ᠤᠨᠴᠠᠯᠢᠬᠳᠤ ᠲᠡᠵᠢᠬᠡᠪᠦᠷᠢ ᠪᠠᠷ ᠪᠠᠶᠠᠵᠢᠬᠰᠠᠨ ᠠᠮᠢᠳᠤᠷᠠᠯ
ᠨᠡᠶᠢᠲᠡᠯᠡᠭᠰᠡᠨ ᠴᠠᠭ᠄
2018-03-23
      ᠤᠯᠠᠭᠠᠨᠬᠤᠳᠠ ᠶᠢᠨ ᠢᠯᠠᠯᠳᠠ ᠪᠠᠯᠭᠠᠰᠤᠨ ᠳᠤ ᠲᠤᠭᠤᠰ ᠲᠡᠵᠢᠭᠡᠭᠦ ᠳᠡᠭᠡᠨ ᠴᠢᠳᠠᠮᠠᠭᠠᠢ ᠪᠤᠰᠠᠬᠦᠢ ᠵᠸᠤ ᠬᠠᠢ ᠶᠠᠨ ᠢ ᠲᠤᠷᠠᠳᠬᠤ ᠳᠤ ᠲᠠᠨᠢᠬᠤ ᠦᠭᠡᠢ ᠬᠦᠮᠤᠨ ᠦᠭᠡᠢ᠃ ᠲᠡᠷᠡ 1977 ᠤᠨ ᠳᠤ ᠢᠯᠠᠯᠳᠠ ᠪᠠᠯᠭᠠᠰᠤᠨ ᠳᠤ ᠲᠦᠷᠦᠵᠤ᠂ ᠤᠳᠠᠭᠠᠨ ᠵᠢᠯ ᠴᠦᠬᠦᠷᠡᠰᠢ ᠦᠭᠡᠢ ᠴᠢᠷᠮᠠᠶᠢᠨ ᠠᠵᠢᠯᠯᠠᠬᠤ ᠪᠠᠷ ᠲᠠᠮᠵᠢᠨ ᠲᠤᠭᠤᠰ ᠲᠡᠵᠢᠭᠡᠭᠡᠳ ᠠᠳᠠᠯ ᠠᠮᠢᠳᠤᠷᠠᠯ ᠢᠶᠠᠨ ᠦᠭᠡᠳᠡᠯᠡᠭᠦᠯᠵᠦ᠂ ᠪᠠᠶᠠᠵᠢᠯ ᠤᠨ ᠵᠠᠮ ᠢᠶᠠᠷ ᠤᠮᠤᠬᠳᠠᠢ ᠤᠷᠤᠬᠰᠢᠯᠠᠨᠠᠮ︕      ᠢᠯᠠᠯᠳᠠ ᠪᠠᠯᠭᠠᠰᠤ ᠪᠤᠯ ᠵᠤᠨ ᠳᠠᠭᠠᠨ ᠠᠭᠠᠬᠢᠮ᠎ᠡ ᠬᠠᠯᠠᠭᠤᠨ ᠪᠤᠷᠤᠭᠠᠨ ᠠᠷᠪᠢᠨ᠂ ᠡᠪᠤᠯ ᠳᠡᠭᠡᠨ ᠬᠠᠬᠢᠷ ᠬᠦᠢᠳᠡᠨ ᠮᠦᠷᠳᠡᠬᠡᠨ ᠭᠠᠨᠭ᠌ ᠬᠠᠭᠤᠷᠠᠢ ᠪᠠᠶᠢᠳᠠᠬ᠃ ᠲᠤᠭᠤᠰ ᠭᠤᠤᠯᠳᠠᠭᠤ ᠬᠠᠯᠠᠭᠤᠨ ᠪᠦᠰᠡ᠂ ᠲᠡᠳ᠋ ᠬᠠᠯᠠᠭᠤᠨ ᠪᠦᠰᠡ ᠶᠢᠨ ᠮᠦᠩᠬᠡ ᠨᠤᠭᠤᠭᠠᠨ ᠦᠷᠭᠡᠨ ᠨᠠᠪᠴᠢᠳᠤ ᠤᠢ ᠪᠠ ᠬᠤᠯᠢᠮᠠᠭ ᠤᠢ ᠳᠤ ᠤᠷᠤᠰᠢᠨ ᠠᠮᠢᠳᠤᠷᠠᠳᠠᠭ ᠠᠮᠢᠳᠠᠨ ᠶᠤᠮ᠃ ᠢᠯᠠᠩᠭᠤᠶ᠎ᠡ ᠤᠰᠤ ᠲᠠᠢ ᠭᠠᠵᠠᠷ ᠠᠮᠢᠳᠤᠷᠠᠬᠤ ᠲᠤᠷᠠᠳᠠᠢ᠃ ︽ᠨᠠᠮ ᠤᠨ ᠠᠷᠠᠳ ᠢ ᠪᠠᠶᠠᠵᠢᠭᠤᠯᠬᠤ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠪᠠᠶᠢᠬᠰᠠᠨ ᠦᠭᠡᠢ᠂ ᠲᠤᠰᠬᠤᠨ ᠪᠠᠯᠭᠠᠰᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠯᠠᠮᠵᠢᠯᠠᠯ ᠵᠢᠯᠤᠭᠤᠳᠤᠯᠭ᠎ᠠ ᠪᠠᠶᠢᠭᠰᠠᠨ ᠦᠭᠡᠢ ᠪᠤᠯ ᠶᠠᠭᠠᠬᠢᠵᠤ ᠬᠡᠯᠡᠭᠰᠡᠨ ᠴᠤ ᠦᠨᠤᠳᠤᠷ ᠤᠨ ᠡᠶᠢᠮᠤ ᠰᠠᠶᠢᠨ ᠠᠮᠵᠢᠯᠳᠠ ᠶᠢ ᠤᠯᠵᠦ ᠴᠢᠳᠠᠬᠤ ᠦᠬᠡᠢ︾ ᠭᠡᠵᠤ ᠵᠸᠤ ᠬᠠᠢ ᠶᠠᠨ ᠤᠶᠢᠯᠡᠰ ᠪᠤᠰᠬᠠᠬᠤ ᠠᠩᠬᠠᠨ ᠤ ᠦᠶ᠎ᠡ ᠪᠠᠨ ᠡᠷᠬᠢᠴᠡᠬᠦᠯᠦᠨ ᠶᠠᠷᠢᠵᠦ ᠪᠠᠶᠢᠪᠠ᠃ ᠲᠤᠭᠤᠰ ᠢ ᠤᠷᠤᠭᠤᠯᠵᠤ ᠠᠪᠴᠢᠷᠠᠭᠰᠠᠨ ᠠᠩᠬᠠᠨ ᠤ ᠦᠶ᠎ᠠ ᠳᠡᠭᠡᠨ ᠲᠡᠵᠢᠭᠡᠨ ᠦᠷᠡᠵᠢᠬᠦᠯᠬᠦ ᠠᠷᠭ᠎ᠠ ᠲᠤᠷᠰᠢᠯᠭ᠎ᠠ ᠲᠤᠳᠠᠮᠠᠭ ᠠᠴᠠ ᠪᠤᠯᠵᠤ ᠲᠦᠷᠦᠬᠦᠤ ᠪᠦᠯᠦᠭ ᠤᠨ ᠲᠤᠭᠤᠰ ᠢᠶᠠᠨ ᠮᠡᠨᠳᠤ ᠤᠨᠳᠤᠷᠤᠭᠤᠯᠤᠭᠰᠠᠨ ᠨᠤᠷᠮ᠎ᠠ ᠮᠠᠰᠢ ᠲᠤᠤᠷ᠎ᠠ ᠪᠠᠶᠢᠵᠤ᠂ ᠵᠸᠤ ᠬᠠᠢ ᠶᠠᠨ ᠤ ᠲᠡᠵᠢᠭᠡᠨ ᠦᠷᠡᠵᠢᠬᠦᠯᠬᠦ ᠢᠳᠡᠪᠬᠢᠵᠢᠯ ᠢ ᠶᠡᠬᠡᠪᠡᠷ ᠨᠦᠯᠦᠬᠡᠯᠡᠵᠡᠢ᠃ ᠭᠡᠪᠡᠴᠤ ᠲᠡᠷᠡ ᠮᠢᠳᠠᠷᠠᠰᠢ ᠦᠭᠡᠢ ᠵᠤᠷᠢᠭ ᠢᠶᠠᠷ ᠬᠡᠳᠤᠨ ᠵᠢᠯ ᠰᠤᠳᠤᠯᠭᠠᠨ ᠬᠢᠬᠦ ᠪᠠᠷ ᠲᠠᠮᠵᠢᠨ ᠲᠤᠭᠤᠰ ᠲᠡᠵᠢᠭᠡᠬᠦ ᠳᠤ ᠤᠮᠠᠷᠠᠳᠤ ᠤᠷᠤᠨ ᠤ ᠡᠪᠤᠯ ᠢ ᠦᠩᠭᠡᠷᠡᠭᠡᠬᠦ ᠰᠠᠶᠢᠨ ᠠᠷᠭ᠎ᠠ ᠶᠢ ᠤᠯᠤᠭᠰᠠᠨ ᠠᠴᠠ ᠲᠤᠭᠤᠰ ᠢ ᠵᠡᠭᠦᠨ ᠬᠤᠶᠢᠳᠤ ᠤᠷᠤᠨ ᠳᠤ ᠲᠡᠵᠢᠭᠡᠨ ᠦᠷᠡᠵᠢᠬᠦᠯᠬᠦ ᠬᠡᠪᠴᠢᠶ᠎ᠠ ᠪᠠᠨ ᠦᠷᠭᠡᠳᠭᠡᠭᠰᠠᠨ ᠢᠶᠠᠷ ᠪᠠᠷᠠᠬᠤ ᠦᠭᠡᠢ ᠲᠡᠵᠢᠭᠡᠨ ᠦᠷᠡᠵᠢᠬᠦᠯᠬᠦ ᠤᠨᠴᠠᠭᠠᠢ ᠠᠷᠭ᠎ᠠ ᠶᠢ ᠳ᠋ᠦᠡᠭᠨᠡᠵᠦ᠂ ᠤᠮᠠᠷᠠᠳᠤ ᠤᠷᠤᠨ ᠤ ᠠᠭᠤᠷ ᠠᠮᠢᠰᠬᠤᠯ ᠳᠤ ᠵᠤᠬᠢᠴᠠᠭᠰᠠᠨ ᠰᠢᠨ᠎ᠠ ᠡᠭᠦᠯᠳᠡᠷ ᠪᠤᠯᠬᠤ ᠴᠠᠭᠠᠨ ᠲᠤᠭᠤᠰ ᠪᠠ ᠠᠯᠠᠭ ᠲᠤᠭᠤᠰ ᠢ ᠪᠤᠶᠢᠵᠢᠭᠤᠯᠤᠨ ᠭᠠᠷᠭᠠᠪᠡ᠃      ᠤᠳᠤ ᠲᠡᠭᠦᠨ ᠤ ᠲᠠᠭᠠᠭᠠᠴᠢᠯᠠᠨ ᠡᠷᠬᠢᠯᠡᠭᠰᠡᠨ ᠳ᠋ᠠ ᠹᠧᠩ ᠠᠷᠢᠶᠠᠳᠠᠨ ᠵᠢᠬᠦᠷᠳᠡᠨ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠡ ᠶᠢᠨ ᠶᠡᠷᠤᠩᠬᠡᠢ ᠡᠵᠡᠯᠡᠬᠦ ᠲᠠᠯᠠᠪᠠᠢ ᠨᠢ 3000 ᠲᠡᠭᠰᠢ ᠲᠦᠷᠪᠡᠯᠵᠢᠨ ᠮᠧᠳ᠋ᠷ ᠲᠤ ᠬᠦᠷᠴᠤ᠂ 1000 ᠲᠡᠭᠰᠢ ᠲᠦᠷᠪᠡᠯᠵᠢᠨ ᠮᠧᠳ᠋ᠷ ᠤᠨ ᠲᠡᠵᠢᠭᠡᠨ ᠦᠷᠡᠵᠢᠬᠦᠯᠬᠦ ᠡᠭᠦᠷ ᠢ ᠲᠤᠬᠢᠷᠠᠭᠤᠯᠵᠤ᠂ ᠲᠤᠭᠤᠰ ᠪᠤᠶᠢᠵᠢᠭᠤᠯᠬᠤ ᠭᠡᠷ ᠢ 50 ᠲᠡᠭᠰᠢ ᠲᠦᠷᠪᠡᠯᠵᠢᠨ ᠮᠧᠳ᠋ᠷ ᠪᠠᠷᠢᠵᠦ᠂ ᠡᠯᠧᠺᠳ᠋ᠷᠤᠨ ᠠᠦ᠋ᠲ᠋ᠤᠴᠢᠯᠠᠭᠰᠠᠨ ᠬᠠᠶᠢᠷᠴᠠᠭ᠂ ᠪᠤᠷᠳᠤᠭ᠎ᠠ ᠡᠳ᠋ᠰᠢᠬᠦᠯᠬᠦ ᠮᠠᠰᠢᠨ᠂ ᠬᠦᠯᠳᠡᠭᠡᠬᠦ ᠲᠦᠬᠦᠭᠡᠷᠤᠮᠵᠢ ᠵᠡᠷᠭᠡ ᠶᠢ ᠪᠦᠷᠢᠳᠤᠬᠦᠯᠤᠭᠡᠳ ᠤᠳᠤ ᠢᠨᠳᠤᠨᠧᠰᠢᠶ᠎ᠠ ᠶᠢᠨ ᠶᠠᠭᠠᠨ ᠲᠤᠭᠤᠰ ᠢ 1000 ᠲᠡᠵᠢᠭᠡᠵᠤ ᠪᠤᠢ᠃ ᠵᠸᠤ ᠬᠠᠢ ᠶᠠᠨ ᠦᠪᠡᠷ ᠢᠶᠠᠨ ᠪᠠᠶᠠᠵᠢᠭᠠᠳ ᠦᠷᠤᠭᠡᠯ ᠪᠤᠰᠤᠳ ᠢ ᠮᠠᠷᠳᠠᠭᠰᠠᠨ ᠦᠭᠡᠢ᠂ ᠡᠷᠬᠢᠨ ᠲᠤᠭᠤᠷᠢᠨ ᠤ ᠪᠠᠨ 42 ᠲᠠᠷᠢᠶᠠᠴᠢᠨ ᠡᠷᠤᠭᠡ ᠶᠢ ᠲᠠᠭᠠᠭᠤᠯᠤᠨ ᠲᠤᠭᠤᠰ ᠲᠡᠵᠢᠭᠡᠯᠭᠡᠪᠡ᠃ ᠲᠡᠭᠦᠨ ᠤ ᠲᠠᠭᠠᠭᠤᠯᠭ᠎ᠠ ᠲᠤᠤᠷ᠎ᠠ᠂ ᠬᠤᠷᠰᠢᠶ᠎ᠡ ᠨᠢ ᠲᠤᠬᠳᠠᠬᠰᠠᠨ ᠠᠷᠠᠯᠵᠢᠶᠠᠴᠢᠨ ᠲᠠᠢ ᠪᠤᠯᠵᠦ ᠲᠠᠷᠢᠶᠠᠴᠢᠳ ᠲᠤᠭᠤᠰ ᠲᠡᠵᠢᠭᠡᠵᠤ ᠪᠤᠷᠤᠯᠠᠭᠤᠯᠬᠤ ᠳᠤ ᠵᠤᠪᠠᠭ᠋ᠤ ᠵᠦᠢᠯ ᠦᠭᠡᠢ ᠪᠤᠯᠵᠠᠢ᠃      2013 ᠤᠨ ᠳᠤ᠂ ᠤᠯᠠᠭᠠᠨᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠵᠸᠤ ᠬᠠᠢ ᠶᠠᠨ ᠢ ︽ᠬᠦᠳᠡᠭᠡ ᠲᠤᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠲᠠᠭᠠᠭᠤᠯᠤᠭᠴᠢ︾ ᠪᠠᠷ ᠬᠦᠬᠢᠬᠦᠯᠵᠤ᠂ 2015 ᠤᠨ ᠳᠤ ᠬᠤᠳᠠ ᠶᠢᠨ ᠡᠮᠡᠭᠳᠡᠶᠢᠴᠤᠳ ᠤᠨ ᠬᠤᠯᠪᠤᠭ᠎ᠠ ᠠᠴᠠ ᠲᠡᠭᠦᠨ ᠢ ︽3. 8 ᠤᠯᠠᠭᠠᠨ ᠲᠤᠭᠴᠢ︾ ᠪᠠᠷ ᠦᠨᠡᠯᠡᠪᠡ᠃ 2015 ᠤᠨ ᠳᠤ᠂ ᠲᠡᠭᠦᠨ ᠤ ᠲᠠᠭᠠᠭᠠᠴᠢᠯᠠᠨ ᠡᠷᠬᠢᠯᠡᠭᠰᠡᠨ ᠳ᠋ᠠ ᠹᠧᠩ ᠠᠷᠢᠶᠠᠳᠠᠨ ᠵᠢᠬᠦᠷᠳᠡᠨ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠡ ᠨᠢ ᠦᠪᠡᠷᠳᠡᠭᠡᠨ ᠵᠠᠰᠠᠬᠤ ᠤᠷᠤᠨ ᠤ ︽ᠬᠦᠳᠡᠭᠡ ᠲᠤᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠬᠦᠯᠬᠦ ᠵᠢᠱᠢᠶ᠎ᠠ ᠦᠵᠡᠬᠦᠯᠬᠦ ᠰᠠᠭᠤᠷᠢᠨ︾ ᠢᠶᠠᠷ ᠦᠨᠡᠯᠡᠭᠳᠡᠵᠦ᠂ 2016 ᠤᠨ ᠳᠤ ᠲᠤᠰ ᠬᠤᠷᠰᠢᠶ᠎ᠡ ᠨᠢ ᠬᠢᠨᠭ᠍ᠭᠠᠨ ᠠᠶᠢᠮᠠᠭ ᠤᠨ ᠬᠤᠳᠠ ᠶᠢᠨ ᠶᠠᠳᠠᠭᠤ ᠬᠦᠴᠢᠷᠳᠡᠢ ᠡᠷᠦᠭᠡ ᠶᠢ ᠬᠠᠪᠰᠤᠷᠤᠨ ᠲᠡᠳᠬᠦᠭᠰᠡᠨ ᠭᠤᠤᠯᠳᠠᠯᠭ᠎ᠠ ᠲᠠᠢ ᠨᠢᠭᠡᠴᠡ ᠪᠤᠯᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号