠢᠨ ᠣᠪᠣᠭ ᠨᠡᠷ᠎ᠡ᠂ ᠬᠦᠢᠰᠦ ᠶᠢᠨ ᠢᠯᠭᠠᠯ᠂ ᠤᠯᠤᠰ ᠤᠨ ᠬᠠᠷᠢᠶ᠎ᠡ᠂ ᠡᠷᠬᠢᠯᠡᠭᠰᠡᠨ | ᠠᠵᠢᠯ᠂ ᠨᠠᠰᠤ᠂ ᠨᠢᠭᠡᠴᠡ ︵ᠪᠥᠯᠬᠦᠮ ᠨᠡᠶᠢᠲᠡ︶ ᠶᠢᠨ ᠨᠡᠷᠡᠶᠢᠳᠦᠯ ᠪᠣᠯᠣᠨ ᠬᠠᠶ᠋ᠢᠭ᠃ | ︵ᠬᠤᠶᠠᠷ︶ ᠵᠠᠭᠠᠯᠳᠤᠭᠳᠠᠭᠴᠢ ᠶᠢᠨ ᠨᠢᠭᠡᠴᠡ ᠶᠢᠨ ᠨᠡᠷᠡᠶᠢᠳᠦᠯ ᠪᠣᠶᠤ ᠣᠪᠣᠭ ᠨᠡᠷ᠎ᠡ᠂ ᠪᠠᠶᠢᠭ᠎ᠠ ᠭᠠᠵᠠᠷ᠃ | ︵ᠭᠤᠷᠪᠠ︶ ᠵᠠᠭᠠᠯᠳᠤᠭᠰᠠᠨ ᠬᠦᠰᠡᠯ ᠱᠠᠭᠠᠷᠳᠠᠯᠭ᠎ᠠ ᠪᠠ ᠦᠨᠳᠦᠰᠦᠯᠡᠭᠰᠡᠨ ᠪᠣᠳᠠᠲᠤ ᠬᠡᠷᠡᠭ ᠬᠢᠭᠡᠳ | ᠰᠢᠯᠲᠠᠭᠠᠨ᠃ | ᠳᠥᠷᠪᠡ᠂ ᠵᠢᠭᠤᠯᠴᠢᠯᠠᠯ ᠤᠨ ᠵᠠᠭᠠᠯᠳᠤᠯᠭ᠎ᠠ ᠬᠢᠭᠰᠡᠳ ᠤᠨ ᠡᠷᠬᠡ | ᠵᠠᠭᠠᠯᠳᠤᠭᠴᠢᠳ ᠵᠢᠭᠤᠯᠴᠢᠯᠠᠯ ᠤᠨ ᠵᠠᠭᠠᠯᠳᠤᠯᠭ᠎ᠠ ᠬᠢᠬᠦ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠠᠦᠯᠢ | ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠪᠠᠷ ᠱᠠᠭᠠᠷᠳᠠᠬᠤ ᠵᠠᠭᠠᠯᠳᠤᠯᠭ᠎ᠠ ᠬᠢᠬᠦ ᠬᠦᠴᠦᠨ ᠲᠠᠢ ᠬᠤᠭᠤᠴᠠᠭ᠎ᠠ ᠨᠢ | 60 ᠡᠳᠦᠷ ︵ᠵᠠᠭᠠᠯᠳᠤᠯᠭ᠎ᠠ ᠬᠢᠬᠦ ᠬᠦᠴᠦᠨ ᠲᠠᠢ ᠬᠤᠭᠤᠴᠠᠭ᠎ᠠ ᠶᠢ ᠵᠠᠭᠠᠯᠳᠤᠭᠴᠢ ᠠᠴᠠ ᠡᠷᠬᠡ ᠠᠰᠢᠭ ᠨᠢ | ᠬᠠᠯᠳᠠᠭᠳᠠᠭᠰᠠᠨ ᠢ ᠮᠡᠳᠡᠭᠰᠡᠨ ᠪᠣᠶᠤ ᠮᠡᠳᠡᠪᠡᠰᠦ ᠵᠣᠬᠢᠬᠤ ᠦᠶ᠎ᠡ ᠠᠴᠠ ᠡᠬᠢᠯᠡᠵᠦ ᠪᠣᠳᠣᠨ᠎ᠠ︶᠃ ᠵᠠᠭᠠᠯᠳᠤᠯᠭ᠎ᠠ ᠶᠢ | ᠬᠦᠯᠢᠶᠡᠨ ᠠᠪᠴᠤ ᠰᠢᠢᠳᠪᠦᠷᠢᠯᠡᠬᠦ ᠬᠤᠭᠤᠴᠠᠭᠠᠨ ᠳᠤ᠂ ᠵᠠᠭᠠᠯᠳᠤᠭᠴᠢ ᠵᠠᠭᠠᠯᠳᠤᠯᠭ᠎ᠠ ᠶᠢ ᠰᠢᠢᠳᠪᠦᠷᠢᠯᠡᠭᠰᠡᠨ | ᠪᠠᠶᠢᠳᠠᠯ ᠢ ᠣᠶᠢᠯᠠᠭᠠᠬᠤ ᠡᠷᠬᠡ ᠲᠠᠢ︔ ᠡᠶᠡᠳᠡᠭᠦᠯᠬᠦ ᠶᠢ ᠭᠤᠶᠤᠴᠢᠯᠠᠬᠤ ᠡᠷᠬᠡ ᠲᠠᠢ︔ ᠵᠠᠭᠠᠯᠳᠤᠭᠳᠠᠭᠴᠢ ᠯᠤᠭ᠎ᠠ | ᠦᠪᠡᠷ ᠲᠡᠭᠡᠨ ᠡᠶᠡᠳᠡᠬᠦ ᠡᠷᠬᠡ ᠲᠠᠢ︔ ᠵᠠᠭᠠᠯᠳᠤᠭᠰᠠᠨ ᠭᠤᠶᠤᠴᠢᠯᠠᠯ ᠢᠶᠠᠨ ᠪᠣᠯᠢᠬᠤ ᠪᠣᠶᠤ ᠬᠤᠪᠢᠷᠠᠭᠠᠬᠤ ᠡᠷᠬᠡ ᠲᠠᠢ | ᠃ | ᠲᠠᠪᠤ᠂ ᠵᠢᠭᠤᠯᠴᠢᠯᠠᠯ ᠤᠨ ᠵᠠᠭᠠᠯᠳᠤᠯᠭ᠎ᠠ ᠬᠢᠭᠰᠡᠨ ᠬᠡᠷᠡᠭ ᠢ ᠰᠢᠬᠦᠬᠦ ᠳᠤ ᠲᠣᠬᠢᠷᠠᠬᠤ ᠵᠢᠭᠤᠯᠴᠢᠯᠠᠯ ᠤᠨ ᠬᠠᠦᠯᠢ | ᠲᠣᠭᠲᠠᠭᠠᠯ᠂ ᠳᠦᠷᠢᠮ ᠲᠣᠭᠲᠠᠭᠠᠯ | ︽ᠵᠢᠭᠤᠯᠴᠢᠯᠠᠯ ᠤᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ︾ ᠪᠣᠯᠣᠨ ᠲᠡᠭᠦᠨ ᠢ ᠬᠡᠷᠡᠭᠵᠢᠭᠦᠯᠬᠦ ᠨᠠᠷᠢᠨ | ᠳᠦᠷᠢᠮ᠂ ︽ᠵᠢᠭᠤᠯᠴᠢᠯᠠᠭᠤᠯᠬᠤ ᠠᠵᠢᠯᠲᠠᠨ ᠤ ᠬᠠᠮᠢᠶᠠᠷᠤᠯᠲᠠ ᠶᠢᠨ ᠳᠦᠷᠢᠮ︾᠂ ︽ᠵᠢᠭᠤᠯᠴᠢᠯᠠᠯ ᠤᠨ | ᠵᠠᠭᠠᠯᠳᠤᠯᠭ᠎ᠠ ᠬᠢᠬᠦ ᠲᠦᠷ ᠬᠡᠷᠡᠭᠵᠢᠭᠦᠯᠬᠦ ᠲᠣᠭᠲᠠᠭᠠᠯ︾᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ | ᠪᠠᠲᠤᠯᠠᠭ᠎ᠠ ᠶᠢᠨ ᠮᠥᠩᠭᠦ ᠶᠢᠨ ᠲᠦᠷ ᠬᠡᠷᠡᠭᠵᠢᠭᠦᠯᠬᠦ ᠲᠣᠭᠲᠠᠭᠠᠯ︾ ᠬᠢᠭᠡᠳ ᠲᠡᠭᠦᠨ ᠢ ᠬᠡᠷᠡᠭᠵᠢᠭᠦᠯᠬᠦ ᠨᠠᠷᠢᠨ ᠳᠦᠷᠢᠮ | ᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠲᠥᠯᠦᠬᠦ ᠲᠦᠷ ᠬᠡᠷᠡᠭᠵᠢᠭᠦᠯᠬᠦ | ᠠᠷᠭ᠎ᠠ︾᠂ ︽ᠵᠢᠭᠤᠯᠴᠢᠯᠠᠯ ᠤᠨ ᠬᠤᠷᠢᠶ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠲᠥᠯᠦᠬᠦ ᠲᠤᠷᠰᠢᠨ | ᠬᠡᠷᠡᠭᠵᠢᠭᠦᠯᠬᠦ ᠪᠠᠷᠢᠮᠵᠢᠶ᠎ᠡ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠳᠦᠷᠢᠮ︾ ᠵᠡᠷᠭᠡ᠃ |