ᠵᠢᠭᠤᠯᠴᠢᠯᠠᠭᠴᠢ ᠨᠢ ᠬᠡᠷᠡᠭᠯᠡᠭᠴᠢ ᠪᠣᠯᠬᠤ ᠶᠢᠨ ᠬᠤᠪᠢ ᠳᠤ ᠬᠠᠤᠯᠢ ᠴᠠᠭᠠᠵᠠ ᠠᠴᠠ ᠣᠯᠭᠤᠭᠰᠠᠨ ᠡᠷᠬᠡ ᠶᠢ | ᠮᠡᠳᠡᠬᠦ ᠬᠡᠷᠡᠭᠲᠡᠢ᠃ ᠮᠠᠨ ᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ | ᠦᠨᠳᠥᠰᠥᠯᠡᠪᠡᠯ᠂ ᠵᠢᠭᠤᠯᠴᠢᠯᠠᠭᠴᠢ ᠭᠤᠣᠯᠳᠠᠭᠤ ᠳᠣᠣᠷᠠᠬᠢ ᠬᠡᠳᠦᠨ ᠵᠦᠢᠯ ᠤᠨ ᠡᠷᠬᠡ ᠲᠠᠢ᠃ | ᠵᠢᠭᠤᠯᠴᠢᠯᠠᠬᠤ ᠪᠠᠨ ᠡᠵᠡᠨ ᠮᠡᠳᠡᠨ ᠰᠤᠩᠭᠤᠬᠤ ᠡᠷᠬᠡ | ᠵᠢᠭᠤᠯᠴᠢᠯᠠᠬᠤ ᠪᠠᠨ ᠡᠵᠡᠨ ᠮᠡᠳᠡᠨ ᠰᠤᠩᠭᠤᠬᠤ ᠡᠷᠬᠡ ᠪᠣᠯ ᠵᠢᠭᠤᠯᠴᠢᠯᠠᠭᠴᠢᠳ ᠤᠨ ᠦᠨᠳᠦᠰᠦᠨ ᠡᠷᠬᠡ | ᠪᠣᠯᠣᠨ᠎ᠠ᠃ ᠡᠩ ᠲᠡᠷᠢᠭᠦᠨ ᠳᠤ᠂ ᠵᠢᠭᠤᠯᠴᠢᠯᠠᠭᠴᠢᠳ ᠦᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ᠂ | ᠵᠢᠭᠤᠯᠴᠢᠯᠠᠬᠤ ᠪᠠᠷ ᠵᠣᠷᠢᠭᠰᠠᠨ ᠭᠠᠵᠠᠷ᠂ ᠵᠢᠭᠤᠯᠴᠢᠯᠠᠬᠤ ᠠᠷᠭ᠎ᠠ ᠮᠠᠶ᠋ᠢᠭ᠂ ᠵᠢᠭᠤᠯᠴᠢᠯᠠᠬᠤ ᠴᠠᠭ ᠬᠤᠭᠤᠴᠠᠭ᠎ᠠ᠂ | ᠵᠢᠭᠤᠯᠴᠢᠯᠠᠬᠤ ᠲᠦᠷᠦᠯ ᠵᠦᠢᠯ ᠵᠡᠷᠭᠡ ᠶᠢ ᠴᠢᠯᠦᠭᠡ ᠲᠠᠢ ᠪᠠᠷ ᠰᠤᠩᠭᠤᠵᠦ ᠪᠣᠯᠤᠨ᠎ᠠ᠃ ᠵᠢᠭᠤᠯᠴᠢᠯᠠᠯ ᠤᠨ | ᠦᠢᠯᠡᠴᠢᠯᠡᠭᠡᠨ ᠤ ᠪᠠᠶᠢᠳᠠᠯ ᠢ ᠣᠶᠢᠯᠠᠭᠠᠨ᠂ ᠵᠢᠭᠤᠯᠴᠢᠯᠠᠯ ᠡᠵᠡᠩᠨᠡᠭᠴᠢ ᠶᠢ ᠦᠢᠯᠡᠴᠢᠯᠡᠭᠡᠨ ᠤ ᠠᠭᠤᠯᠭ᠎ᠠ᠂ ᠬᠡᠪᠴᠢᠶ᠎ᠡ | ᠂ ᠴᠠᠭ ᠬᠤᠭᠤᠴᠠᠭ᠎ᠠ᠂ ᠵᠠᠷᠤᠳᠠᠯ ᠵᠡᠷᠭᠡ ᠶᠢ ᠱᠠᠭᠠᠷᠳᠠᠨ ᠬᠠᠩᠭᠠᠯᠭᠠᠨ᠎ᠠ᠃ ᠬᠤᠶᠠᠳᠤᠭᠠᠷ ᠲᠤ᠂ ᠵᠢᠭᠤᠯᠴᠢᠯᠠᠭᠴᠢᠳ | ᠦᠪᠡᠷ ᠤᠨ ᠲᠣᠭᠲᠠᠭᠰᠠᠨ ᠵᠢᠭᠤᠯᠴᠢᠯᠠᠬᠤ ᠠᠶᠠᠨ ᠵᠠᠮ ᠪᠤᠶᠤ ᠵᠢᠭᠤᠯᠴᠢᠨ ᠳᠤ ᠦᠢᠯᠡᠴᠢᠯᠡᠬᠦ ᠭᠠᠵᠠᠷ ᠤᠨ | ᠬᠠᠩᠭᠠᠭᠰᠠᠨ ᠵᠢᠭᠤᠯᠴᠢᠯᠠᠬᠤ ᠵᠠᠮ ᠱᠤᠭᠤᠮ ᠢ ᠦᠨᠳᠥᠰᠥᠯᠡᠨ᠂ ᠵᠢᠭᠤᠯᠴᠢᠨ ᠳᠤ ᠦᠢᠯᠡᠴᠢᠯᠡᠬᠦ ᠭᠠᠵᠠᠷ ᠢ ᠡᠵᠡᠨ | ᠮᠡᠳᠡᠨ ᠰᠤᠩᠭᠤᠵᠦ ᠪᠣᠯᠤᠨ᠎ᠠ᠃ ᠣᠳᠣᠬᠠᠨ ᠳᠤ᠂ ᠮᠠᠨ ᠤ ᠤᠯᠤᠰ ᠵᠢᠭᠤᠯᠴᠢᠨ ᠳᠤ ᠦᠢᠯᠡᠴᠢᠯᠡᠬᠦ ᠭᠠᠵᠠᠷ ᠤᠨ | ᠡᠵᠡᠩᠨᠡᠯᠲᠡ ᠶᠢᠨ ᠬᠡᠪᠴᠢᠶ᠎ᠡ ᠶᠣᠰᠤᠭᠠᠷ᠂ ᠣᠯᠠᠨ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠪᠣᠯᠣᠨ | ᠤᠯᠤᠰ ᠤᠨ ᠲᠣᠲᠤᠭᠠᠳᠦ ᠶᠢᠨ ᠵᠢᠭᠤᠯᠴᠢᠨ ᠳᠤ ᠦᠢᠯᠡᠴᠢᠯᠡᠬᠦ ᠭᠠᠵᠠᠷ ᠭᠡᠵᠦ ᠬᠤᠪᠢᠶᠠᠵᠦ ᠪᠣᠢ᠃ ᠣᠯᠠᠨ | ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠤᠨ ᠡᠵᠡᠩᠨᠡᠯᠳᠡ ᠶᠢᠨ ᠬᠡᠪᠴᠢᠶ᠎ᠡ ᠳᠤ ᠬᠢᠯᠢ ᠪᠠᠷ ᠣᠷᠣᠬᠤ | ᠵᠢᠭᠤᠯᠴᠢᠯᠠᠯ ᠤᠨ ᠲᠤᠬᠠᠶᠢᠯᠠᠭᠰᠠᠨ ᠠᠵᠢᠯ᠂ ᠬᠢᠯᠢ ᠪᠠᠷ ᠭᠠᠷᠬᠤ ᠵᠢᠭᠤᠯᠴᠢᠯᠠᠯ ᠤᠨ ᠲᠣᠬᠠᠶᠢᠯᠠᠭᠰᠠᠨ ᠠᠵᠢᠯ᠂ | ᠤᠯᠤᠰ ᠤᠨ ᠲᠣᠳᠤᠭᠠᠳᠤ ᠶᠢᠨ ᠵᠢᠭᠤᠯᠴᠢᠯᠠᠯ ᠤᠨ ᠲᠣᠬᠠᠶᠢᠯᠠᠭᠰᠠᠨ ᠠᠵᠢᠯ᠂ ᠤᠯᠤᠰ ᠤᠨ ᠲᠣᠳᠤᠭᠠᠳᠤ ᠶᠢᠨ | ᠵᠢᠭᠤᠯᠴᠢᠨ ᠳᠤ ᠦᠢᠯᠡᠴᠢᠯᠡᠬᠦ ᠭᠠᠵᠠᠷ ᠤᠨ ᠡᠵᠡᠩᠨᠡᠯᠳᠡ ᠶᠢᠨ ᠬᠡᠪᠴᠢᠶ᠎ᠡ ᠨᠢ ᠵᠥᠪᠬᠡᠨ ᠤᠯᠤᠰ ᠤᠨ ᠲᠣᠳᠤᠭᠠᠳᠤ ᠶᠢᠨ | ᠵᠢᠭᠤᠯᠴᠢᠯᠠᠯ ᠤᠨ ᠲᠣᠬᠠᠶᠢᠯᠠᠭᠰᠠᠨ ᠠᠵᠢᠯ ᠢᠶᠠᠷ ᠬᠢᠵᠠᠭᠠᠷᠯᠠᠭᠳᠠᠨ᠎ᠠ᠃ ᠤᠯᠠᠨ ᠤᠯᠤᠰ ᠤᠨ ᠵᠢᠭᠤᠯᠴᠢᠨ ᠳᠤ | ᠦᠢᠯᠡᠴᠢᠯᠡᠬᠦ ᠭᠠᠵᠠᠷ ᠨᠢ ᠬᠢᠯᠢ ᠪᠠᠷ ᠭᠠᠷᠬᠤ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠳᠤ ᠤᠯᠤᠰ ᠢᠶᠠᠷ | ᠵᠥᠪᠰᠢᠶᠡᠷᠡᠬᠦᠯᠬᠦ ᠬᠡᠷᠡᠭᠲᠡᠢ ᠪᠠᠶᠢᠳᠠᠭ᠃ | ᠵᠢᠭᠤᠯᠴᠢᠯᠠᠯ ᠤᠨ ᠦᠢᠯᠡᠴᠢᠯᠡᠭᠡᠨ ᠤ ᠪᠠᠶᠢᠳᠠᠯ ᠢ ᠣᠶᠢᠯᠠᠭᠠᠬᠤ ᠡᠷᠬᠡ | ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢᠨ 8 ᠳ᠋ᠤᠭᠠᠷ ᠵᠦᠢᠯ ᠳᠤ᠄ ︽ | ᠬᠡᠷᠡᠭᠯᠡᠭᠴᠢᠳ ᠬᠤᠳᠠᠯᠳᠤᠨ ᠠᠪᠤᠭᠰᠠᠨ᠂ ᠬᠡᠷᠡᠭᠯᠡᠵᠦ ᠪᠠᠶᠢᠭ᠎ᠠ ᠲᠠᠸᠠᠷ ᠪᠤᠶᠤ ᠬᠦᠯᠢᠶᠡᠨ ᠠᠪᠤᠭᠰᠠᠨ ᠦᠢᠯᠡᠴᠢᠯᠡᠭᠡᠨ ᠤ | ᠦᠨᠡᠨ ᠪᠤᠳᠠᠲᠠᠢ ᠪᠠᠶᠢᠳᠠᠯ ᠢ ᠣᠶᠢᠯᠠᠭᠠᠵᠤ ᠮᠡᠳᠡᠬᠦ ᠡᠷᠬᠡ ᠲᠠᠢ︾ ᠭᠡᠵᠦ ᠲᠣᠳᠤᠷᠬᠠᠢ ᠲᠤᠭᠲᠠᠭᠠᠭᠰᠠᠨ ᠪᠠᠶᠢᠳᠠᠭ᠃ | ᠵᠢᠭᠤᠯᠴᠢᠯᠠᠭᠴᠢᠳ ᠵᠢᠭᠤᠯᠴᠢᠯᠠᠯ ᠤᠨ ᠦᠢᠯᠡᠴᠢᠯᠡᠭᠡ ᠬᠦᠯᠢᠶᠡᠬᠦ ᠳᠡᠭᠡᠨ᠂ ᠵᠢᠭᠤᠯᠴᠢᠯᠠᠯ ᠡᠵᠡᠩᠨᠡᠭᠴᠢᠳ ᠠᠴᠠ | ᠵᠢᠭᠤᠯᠴᠢᠯᠠᠭᠴᠢᠳ ᠲᠤ ᠦᠨᠡᠨ ᠪᠤᠳᠠᠲᠠᠢ ᠮᠡᠳᠡᠭᠡ ᠵᠠᠩᠭᠢ ᠬᠠᠩᠭᠠᠬᠤ ᠡᠭᠦᠷᠭᠡ ᠶᠢ ᠬᠠᠷᠢᠭᠤᠴᠠᠵᠤ᠂ | ᠵᠢᠭᠤᠯᠴᠢᠯᠠᠭᠴᠢᠳ ᠢ ᠮᠡᠬᠡᠯᠡᠨ ᠬᠢᠬᠠᠵᠤ ᠬᠠᠭᠤᠷᠴᠤ ᠪᠣᠯᠬᠤ ᠦᠭᠡᠢ᠂ ᠵᠢᠭᠤᠯᠴᠢᠯᠠᠭᠴᠢᠳ ᠵᠠᠮ ᠬᠠᠷᠢᠯᠴᠠᠭᠠᠨ ᠤ | ᠪᠠᠭᠠᠵᠢ ᠶᠢᠨ ᠪᠠᠷᠢᠮᠵᠢᠶ᠎ᠠ᠂ ᠵᠤᠭᠠᠴᠠᠨ ᠦᠵᠡᠬᠦ ᠦᠵᠡᠮᠵᠢ᠂ ᠬᠤᠨᠤᠭ ᠤᠨ ᠪᠠᠷᠢᠮᠵᠢᠶ᠎ᠠ᠂ ᠬᠤᠭᠤᠯᠠ ᠤᠮᠳᠠ ᠶᠢᠨ | ᠪᠠᠷᠢᠮᠵᠢᠶ᠎ᠠ᠂ ᠨᠠᠶᠢᠷ ᠨᠠᠭᠠᠳᠤᠮ ᠤᠨ ᠪᠠᠷᠢᠮᠵᠢᠶ᠎ᠠ᠂ ᠪᠠᠷᠠᠭ᠎ᠠ ᠬᠤᠳᠠᠯᠳᠤᠨ ᠠᠪᠬᠤ ᠤᠳᠠᠭ᠎ᠠ︔ ᠵᠢᠭᠤᠯᠴᠢᠯᠠᠯ ᠤᠨ | ᠦᠨ᠎ᠡ ᠬᠠᠩᠰᠢ︔ ᠭᠡᠷ᠎ᠡ ᠠᠴᠠ ᠵᠦᠷᠢᠴᠡᠭᠰᠡᠨ ᠤ ᠬᠠᠷᠢᠭᠤᠴᠠᠯᠭ᠎ᠠ ᠵᠡᠷᠭᠡ ᠶᠢ ᠪᠠᠭᠲᠠᠭᠠᠭᠰᠠᠨ ᠵᠢᠭᠤᠯᠴᠢᠯᠠᠬᠤ ᠠᠶᠠᠨ | ᠵᠠᠮ ᠤᠨ ᠲᠣᠬᠢᠷᠠᠭᠤᠯᠭ᠎ᠠ ᠶᠢ ᠨᠠᠷᠢᠨ ᠪᠤᠳᠠᠲᠠᠢ ᠣᠶᠢᠯᠠᠭᠠᠬᠤ ᠬᠡᠷᠡᠭᠲᠡᠢ᠃ ᠵᠢᠭᠤᠯᠴᠢᠨ ᠳᠤ ᠦᠢᠯᠡᠴᠢᠯᠡᠬᠦ ᠭᠠᠵᠠᠷ ᠤᠨ | ᠬᠠᠩᠭᠠᠭᠰᠠᠨ ᠵᠢᠭᠤᠯᠴᠢᠯᠠᠬᠤ ᠵᠠᠮ ᠱᠤᠭᠤᠮ ᠤᠨ ᠬᠦᠰᠥᠨᠥᠭᠲᠦ ᠪᠣᠯ ᠭᠡᠷ᠎ᠡ ᠶᠢᠨ ᠴᠢᠬᠤᠯᠠ ᠪᠦᠷᠢᠯᠳᠦᠭᠦᠨ ᠬᠡᠰᠡᠭ | ᠪᠣᠯᠬᠤ ᠲᠤᠯᠠ᠂ ᠭᠡᠷ᠎ᠡ ᠲᠣᠭᠲᠠᠬᠤ ᠠᠴᠠ ᠡᠮᠦᠨ᠎ᠡ ᠵᠠᠪᠠᠯ ᠨᠠᠷᠢᠨ ᠨᠢᠮᠪᠠᠢ ᠤᠩᠰᠢᠵᠦ ᠦᠵᠡᠬᠦ ᠬᠡᠷᠡᠭᠲᠡᠢ᠃ | ᠲᠣᠭᠲᠠᠭᠰᠠᠨ ᠭᠡᠷ᠎ᠡ ᠨᠢ ᠵᠢᠭᠤᠯᠴᠢᠨ ᠳᠤ ᠦᠢᠯᠡᠴᠢᠯᠡᠬᠦ ᠭᠠᠵᠠᠷ ᠠᠴᠠ ᠵᠢᠭᠤᠯᠴᠢᠯᠠᠯ ᠤᠨ ᠭᠡᠷ᠎ᠡ ᠶᠢᠨ ᠦᠯᠢᠭᠡᠷ | ᠳᠡᠪᠲᠡᠷ ᠤᠨ ᠶᠣᠰᠣᠭᠠᠷ᠂ ᠵᠢᠭᠤᠯᠴᠢᠯᠠᠬᠤ ᠠᠶᠠᠨ ᠵᠠᠮ ᠤᠨ ᠲᠣᠬᠢᠷᠠᠭᠤᠯᠭ᠎ᠠ︔ ᠵᠢᠭᠤᠯᠴᠢᠯᠠᠯ ᠤᠨ ᠦᠨ᠎ᠡ ᠬᠠᠩᠰᠢ︔ | ᠭᠡᠷ᠎ᠡ ᠠᠴᠠ ᠵᠦᠷᠢᠴᠡᠭᠰᠡᠨ ᠤ ᠬᠠᠷᠢᠭᠤᠴᠠᠯᠭ᠎ᠠ ᠵᠡᠷᠭᠡ ᠶᠢ ᠲᠣᠳᠤᠷᠬᠠᠢ ᠪᠣᠯᠵᠣᠨ ᠲᠣᠭᠲᠠᠭᠰᠠᠨ ᠪᠠᠶᠢᠬᠤ ᠬᠡᠷᠡᠭᠲᠡᠢ᠃ | ᠵᠢᠭᠤᠯᠴᠢᠯᠠᠯ ᠤᠨ ᠡᠷᠬᠡ ᠲᠡᠭᠰᠢ ᠪᠠᠷ ᠠᠷᠠᠯᠵᠢᠶᠠᠯᠠᠬᠤ ᠡᠷᠬᠡ | ᠡᠷᠬᠡ ᠲᠡᠭᠰᠢ ᠪᠠᠷ ᠠᠷᠠᠯᠵᠢᠶᠠᠯᠠᠬᠤ ᠡᠷᠬᠡ ᠭᠡᠳᠡᠭ ᠨᠢ ᠵᠢᠭᠤᠯᠴᠢᠯᠠᠯ ᠡᠵᠡᠩᠨᠡᠭᠴᠢ ᠠᠴᠠ | ᠵᠢᠭᠤᠯᠴᠢᠯᠠᠭᠴᠢᠳ ᠯᠤᠭ᠎ᠠ ᠭᠡᠷ᠎ᠡ ᠲᠣᠭᠲᠠᠬᠤ ᠶᠢᠨ ᠬᠠᠮᠲᠤ ᠲᠥᠪ ᠭᠤᠣᠯᠴᠢ᠂ ᠡᠷᠬᠡ ᠲᠡᠭᠰᠢ᠂ ᠦᠨᠡᠨᠴᠢ ᠰᠢᠳᠤᠷᠭᠤ | ᠂ ᠢᠲᠡᠭᠡᠯ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ ᠵᠢᠭᠤᠯᠴᠢᠯᠠᠯ ᠡᠵᠡᠩᠨᠡᠭᠴᠢ ᠠᠴᠠ ᠠᠯᠪᠠᠳᠠᠯᠭ᠎ᠠ ᠪᠠᠷ ᠪᠤᠶᠤ | ᠵᠢᠭᠤᠯᠴᠢᠯᠠᠭᠴᠢᠳ ᠤᠨ ᠬᠦᠰᠡᠯ ᠰᠠᠨᠠᠭ᠎ᠠ ᠶᠢ ᠵᠦᠷᠢᠴᠡᠭᠰᠡᠨ ᠤᠷᠤᠮᠴᠢᠯᠠᠭᠰᠠᠨ ᠦᠢᠯᠡᠴᠢᠯᠡᠭᠡ ᠬᠠᠩᠭᠠᠵᠤ ᠪᠣᠯᠬᠤ | ᠦᠭᠡᠢ᠂ ᠭᠡᠷ᠎ᠡ ᠳᠤ ᠵᠢᠭᠤᠯᠴᠢᠯᠠᠯ ᠡᠵᠡᠩᠨᠡᠭᠴᠢ ᠶᠢᠨ ᠵᠢᠭᠤᠯᠴᠢᠯᠠᠭᠴᠢᠳ ᠲᠤ ᠭᠦᠢᠴᠡᠳᠬᠡᠬᠦ ᠡᠭᠦᠷᠭᠡ᠂ ᠵᠢᠱᠢᠶᠡᠯᠡᠪᠡᠯ | ᠵᠠᠮᠴᠢᠯᠠᠬᠤ ᠦᠢᠯᠡᠴᠢᠯᠡᠭᠡ᠂ ᠵᠢᠭᠤᠯᠴᠢᠯᠠᠯ ᠡᠵᠡᠩᠨᠡᠭᠴᠢ ᠶᠢᠨ ᠭᠡᠷ᠎ᠡ ᠠᠴᠠ ᠵᠦᠷᠢᠴᠡᠭᠰᠡᠨ ᠤ ᠬᠠᠷᠢᠭᠤᠴᠠᠯᠭ᠎ᠠ᠂ | ᠵᠢᠭᠤᠯᠴᠢᠯᠠᠬᠤ ᠳᠠᠬᠢ ᠰᠠᠨᠠᠭᠠᠨ ᠳᠤ ᠦᠭᠡᠢ ᠠᠳᠡᠯ ᠤᠨ ᠳᠠᠭᠠᠳᠬᠠᠯ ᠵᠡᠷᠭᠡ ᠶᠢ ᠲᠣᠳᠣᠷᠬᠠᠢ ᠪᠢᠴᠢᠬᠦ ᠬᠡᠷᠡᠭᠲᠡᠢ᠃ | ᠵᠢᠭᠤᠯᠴᠢᠯᠠᠯ ᠡᠵᠡᠩᠨᠡᠭᠴᠢ ᠵᠢᠭᠤᠯᠴᠢᠯᠠᠯ ᠤᠨ ᠰᠦᠢᠳᠬᠡᠯ ᠬᠤᠷᠢᠶᠠᠬᠤ ᠳᠠᠭᠠᠨ᠂ ᠡᠷᠬᠡᠪᠰᠢ ᠤᠯᠤᠰ ᠤᠨ ᠬᠤᠯᠪᠤᠭᠳᠠᠯ | ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠬᠡᠷᠡᠭᠵᠢᠭᠦᠯᠵᠦ᠂ ᠬᠤᠯᠪᠣᠭᠳᠠᠯ ᠪᠦᠬᠦᠢ ᠵᠢᠭᠤᠯᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠡᠷᠡᠭᠵᠢᠭᠦᠯᠬᠦ | ᠬᠡᠷᠡᠭᠲᠡᠢ᠃ ᠵᠢᠭᠤᠯᠴᠢᠯᠠᠯ ᠡᠵᠡᠩᠨᠡᠭᠴᠢ ᠠᠴᠠ ᠵᠢᠭᠤᠯᠴᠢᠯᠠᠭᠴᠢᠳ ᠢ ᠠᠯᠪᠠᠳᠠᠨ ᠬᠤᠪᠢ ᠪᠠᠷ ᠢᠶᠠᠨ ᠵᠠᠷᠤᠳᠠᠯ ᠭᠠᠷᠭᠠᠬᠤ | ᠲᠦᠷᠦᠯ ᠵᠦᠢᠯ ᠳᠤ ᠣᠷᠣᠯᠴᠠᠭᠤᠯᠵᠤ᠂ ᠠᠯᠪᠠᠳᠠᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠵᠦ᠂ ᠭᠠᠷ | ᠴᠠᠶᠢᠯᠭᠠᠬᠤ ᠮᠦᠩᠭᠦ ᠠᠪᠴᠤ ᠪᠣᠯᠬᠤ ᠦᠭᠡᠢ᠃ ᠦᠨ᠎ᠡ ᠬᠠᠩᠰᠢ ᠬᠢᠭᠡᠳ ᠦᠢᠯᠡᠴᠢᠯᠡᠭᠡ ᠪᠣᠯ ᠬᠠᠷᠢᠯᠴᠠᠨ | ᠵᠣᠬᠢᠴᠠᠯᠳᠤᠵᠦ ᠪᠠᠶᠢᠳᠠᠭ᠂ ᠬᠢᠮᠳᠠ ᠦᠨ᠎ᠡ ᠶᠢᠨ ᠮᠦᠷᠲᠡᠭᠡᠨ ᠦᠨᠳᠦᠷ ᠳᠡᠰ ᠤᠨ ᠦᠢᠯᠡᠴᠢᠯᠡᠭᠡ ᠭᠡᠵᠦ ᠪᠠᠶᠢᠬᠤ | ᠪᠣᠯᠣᠮᠵᠢ ᠦᠭᠡᠢ ᠭᠡᠳᠡᠭ ᠢ ᠵᠢᠭᠤᠯᠴᠢᠯᠠᠯ ᠤᠨ ᠬᠡᠷᠡᠭᠯᠡᠭᠴᠢᠳ ᠲᠤ ᠰᠠᠨᠠᠭᠤᠯᠤᠶ᠎ᠠ᠃ | ᠪᠡᠶ᠎ᠡ ᠮᠠᠬᠠᠪᠤᠳ ᠡᠳ᠋ ᠬᠤᠭᠰᠢᠯ ᠤᠨ ᠠᠮᠤᠷ ᠲᠦᠪᠰᠢᠨ ᠳᠤ ᠬᠤᠬᠢᠷᠠᠯ ᠦᠯᠦ ᠤᠴᠠᠷᠠᠭᠤᠯᠬᠤ ᠡᠷᠬᠡ | ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠪᠣᠯ ᠵᠢᠭᠤᠯᠴᠢᠯᠠᠭᠴᠢᠳ ᠤᠨ ᠬᠠᠮᠤᠭ ᠠᠴᠠ | ᠠᠩᠬᠠᠷᠬᠤ ᠶᠠᠪᠤᠳᠠᠯ ᠪᠣᠯᠬᠤ ᠪᠦᠭᠡᠳ ᠮᠥᠨ ᠴᠦ ᠵᠥᠩᠳᠡᠭᠡᠨ ᠬᠢᠯᠪᠠᠷᠬᠠᠨ ᠡᠭᠦᠰᠳᠡᠭ ᠵᠢᠭᠤᠯᠴᠢᠯᠠᠯ ᠤᠨ | ᠵᠢᠭᠤᠷᠠᠯᠳᠤᠭᠠᠨ ᠤ ᠭᠤᠭᠴᠤᠭ᠎ᠠ ᠪᠣᠯᠣᠨ᠎ᠠ᠃ ᠵᠢᠱᠢᠶᠡᠯᠡᠪᠡᠯ᠂ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ | ᠬᠤᠭᠤᠴᠠᠭᠠᠨ ᠳᠤ ᠰᠠᠨᠠᠭᠠᠨ ᠳᠤ ᠦᠭᠡᠢ ᠠᠳᠡᠯ ᠭᠠᠷᠴᠦ᠂ ᠵᠢᠭᠤᠯᠴᠢᠯᠠᠭᠴᠢ ᠦᠬᠦᠵᠦ ᠰᠢᠷᠬᠠᠲᠤᠬᠤ᠂ ᠲᠦᠷᠭᠡᠨ | ᠴᠢᠨᠠᠷᠲᠠᠢ ᠡᠪᠡᠳᠴᠢᠨ ᠡᠮᠭᠡᠭ ᠭᠡᠨᠡᠳᠲᠡ ᠡᠭᠦᠰᠬᠦ ᠪᠤᠶᠤ ᠦᠬᠦᠬᠦ᠂ ᠶᠠᠭᠤᠮ᠎ᠠ ᠬᠡᠤᠮ᠎ᠠ ᠨᠢ ᠭᠡᠭᠡᠭᠳᠡᠬᠦ᠂ ᠡᠪᠳᠡᠷᠡᠬᠦ | ᠪᠤᠶᠤ ᠬᠤᠯᠠᠭᠠᠶᠢᠯᠠᠭᠳᠠᠬᠤ ᠵᠡᠷᠭᠡ ᠨᠢ ᠴᠦᠮ ᠵᠢᠭᠤᠯᠴᠢᠯᠠᠭᠴᠢᠳ ᠤᠨ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ | ᠠᠮᠤᠷ ᠲᠦᠪᠰᠢᠨ ᠤ ᠡᠷᠬᠡ ᠳᠤ ᠤᠴᠠᠷᠠᠭᠤᠯᠤᠭᠰᠠᠨ ᠬᠦᠨᠦᠭᠡᠯ ᠪᠣᠯᠣᠨ᠎ᠠ᠃ ᠵᠢᠭᠤᠯᠴᠢᠯᠠᠭᠴᠢᠳ ᠵᠢᠭᠤᠯᠴᠢᠯᠠᠬᠤ | ᠠᠵᠢᠯᠯᠠᠭ᠎ᠠ ᠬᠢᠵᠦ ᠪᠠᠶᠢᠬᠤ ᠶᠠᠪᠤᠴᠠ ᠳᠤ ᠪᠡᠶ᠎ᠡ ᠮᠠᠬᠠᠪᠤᠳ ᠬᠢᠭᠡᠳ ᠡᠳ᠋ ᠬᠤᠭᠰᠢᠯ ᠤᠨ ᠠᠮᠤᠷ ᠲᠦᠪᠰᠢᠨ ᠨᠢ | ᠬᠠᠯᠳᠠᠯᠭ᠎ᠠ ᠳᠤ ᠦᠯᠦ ᠤᠴᠠᠷᠠᠬᠤ ᠪᠣᠯ ᠵᠢᠭᠤᠯᠴᠢᠯᠠᠭᠴᠢᠳ ᠲᠤ ᠪᠠᠶᠢᠬᠤ ᠬᠠᠮᠤᠭ ᠤᠨ ᠦᠨᠳᠦᠰᠦᠨ ᠡᠷᠬᠡ ᠪᠣᠯᠬᠤ | ᠲᠤᠯᠠ᠂ ᠵᠢᠭᠤᠯᠴᠢᠯᠠᠯ ᠡᠵᠡᠩᠨᠡᠭᠴᠢ ᠪᠦᠲᠦᠮᠵᠢᠲᠠᠢ ᠠᠷᠭ᠎ᠠ ᠬᠡᠮᠵᠢᠶ᠎ᠡ ᠨᠦᠭᠦᠳ ᠢ ᠠᠪᠬᠤ ᠡᠭᠦᠷᠭᠡ ᠲᠠᠢ ᠪᠦᠭᠡᠳ | ᠠᠮᠤᠷ ᠲᠦᠪᠰᠢᠨ ᠵᠢᠭᠤᠯᠴᠢᠯᠠᠬᠤ ᠣᠷᠴᠢᠨ ᠲᠣᠭᠤᠷᠢᠨ ᠢ ᠡᠭᠦᠳᠴᠦ᠂ ᠵᠢᠭᠤᠯᠴᠢᠯᠠᠭᠴᠢᠳ ᠤᠨ ᠪᠡᠶ᠎ᠡ ᠮᠠᠬᠠᠪᠤᠳ | ᠡᠳ᠋ ᠬᠤᠭᠰᠢᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠵᠢᠭᠤᠯᠴᠢᠨ ᠳᠤ ᠦᠢᠯᠡᠴᠢᠯᠡᠬᠦ ᠭᠠᠵᠠᠷ ᠤᠳ | ᠡᠵᠡᠩᠨᠡᠯᠲᠡ ᠶᠢᠨ ᠠᠵᠢᠯᠯᠠᠭ᠎ᠠ ᠳᠠᠭᠠᠨ ︽ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠮᠢᠶᠠᠷᠤᠯᠲᠠ ᠶᠢᠨ ᠳᠦᠷᠢᠮ︾ | ᠤᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠶᠣᠰᠤᠭᠠᠷ᠄ ︽ᠵᠢᠭᠤᠯᠴᠢᠨ ᠳᠤ ᠦᠢᠯᠡᠴᠢᠯᠡᠬᠦ ᠭᠠᠵᠠᠷ ᠤᠳ | ᠵᠢᠭᠤᠯᠴᠢᠯᠠᠯ ᠵᠤᠬᠢᠶᠠᠨ ᠪᠠᠶᠢᠭᠤᠯᠬᠤ ᠳᠤ᠂ ᠵᠢᠭᠤᠯᠴᠢᠯᠠᠭᠴᠢᠳ ᠲᠤ ᠵᠢᠭᠤᠯᠴᠢᠯᠠᠯ ᠤᠨ ᠰᠠᠨᠠᠭᠠᠨ ᠲᠤ ᠦᠭᠡᠢ | ᠠᠳᠡᠯ ᠤᠨ ᠳᠠᠭᠠᠳᠬᠠᠯ ᠢ ᠭᠦᠢᠴᠡᠳᠬᠡᠬᠦ ᠶᠢᠨ ᠬᠠᠮᠲᠤ ᠬᠠᠩᠭᠠᠬᠤ ᠦᠢᠯᠡᠴᠢᠯᠡᠭᠡ ᠨᠢ ᠵᠢᠭᠤᠯᠴᠢᠯᠠᠭᠴᠢᠳ ᠤᠨ ᠪᠡᠶ᠎ᠡ | ᠮᠠᠬᠠᠪᠤᠳ᠂ ᠡᠳ᠋ ᠬᠤᠭᠰᠢᠯ ᠤᠨ ᠠᠮᠤᠷ ᠲᠦᠪᠰᠢᠨ ᠢ ᠪᠠᠳᠤᠯᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ | ᠵᠢᠭᠤᠯᠴᠢᠯᠠᠭᠴᠢᠳ ᠤᠨ ᠪᠡᠶ᠎ᠡ ᠮᠠᠬᠠᠪᠤᠳ᠂ ᠡᠳ᠋ ᠬᠤᠭᠰᠢᠯ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠪᠣᠯᠵᠦ | ᠮᠡᠳᠡᠬᠦ ᠤᠴᠢᠷ ᠢ ᠵᠢᠭᠤᠯᠴᠢᠯᠠᠭᠴᠢᠳ ᠲᠤ ᠦᠨᠡᠨ ᠪᠤᠳᠠᠲᠠᠢ ᠲᠣᠲᠤᠷᠬᠠᠶᠢᠯᠠᠵᠦ ᠦᠭᠬᠦ ᠪᠠ ᠲᠣᠳᠤᠷᠬᠠᠢ | ᠰᠡᠷᠡᠮᠵᠢᠯᠡᠭᠦᠯᠬᠦ ᠶᠢᠨ ᠬᠠᠮᠲᠤ ᠬᠦᠨᠦᠭᠡᠯ ᠭᠠᠷᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃︾ | ᠵᠢᠭᠤᠯᠴᠢᠯᠠᠯ ᠤᠨ ᠦᠢᠯᠡᠴᠢᠯᠡᠭᠡ ᠡᠳ᠋ᠯᠡᠬᠦ ᠡᠷᠬᠡ | ᠵᠢᠭᠤᠯᠴᠢᠯᠠᠭᠴᠢᠳ ᠭᠡᠷ᠎ᠡ ᠳᠤ ᠪᠣᠯᠵᠣᠨ ᠲᠣᠭᠲᠠᠭᠰᠠᠨ ᠦᠢᠯᠡᠴᠢᠯᠡᠭᠡ ᠡᠳ᠋ᠯᠡᠬᠦ ᠡᠷᠬᠡ ᠲᠠᠢ᠂ ᠵᠢᠭᠤᠯᠴᠢᠯᠠᠯ | ᠡᠵᠡᠩᠨᠡᠭᠴᠢ ᠶᠢ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠵᠠᠮ ᠬᠠᠷᠢᠯᠴᠠᠭ᠎ᠠ᠂ ᠬᠤᠨᠤᠭ᠂ ᠬᠤᠭᠤᠯᠠ ᠤᠮᠳᠠ᠂ | ᠵᠤᠭᠠᠴᠠᠨ ᠦᠵᠡᠬᠦ᠂ ᠵᠠᠮᠴᠢᠯᠠᠬᠤ ᠵᠡᠷᠭᠡ ᠦᠢᠯᠡᠴᠢᠯᠡᠭᠡ ᠬᠠᠩᠭᠠᠯᠭᠠᠬᠤ ᠪᠠᠷ ᠱᠠᠭᠠᠷᠳᠠᠬᠤ ᠡᠷᠬᠡ ᠲᠠᠢ᠃ ᠵᠢᠭᠤᠯᠴᠢᠯᠠᠯ | ᠡᠵᠡᠩᠨᠡᠭᠴᠢ ᠪᠣᠯᠵᠣᠭᠰᠠᠨ ᠶᠤᠰᠤᠭᠠᠷ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ ᠪᠦᠭᠡᠳ ᠬᠠᠩᠭᠠᠭᠰᠠᠨ | ᠦᠢᠯᠡᠴᠢᠯᠡᠭᠡ ᠨᠢ ᠤᠯᠤᠰ ᠤᠨ ᠪᠠᠷᠢᠮᠵᠢᠶ᠎ᠠ ᠪᠤᠶᠤ ᠠᠵᠢᠯ ᠲᠦᠷᠦᠯ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ | ᠦᠭᠡᠢ᠃ | ᠵᠢᠭᠤᠯᠴᠢᠯᠠᠯ ᠤᠨ ᠦᠢᠯᠡᠴᠢᠯᠡᠭᠡ ᠳᠤ ᠬᠢᠨᠠᠯᠲᠠ ᠲᠠᠯᠪᠢᠬᠤ ᠡᠷᠬᠡ ᠪᠠ ᠲᠦᠯᠦᠭᠦᠯᠬᠦ ᠡᠷᠬᠡ | ᠬᠢᠨᠠᠯᠲᠠ ᠲᠠᠯᠪᠢᠬᠤ ᠡᠷᠬᠡ ᠭᠡᠳᠡᠭ ᠨᠢ ᠵᠢᠭᠤᠯᠴᠢᠯᠠᠭᠴᠢᠳ ᠵᠢᠭᠤᠯᠴᠢᠯᠠᠬᠤ ᠶᠠᠪᠤᠴᠠ ᠳᠤ᠂ ᠵᠢᠭᠤᠯᠴᠢᠯᠠᠯ | ᠡᠵᠡᠩᠨᠡᠭᠴᠢ ᠶᠢᠨ ᠭᠡᠷ᠎ᠡ ᠳᠤ ᠪᠣᠯᠵᠣᠨ ᠲᠣᠭᠲᠠᠭᠰᠠᠨ ᠲᠦᠷᠦᠯ ᠵᠦᠢᠯ᠂ ᠳᠡᠰ ᠤᠨ ᠶᠣᠰᠣᠭᠠᠷ ᠦᠢᠯᠡᠴᠢᠯᠡᠭᠡ | ᠬᠠᠩᠭᠠᠵᠦ᠂ ᠬᠠᠩᠭᠠᠭᠰᠠᠨ ᠦᠢᠯᠡᠴᠢᠯᠡᠭᠡ ᠨᠢ ᠤᠯᠤᠰ ᠵᠢᠴᠢ ᠠᠵᠢᠯ ᠲᠦᠷᠦᠯ ᠤᠨ ᠬᠠᠮᠢᠶ᠎ᠠ ᠪᠦᠬᠦᠢ ᠪᠠᠷᠢᠮᠵᠢᠶ᠎ᠠ ᠳᠤ | ᠬᠦᠷᠦᠭᠰᠡᠨ ᠡᠰᠡᠬᠦ᠂ ᠲᠤᠰ ᠪᠡᠶ᠎ᠡ ᠶᠢᠨ ᠬᠠᠤᠯᠢ ᠶᠤᠰᠤᠨ ᠤ ᠡᠷᠬᠡ ᠠᠰᠢᠭ ᠬᠤᠬᠢᠷᠠᠯ ᠳᠤ ᠤᠴᠠᠷᠠᠬᠤ ᠦᠭᠡᠢ | ᠪᠠᠶᠢᠬᠤ ᠶᠢ ᠬᠠᠮᠠᠭᠠᠯᠠᠵᠦ ᠪᠠᠶᠢᠭ᠎ᠠ ᠳᠤ ᠬᠢᠨᠠᠯᠲᠠ ᠲᠠᠯᠪᠢᠬᠤ ᠡᠷᠬᠡ ᠲᠠᠢ ᠭᠡᠳᠡᠭ ᠢ ᠵᠢᠭᠠᠵᠦ ᠪᠣᠢ᠃ | ᠵᠢᠭᠤᠯᠴᠢᠯᠠᠵᠦ ᠪᠠᠶᠢᠬᠤ ᠶᠠᠪᠤᠴᠠ ᠳᠤ ᠵᠢᠭᠤᠯᠴᠢᠯᠠᠯ ᠡᠵᠡᠩᠨᠡᠭᠴᠢ ᠭᠡᠷ᠎ᠡ ᠳᠤ ᠪᠣᠯᠵᠣᠨ ᠲᠣᠭᠲᠠᠭᠰᠠᠨ | ᠦᠢᠯᠡᠴᠢᠯᠡᠭᠡᠨ ᠤ ᠶᠠᠰᠦ ᠴᠢᠨᠠᠷ ᠤᠨ ᠪᠠᠷᠢᠮᠵᠢᠶ᠎ᠠ ᠳᠤ ᠬᠦᠷᠥᠭᠦᠯᠥᠭᠰᠡᠨ ᠦᠭᠡᠢ︔ ᠤᠯᠤᠰ ᠪᠤᠶᠤ ᠠᠵᠢᠯ ᠲᠦᠷᠦᠯ ᠤᠨ | ᠪᠠᠷᠢᠮᠵᠢᠶ᠎ᠠ ᠳᠤ ᠬᠦᠷᠦᠭᠦᠯᠥᠭᠰᠡᠨ ᠦᠭᠡᠢ︔ ᠠᠯᠪᠠᠳᠠᠵᠦ ᠪᠠᠶᠢᠭᠠᠳ ᠪᠠᠷᠠᠭ᠎ᠠ ᠬᠤᠳᠠᠯᠳᠤᠨ ᠠᠪᠤᠭᠤᠯᠤᠭᠰᠠᠨ᠂ ᠭᠠᠷ | ᠴᠠᠶᠢᠯᠭᠠᠬᠤ ᠮᠦᠩᠭᠦ ᠠᠪᠤᠭᠰᠠᠨ᠂ ᠬᠤᠪᠢ ᠪᠠᠷ ᠢᠶᠠᠨ ᠰᠦᠢᠳᠬᠡᠯ ᠭᠠᠷᠭᠠᠬᠤ ᠲᠦᠷᠦᠯ ᠵᠦᠢᠯ ᠳᠤ ᠠᠯᠪᠠᠳᠠᠵᠦ | ᠪᠠᠶᠢᠭᠠᠳ ᠤᠷᠤᠯᠴᠠᠭᠤᠯᠤᠭᠰᠠᠨ ᠵᠡᠷᠭᠡ ᠠᠰᠠᠭᠤᠳᠠᠯ ᠭᠠᠷᠤᠭᠰᠠᠨ ᠪᠣᠯ ᠵᠢᠭᠤᠯᠴᠢᠯᠠᠭᠴᠢᠳ ᠭᠡᠷ᠎ᠡ ᠳᠤ ᠪᠣᠯᠵᠣᠨ | ᠲᠤᠭᠲᠠᠭᠰᠠᠨ ᠢ ᠦᠨᠳᠥᠰᠥᠯᠡᠨ ᠵᠢᠭᠤᠯᠴᠢᠨ ᠳᠤ ᠦᠢᠯᠡᠴᠢᠯᠡᠬᠦ ᠭᠠᠵᠠᠷ ᠲᠠᠢ ᠬᠡᠯᠡᠯᠴᠡᠵᠦ᠂ ᠬᠡᠯᠡᠯᠴᠡᠭᠡᠳ ᠪᠦᠲᠥᠬᠦ | ᠦᠭᠡᠢ ᠪᠣᠯ ᠤᠷᠢᠳᠠᠪᠡᠷ ᠵᠢᠭᠤᠯᠴᠢᠯᠠᠬᠤ ᠶᠠᠪᠤᠴᠠ ᠪᠠᠨ ᠳᠠᠭᠤᠰᠬᠠᠵᠤ᠂ ᠳᠠᠷᠠᠭ᠎ᠠ ᠨᠢ ᠵᠢᠭᠤᠷᠠᠯᠳᠤᠭᠠᠨ ᠢᠶᠠᠨ | ᠰᠢᠢᠳᠪᠦᠷᠢᠯᠡᠬᠦ ᠬᠡᠷᠡᠭᠲᠡᠢ᠃ ᠵᠢᠭᠤᠯᠴᠢᠯᠠᠭᠴᠢᠳ ᠵᠢᠭᠤᠯᠴᠢᠯᠠᠵᠦ ᠪᠠᠶᠢᠬᠤ ᠶᠠᠪᠤᠴᠠ ᠳᠤ ᠬᠤᠯᠪᠣᠭᠳᠠᠯ ᠪᠦᠬᠦᠢ ᠫᠢᠶᠤᠤ | ᠪᠠᠷᠢᠮᠲᠠ᠂ ᠦᠰᠥᠭ ᠪᠢᠴᠢᠭ ᠤᠨ ᠮᠠᠲ᠋ᠧᠷᠢᠶᠠᠯ ᠢᠶᠠᠨ ᠬᠠᠳᠠᠭᠠᠯᠠᠬᠤ ᠶᠢ ᠠᠩᠬᠠᠷᠴᠤ᠂ ᠵᠢᠭᠤᠯᠴᠢᠯᠠᠯ ᠤᠨ ᠶᠠᠰᠦ | ᠴᠢᠨᠠᠷ ᠤᠨ ᠠᠰᠠᠭᠤᠳᠠᠯ ᠭᠠᠷᠪᠠᠯ᠂ ᠵᠢᠭᠤᠯᠴᠢᠨ ᠳᠤ ᠦᠢᠯᠡᠴᠢᠯᠡᠬᠦ ᠭᠠᠵᠠᠷ ᠢᠶᠠᠷ ᠲᠦᠯᠥᠭᠦᠯᠬᠦ ᠪᠠᠷ ᠦᠨᠳᠥᠰᠦ | ᠪᠠᠷᠢᠮᠲᠠ ᠲᠠᠢ ᠱᠠᠭᠠᠷᠳᠠᠵᠤ ᠪᠣᠯᠣᠨ᠎ᠠ᠃ ᠵᠢᠭᠤᠯᠴᠢᠨ ᠳᠤ ᠦᠢᠯᠡᠴᠢᠯᠡᠬᠦ ᠭᠠᠵᠠᠷ ᠭᠡᠷ᠎ᠡ ᠠᠴᠠ ᠵᠦᠷᠢᠴᠡᠭᠰᠡᠨ ᠦᠢᠯᠡ | ᠠᠵᠢᠯᠯᠠᠭ᠎ᠠ ᠲᠠᠢ ᠪᠣᠯ ᠵᠢᠭᠤᠯᠴᠢᠯᠠᠭᠴᠢᠳ ᠲᠦᠯᠥᠭᠦᠯᠬᠦ ᠪᠠᠷ ᠱᠠᠭᠠᠷᠳᠠᠬᠤ ᠡᠷᠬᠡ ᠲᠠᠢ᠃ ᠵᠢᠭᠤᠯᠴᠢᠯᠠᠭᠴᠢᠳ | ᠵᠢᠭᠤᠯᠴᠢᠯᠠᠯ ᠤᠨ ᠦᠢᠯᠡᠴᠢᠯᠡᠭᠡᠨ ᠤ ᠶᠠᠰᠦ ᠴᠢᠨᠠᠷ ᠤᠨ ᠠᠰᠠᠭᠤᠳᠠᠯ ᠢ ᠵᠢᠭᠤᠯᠴᠢᠨ ᠳᠤ ᠦᠢᠯᠡᠴᠢᠯᠡᠬᠦ ᠭᠠᠵᠠᠷ ᠯᠤᠭ᠎ᠠ | ᠵᠥᠪᠳᠡᠯᠴᠡᠭᠡᠳ ᠰᠢᠢᠳᠪᠦᠷᠢᠯᠡᠵᠦ ᠪᠣᠯᠤᠨ᠎ᠠ᠂ ᠵᠦᠪᠳᠡᠯᠴᠡᠭᠡᠳ ᠪᠦᠲᠥᠬᠦ ᠦᠭᠡᠢ ᠪᠣᠯ ᠵᠢᠭᠤᠯᠴᠢᠯᠠᠭᠴᠢᠳ | ᠵᠢᠭᠤᠯᠴᠢᠯᠠᠯ ᠤᠨ ᠶᠠᠰᠦ ᠴᠢᠨᠠᠷ ᠲᠤ ᠬᠢᠨᠠᠯᠲᠠ ᠲᠠᠯᠪᠢᠵᠦ ᠬᠠᠮᠢᠶᠠᠷᠬᠤ ᠭᠠᠵᠠᠷ ᠲᠤ ᠵᠠᠭᠠᠯᠳᠤᠯᠭ᠎ᠠ ᠬᠢᠬᠦ ᠡᠷᠬᠡ ᠲᠠᠢ︔ | ᠵᠢᠭᠤᠯᠴᠢᠯᠠᠭᠴᠢᠳ ᠪᠠᠰᠠ ᠰᠢᠭᠤᠳ ᠠᠷᠠᠳ ᠤᠨ ᠰᠢᠭᠦᠬᠦ ᠬᠤᠷᠢᠶ᠎ᠠ ᠳᠤ ᠢᠷᠭᠡᠨ ᠤ ᠬᠡᠷᠡᠭ ᠤᠨ ᠵᠠᠷᠭᠤ ᠬᠢᠬᠦ | ᠡᠷᠬᠡ ᠲᠠᠢ᠃ | |