ᠢᠷᠡᠭᠡᠳᠤᠢ ᠶᠢᠨ ᠰᠢᠨ᠎ᠡ ᠰᠤᠷᠤᠭᠴᠢ ᠶᠢᠨ ᠰᠢᠯᠭᠠᠯᠳᠠ ᠳᠤ ᠰᠦᠷᠢᠶ᠎ᠡ ᠡᠪᠡᠳᠴᠢᠨ ᠲᠠᠢ ᠡᠰᠡᠬᠦ ᠶᠢ ᠵᠠᠪᠠᠯ ᠪᠠᠶᠢᠴᠠᠭᠠᠬᠤ ᠬᠡᠷᠡᠭᠲᠠᠢ
ᠨᠡᠶᠢᠲᠡᠯᠡᠭᠰᠡᠨ ᠴᠠᠭ᠄
2018-03-26
      3 ᠰᠠᠷ᠎ᠠ ᠶᠢᠨ 24 ᠤ ᠡᠳᠤᠷ ᠪᠤᠯ 23 ᠳᠠᠬᠢ ᠲᠡᠯᠡᠬᠡᠢ ᠶᠢᠨ ᠰᠦᠷᠢᠶ᠎ᠡ ᠡᠪᠡᠳᠴᠢᠨ ᠢ ᠰᠡᠷᠬᠡᠶᠢᠯᠡᠨ ᠵᠠᠰᠠᠬᠤ ᠡᠳᠤᠷ ᠪᠤᠯᠤᠨ᠎ᠠ᠂ ᠪᠡᠭᠡᠵᠢᠩ ᠤᠨ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠵᠠᠷᠯᠠᠭᠰᠠᠨ ᠢᠶᠠᠷ᠂ ᠢᠷᠡᠭᠡᠳᠤᠷ ᠳᠤ ᠰᠦᠷᠢᠶ᠎ᠡ ᠡᠪᠡᠳᠴᠢᠨ ᠪᠠᠶᠢᠴᠠᠭᠠᠬᠤ ᠶᠢ ᠪᠡᠭᠡᠵᠢᠩ ᠬᠤᠳᠠ ᠶᠢᠨ ᠰᠢᠨ᠎ᠡ ᠰᠤᠷᠤᠭᠴᠢ ᠰᠤᠷᠭᠠᠭᠤᠯᠢ ᠳᠤ ᠤᠷᠤᠬᠤ ᠪᠡᠶ᠎ᠡ ᠶᠢᠨ ᠰᠢᠯᠭᠠᠯᠳᠠ ᠶᠢᠨ ᠨᠢᠬᠡ ᠲᠦᠷᠦᠯ ᠪᠤᠯᠭᠠᠬᠤ ᠪᠠᠷ ᠪᠤᠢ᠃      ᠨᠢᠳᠤᠨᠤᠨ᠂ ᠪᠡᠭᠡᠵᠢᠩ ᠬᠤᠳᠠ ᠶᠢᠨ ᠮᠡᠳᠡᠬᠦᠯᠦᠯᠳᠡ ᠳᠤ ᠠᠭᠤᠰᠬᠢᠨ ᠤ ᠰᠦᠷᠢᠶ᠎ᠡ ᠡᠪᠡᠳᠴᠢᠨ ᠳᠤ ᠨᠡᠷᠪᠡᠭᠳᠡᠭᠰᠡᠳ 7114 ᠳᠤ ᠬᠦᠷᠴᠦ᠂ ᠭᠡᠳᠡᠰᠦᠨ ᠤ ᠬᠠᠯᠳᠠᠪᠤᠷᠢᠳᠤ ᠡᠪᠡᠳᠴᠢᠨ ᠤ ᠲᠠᠷᠠᠭ᠎ᠠ ᠪᠠᠶᠢᠷᠢᠯᠠᠪᠠ᠃ ︽ᠰᠦᠷᠢᠶ᠎ᠡ ᠡᠪᠡᠳᠴᠢᠨ ᠠᠮᠢᠰᠬᠤᠯ ᠢᠶᠠᠷ ᠬᠠᠯᠳᠠᠳᠠᠬ︾ ᠬᠡᠵᠤ ᠪᠡᠭᠡᠵᠢᠩ ᠤᠨ ᠰᠦᠷᠢᠶ᠎ᠡ ᠡᠪᠡᠳᠴᠢᠨ ᠰᠤᠳᠤᠯᠬᠤ ᠡᠮᠨᠡᠯᠬᠡ ᠶᠢᠨ ᠡᠷᠬᠢᠯᠡᠭᠴᠢ ᠭᠤᠤ ᡁᠢ ᠳ᠋ᠦᠩ ᠲᠠᠨᠢᠯᠴᠠᠭᠤᠯᠪᠠ᠂ ᠬᠦᠮᠦᠨ ᠬᠠᠷ᠎ᠠ ᠲᠦᠪᠯᠡᠷᠡᠭᠰᠡᠨ ᠭᠠᠵᠠᠷ ᠲᠤ ᠬᠡᠷᠪᠡ ᠬᠠᠯᠳᠠᠪᠤᠷᠢᠳᠤ ᠴᠢᠨᠠᠷᠳᠠᠢ ᠠᠭᠤᠰᠬᠢᠨ ᠤ ᠰᠦᠷᠢᠶ᠎ᠡ ᠡᠪᠡᠳᠴᠢᠨ ᠲᠠᠢ ᠬᠦᠮᠦᠨ ᠤᠳᠠᠭᠠᠨ ᠰᠠᠭᠠᠳᠠᠪᠠᠯ᠂ ᠤᠯᠠᠨ ᠬᠦᠮᠦᠨ ᠳᠤ ᠰᠦᠷᠢᠶ᠎ᠡ ᠡᠪᠡᠳᠴᠢᠨ ᠬᠠᠯᠳᠠᠪᠤᠷᠢᠯᠠᠭᠤᠯᠬᠤ ᠠᠶᠤᠯ ᠲᠠᠢ᠃      ᠰᠢᠨ᠎ᠡ ᠪᠠᠷ ᠲᠠᠷᠤᠮᠠᠯᠯᠠᠨ ᠲᠠᠷᠬᠠᠭᠠᠭᠰᠠᠨ ︽ᠰᠤᠷᠭᠠᠭᠤᠯᠢ ᠶᠢᠨ ᠬᠦᠷᠢᠶᠡᠨ ᠳᠤ ᠰᠦᠷᠢᠶ᠎ᠡ ᠡᠪᠡᠳᠴᠢᠨ ᠢ ᠰᠡᠷᠬᠡᠶᠢᠯᠡᠨ ᠡᠵᠡᠮᠳᠡᠬᠦ ᠠᠵᠢᠯ ᠤᠨ ᠲᠦᠷᠢᠮ︾ ᠢ ᠦᠨᠳᠦᠰᠦᠯᠡᠪᠡᠯ᠂ ᠢᠷᠡᠭᠡᠳᠤᠢ ᠳᠤ ᠪᠡᠭᠡᠵᠢᠩ ᠬᠤᠳᠠ ᠶᠢᠨ ᠰᠤᠷᠭᠠᠭᠤᠯᠢ ᠪᠤᠯᠤᠨ ᠴᠡᠴᠡᠷᠯᠢᠭ ᠰᠦᠷᠢᠶ᠎ᠡ ᠡᠪᠡᠳᠴᠢᠨ ᠢ ᠰᠡᠷᠬᠡᠶᠢᠯᠡᠨ ᠬᠤᠷᠢᠭᠯᠠᠬᠤ ᠠᠵᠢᠯ ᠢ ᠴᠢᠩᠬᠠᠳᠬᠠᠨ᠎ᠠ᠂ ᠡᠬᠦᠨ ᠳᠤ ᠰᠤᠷᠭᠠᠭᠤᠯᠢ ᠶᠢᠨ ᠡᠳᠤᠷ ᠲᠤᠳᠤᠮ ᠤᠨ ᠰᠢᠯᠭᠠᠯᠳᠠ᠂ ᠡᠪᠡᠳᠴᠢᠨ ᠢᠶᠠᠷ ᠬᠢᠴᠢᠶᠡᠯ ᠰᠠᠭᠠᠳᠠᠭᠰᠠᠨ ᠲᠡᠮᠳᠡᠭᠯᠡᠯ᠂ ᠡᠪᠡᠳᠴᠢᠨ ᠤ ᠪᠠᠶᠢᠳᠠᠯ ᠢ ᠤᠶᠢᠯᠠᠭᠠᠬᠤ ᠪᠤᠯᠤᠨ ᠲᠠᠬᠢᠨ ᠰᠢᠯᠭᠠᠬᠤ ᠵᠡᠷᠬᠡ ᠠᠵᠢᠯ ᠳᠤ ᠲᠤᠰᠬᠠᠢ ᠪᠠᠶᠢᠴᠠᠭᠠᠯᠲᠠ ᠬᠢᠬᠦ ᠶᠢᠨ ᠬᠠᠮᠳᠤ ᠰᠦᠷᠢᠶ᠎ᠡ ᠡᠪᠡᠳᠴᠢᠨ ᠢ ᠪᠠᠶᠢᠴᠠᠭᠠᠬᠤ ᠶᠢ ᠰᠤᠷᠭᠠᠭᠤᠯᠢ ᠶᠢᠨ ᠰᠢᠨ᠎ᠡ ᠰᠤᠷᠤᠭᠴᠢ ᠪᠤᠯᠤᠨ ᠪᠠᠭᠰᠢ ᠠᠵᠢᠯᠳᠠᠳ ᠤᠨ ᠪᠠᠶᠢᠩᠬᠤ ᠶᠢᠨ ᠠᠭᠤᠯᠭ᠎ᠠ ᠪᠤᠯᠭᠠᠬᠤ ᠬᠡᠷᠡᠭᠲᠡᠢ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号