︽ᠰᠣᠯᠣᠩᠭ᠎ᠠ︾ ᠱᠠᠩᠨᠠᠯ ᠳᠤ ᠲᠡᠪᠰᠢᠬᠦᠯᠦᠨ ᠮᠡᠳᠡᠬᠦᠯᠬᠦ ᠠᠵᠢᠯᠯᠠᠬ᠋᠎ᠠ ᠡᠬᠢᠯᠡᠵᠡᠢ
ᠨᠡᠶᠢᠲᠡᠯᠡᠭᠰᠡᠨ ᠴᠠᠭ᠄
2018-03-23
      ᠰᠤᠷᠪᠤᠯᠵᠢᠯᠠᠭᠴᠢ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠤᠢᠢᠯᠠᠭᠠᠭᠰᠠᠨ ᠢᠶᠠᠷ᠂ ᠠᠷᠪᠠᠨ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠳᠬ᠎ᠠ ᠵᠤᠬᠢᠶᠠᠯ ᠤᠨ ᠵᠤᠬᠢᠶᠠᠨ ᠪᠦᠳᠦᠭᠡᠯᠭᠡ ᠶᠢᠨ ︽ᠰᠣᠯᠣᠩᠭ᠎ᠠ︾ ᠱᠠᠩᠨᠠᠯ ᠳᠤ ᠲᠡᠪᠰᠢᠬᠦᠯᠦᠨ ᠮᠡᠳᠡᠬᠦᠯᠬᠦ ᠠᠵᠢᠯᠯᠠᠭ᠎ᠠ ᠤᠶᠢᠷ᠎ᠠ ᠶᠢᠨ ᠡᠳᠦᠷ ᠠᠴᠠ ᠡᠬᠢᠯᠡᠵᠡᠢ᠃ 2015 ᠤᠨ ᠤ 1 ᠰᠠᠷ᠎ᠠ ᠶᠢᠨ 1 ᠤ ᠡᠳᠤᠷ ᠠᠴᠠ 2017 ᠤᠨ ᠤ 12 ᠰᠠᠷ᠎ᠠ ᠶᠢᠨ 31 ᠤ ᠡᠳᠤᠷ ᠬᠦᠷᠳᠡᠯᠡᠬᠢ᠂ ᠤᠷᠤᠨ ᠤ ᠲᠤᠳᠤᠨ᠎ᠠ ᠭᠠᠳᠠᠨᠠᠬᠢ ᠠᠶᠢᠮᠠᠭ ᠬᠤᠳᠠ ᠶᠢᠨ ᠲᠡᠰ ᠠᠴᠠ ᠲᠡᠭᠡᠭᠰᠢᠬᠢ ᠰᠤᠨᠢᠨ ᠰᠡᠳᠬᠦᠯ᠂ ᠬᠡᠪᠯᠡᠯ ᠤᠨ ᠬᠤᠷᠢᠶᠠᠨ ᠳᠤ ᠨᠡᠶᠢᠳᠡᠯᠡᠭᠦᠯᠦᠭᠰᠡᠨ ᠪᠤᠶᠤ ᠬᠡᠪᠯᠡᠬᠦᠯᠦᠭᠰᠡᠨ ᠮᠤᠩᠭᠤᠯ ᠬᠢᠳᠡᠳ ᠲᠤᠭᠤᠵᠢᠰ ᠤᠨ ᠵᠤᠬᠢᠶᠠᠯ ︵ᠷᠤᠮᠠᠨ᠂ ᠲᠤᠭᠤᠵᠢ᠂ ᠦᠬᠦᠯᠡᠯᠭᠡ ᠶᠢ ᠪᠠᠭᠳᠠᠭᠠᠨ᠎ᠠ︶᠂ ᠭᠡᠦᠬᠡᠳ ᠤᠨ ᠤᠷᠠᠨ ᠵᠤᠬᠢᠶᠠᠯ ︵ᠶᠤᠭᠳᠠ ᠦᠯᠢᠬᠡᠷ᠂ ᠲᠤᠮᠤᠭ ᠦᠯᠢᠬᠡᠷ᠂ ᠦᠯᠢᠬᠡᠷ ᠢ ᠪᠠᠭᠲᠠᠭᠠᠨ᠎ᠠ︶᠂ ᠢᠷᠠᠭᠤ ᠨᠠᠶᠢᠷᠠᠭ ︵ᠨᠠᠶᠢᠷᠠᠭᠯᠠᠯ᠂ ᠪᠤᠭᠤᠨᠢ ᠰᠢᠯᠦᠭ᠂ ᠵᠠᠳᠠᠭᠠᠢ ᠰᠢᠯᠦᠭ ᠢ ᠪᠠᠭᠳᠠᠭᠠᠨ᠎ᠠ︶᠂ ᠨᠠᠶᠢᠷᠠᠭᠤᠯᠤᠯ ︵ᠴᠢᠯᠦᠬᠡᠳᠦ ᠪᠢᠴᠢᠯᠬᠡ᠂ ᠶᠤᠵᠤᠳᠤ ᠦᠬᠦᠯᠡᠯ ᠢ ᠪᠠᠭᠳᠠᠭᠠᠨ᠎ᠠ︶᠂ ᠮᠡᠳᠡᠬᠡᠯᠡᠯ ᠤᠨ ᠤᠷᠠᠨ ᠵᠤᠬᠢᠶᠠᠯ᠂ ︵ᠨᠠᠮᠳᠠᠷᠴᠢᠯᠠᠭᠰᠠᠨ ᠵᠤᠬᠢᠶᠠᠯ᠂ ᠪᠠᠷᠢᠮᠳᠠᠳᠤ ᠵᠤᠬᠢᠶᠠᠯ ᠢ ᠪᠠᠭᠳᠠᠭᠠᠨ᠎ᠠ︶᠂ ᠤᠳᠬ᠎ᠠ ᠵᠤᠬᠢᠶᠠᠯ ᠤᠨ ᠤᠨᠤᠯ ᠪᠠ ᠰᠢᠬᠦᠮᠵᠢ ︵ᠲᠠᠩ ᠵᠤᠬᠢᠶᠠᠯ ᠪᠠ ᠤᠨᠤᠯ ᠰᠢᠬᠦᠮᠵᠢ ᠶᠢᠨ ᠵᠤᠬᠢᠶᠠᠯ ᠢᠶᠠᠷ ᠬᠢᠵᠠᠭᠠᠷᠯᠠᠨ᠎ᠠ︶᠂ ᠤᠳᠬ᠎ᠠ ᠵᠤᠬᠢᠶᠠᠯ ᠤᠨ ᠤᠷᠴᠢᠭᠤᠯᠭ᠎ᠠ ︵ᠮᠤᠩᠭᠤᠯ ᠢ ᠬᠢᠳᠡᠳᠴᠢᠯᠠᠬᠤ︶ ᠵᠡᠷᠬᠡ 7 ᠲᠦᠷᠦᠯ ᠤᠨ ᠤᠳᠬ᠎ᠠ ᠵᠤᠬᠢᠶᠠᠯ ᠤᠨ ᠪᠦᠳᠦᠬᠡᠯ ᠤᠳ ᠪᠦᠷ ᠲᠤᠰ ᠬᠤᠭᠤᠴᠠᠭᠠᠨ ᠤ ︽ᠰᠣᠯᠣᠩᠭ᠎ᠠ  ︾ ᠱᠠᠩᠨᠠᠯ ᠤᠨ ᠰᠢᠯᠭᠠᠷᠠᠭᠤᠯᠤᠯᠳᠠ ᠳᠤ ᠲᠡᠪᠰᠢᠬᠦᠯᠦᠨ ᠮᠡᠳᠡᠬᠦᠯᠵᠦ ᠪᠤᠯᠤᠨ᠎ᠠ᠃ ᠪᠦᠳᠦᠭᠡᠯ ᠲᠡᠪᠰᠢᠬᠦᠯᠦᠨ ᠮᠡᠳᠡᠬᠦᠯᠬᠦ ᠠᠵᠢᠯᠯᠠᠭ᠎ᠠ 5 ᠰᠠᠷ᠎ᠠ ᠶᠢᠨ 5 ᠤ ᠡᠳᠦᠷ ᠪᠤᠯᠳᠠᠯ᠎ᠠ ᠦᠷᠭᠦᠯᠵᠢᠯᠡᠨ᠎ᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号