ᠮᠠᠨ ᠤ ᠤᠷᠤᠨ ᠨᠤᠳᠤᠭ ᠪᠡᠯᠴᠢᠭᠡᠷ ᠤᠨ ᠬᠤᠯᠤᠭᠠᠨ᠎ᠠ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠵᠢᠯ ᠢ ᠡᠷᠲᠡ ᠠᠴᠠ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018-03-26
     2018 ᠤᠨ ᠤ ᠪᠦᠬᠦ ᠤᠷᠤᠨ ᠤ ᠨᠤᠳᠤᠭ ᠪᠡᠯᠴᠢᠭᠡᠷ ᠤᠨ ᠬᠤᠯᠤᠭᠠᠨ᠎ᠠ ᠬᠤᠷᠤᠬᠠᠢ ᠶᠢᠨ ᠬᠦᠨᠦᠭᠡᠯ ᠡᠭᠦᠰᠬᠦ ᠪᠠᠶᠢᠳᠠᠯ ᠢ ᠤᠨᠤᠪᠴᠢᠳᠠᠢ ᠲᠦᠰᠦᠭᠡᠯᠡᠬᠦ ᠶᠢᠨ ᠲᠦᠯᠦᠭᠡ᠂ 3 ᠰᠠᠷ᠎ᠠ ᠶᠢᠨ 21 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠠᠵᠢᠯ ᠤᠨ ᠦᠷᠳᠡᠭᠡ ᠶᠢᠨ ᠬᠢᠨ ᠡᠯ᠎ᠠ ᠠᠶᠢᠮᠠᠭ ᠬᠤᠳᠠ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯᠳᠡᠨ ᠪᠤᠯᠤᠨ ᠮᠡᠷᠭᠡᠵᠢᠯ ᠤᠨ ᠠᠵᠢᠯᠳᠠᠨ ᠢ ᠵᠤᠬᠢᠶᠠᠨ ᠪᠠᠶᠢᠭᠤᠯᠤᠨ᠂ ᠬᠦᠬᠡᠬᠤᠳᠠ ᠳᠤ ᠪᠦᠬᠦ ᠤᠷᠤᠨ ᠤ ᠨᠤᠳᠤᠭ ᠪᠡᠯᠴᠢᠭᠡᠷ ᠤᠨ ᠬᠤᠯᠤᠭᠠᠨ᠎ᠠ ᠬᠤᠷᠤᠬᠠᠢ ᠶᠢᠨ ᠬᠦᠨᠦᠭᠡᠯ ᠤᠨ ᠬᠠᠨᠳᠤᠰᠢ ᠶᠢ ᠵᠠᠳᠠᠯᠬᠤ ᠶᠠᠷᠢᠯᠴᠠᠬᠤ ᠬᠤᠷᠠᠯ ᠢ ᠬᠤᠷᠠᠯᠳᠤᠭᠤᠯᠵᠠᠢ᠃      ᠬᠤᠷᠠᠯ ᠨᠢ᠂ ᠡᠯ᠎ᠠ ᠠᠶᠢᠮᠠᠭ ᠬᠤᠳᠠ ᠶᠢᠨ ᠨᠤᠳᠤᠭ ᠪᠡᠯᠴᠢᠭᠡᠷ ᠤᠨ ᠬᠤᠯᠤᠭᠠᠨ᠎ᠠ ᠬᠤᠷᠤᠬᠠᠢ ᠶᠢᠨ ᠬᠦᠨᠦᠭᠡᠯ ᠢ ᠬᠢᠨᠠᠨ ᠰᠢᠯᠭᠠᠭᠰᠠᠨ ᠪᠠᠶᠢᠳᠠᠯ᠂ 2017 ᠤᠨ ᠤ ᠨᠠᠮᠤᠷ ᠤᠨ ᠤᠯᠠᠷᠢᠯ ᠤᠨ ᠪᠠᠶᠢᠴᠠᠭᠠᠯᠳᠠ ᠶᠢᠨ ᠲᠤᠭ᠎ᠠ ᠪᠠᠷᠢᠮᠳᠠ᠂ ᠨᠢᠳᠤᠨᠤᠨ ᠡᠪᠦᠯ ᠡᠨᠡ ᠬᠠᠪᠤᠷ ᠤᠨ ᠴᠠᠭ ᠠᠭᠤᠷ ᠤᠨ ᠨᠦᠬᠦᠴᠡᠯ ᠵᠢᠴᠢ ᠦᠩᠭᠡᠷᠡᠭᠰᠡᠨ ᠵᠢᠯ ᠤᠳ ᠲᠤ ᠡᠭᠦᠰᠦᠭᠰᠡᠨ ᠵᠢᠴᠢ ᠰᠡᠷᠭᠡᠶᠢᠯᠡᠨ ᠵᠠᠰᠠᠭᠰᠠᠨ ᠪᠠᠶᠢᠳᠠᠯ ᠵᠡᠷᠭᠡ ᠡᠯᠧᠮᠧᠨ᠋ᠲ ᠢ ᠬᠤᠯᠤᠭᠠᠨ᠎ᠠ ᠬᠤᠷᠤᠬᠠᠢ ᠶᠢᠨ ᠬᠦᠨᠦᠭᠡᠯ ᠡᠭᠦᠰᠬᠦ ᠤᠨᠴᠠᠯᠢᠭ ᠲᠠᠢ ᠤᠶᠠᠯᠳᠤᠭᠤᠯᠵᠤ᠂ ᠶᠡᠷᠦᠩᠬᠡᠶᠢᠯᠡᠨ ᠵᠠᠳᠠᠯᠤᠭᠠᠳ᠄ ᠡᠨᠡ ᠵᠢᠯ ᠪᠦᠬᠦ ᠤᠷᠤᠨ ᠤ ᠨᠤᠳᠤᠭ ᠪᠡᠯᠴᠢᠭᠡᠷ ᠤᠨ ᠬᠤᠯᠤᠭᠠᠨ᠎ᠠ ᠬᠤᠷᠤᠬᠠᠢ ᠶᠢᠨ ᠬᠦᠨᠦᠭᠡᠯ ᠮᠦᠨᠬᠦ ᠲᠤᠮᠳᠠ ᠵᠡᠷᠭᠡ ᠠᠴᠠ ᠬᠦᠨᠳᠦᠷᠡᠬᠦ ᠪᠠᠶᠢᠳᠠᠯ ᠲᠠᠢ᠂ ᠲᠤᠮᠳᠠ ᠪᠡᠶ᠎ᠠ ᠶᠢᠨ ᠭᠠᠵᠠᠷ ᠤᠷᠤᠨ ᠳᠤ ᠪᠷᠦ᠋ᠼᠧᠯ ᠬᠤᠯᠤᠭᠠᠨ᠎ᠠ᠂ ᠵᠡᠭᠦᠨ ᠪᠡᠶ᠎ᠠ ᠶᠢᠨ ᠭᠠᠵᠠᠷ ᠤᠷᠤᠨ ᠳᠤ ᠨᠤᠮᠤᠨ ᠰᠤᠬᠤᠷ ᠤᠨ ᠬᠦᠨᠦᠭᠡᠯ ᠭᠠᠷᠴᠤ᠂ ᠬᠡᠰᠡᠭ ᠭᠠᠵᠠᠷ ᠤᠷᠤᠨ ᠳᠤ ᠴᠠᠷᠴᠠᠬᠠᠢ ᠶᠢᠨ ᠬᠦᠨᠦᠭᠡᠯ ᠬᠦᠨᠳᠦᠷᠡᠭᠦ ᠬᠠᠨᠳᠤᠰᠢ ᠲᠠᠢ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号