2018 ᠤᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢᠨ ᠳᠤᠳᠤᠯᠠᠯᠳᠠ
ᠨᠡᠶᠢᠲᠡᠯᠡᠭᠰᠡᠨ ᠴᠠᠭ᠄
2018-03-26
      ᠳᠠᠭᠠᠭᠠᠴᠢᠯᠠᠭᠰᠠᠨ ᠭᠠᠵᠠᠷ ᠰᠢᠷᠦᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠪᠤᠯ ᠬᠦᠳᠡᠭᠡ ᠳᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠭᠡ ᠶᠢ ᠰᠠᠯᠭᠠᠬᠤ︾ ᠦᠭᠡᠷᠡᠴᠢᠯᠡᠯᠳᠡ ᠶᠢᠨ ᠲᠡᠷᠢᠬᠦᠨ ᠴᠢᠬᠤᠯᠠ ᠡᠬᠦᠷᠭᠡ ᠮᠦᠨ᠂ ᠪᠠᠰᠠᠴᠤ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠶᠢᠨ ᠤᠷᠢᠳᠠᠯ ᠪᠤᠯᠤᠨ᠎ᠠ᠃ ᠤᠳᠤᠬᠠᠨ ᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠠᠵᠢᠯ ᠪᠤᠯ ᠳᠠᠷᠤᠢ ᠳᠠᠷᠢᠶᠠᠴᠢᠨ ᠡᠷᠦᠭᠡ ᠶᠢᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠮᠡᠳᠡᠭᠡ ᠵᠠᠩᠬᠢ ᠶᠢ ᠳᠠᠩᠰᠠᠨ ᠳᠤ ᠤᠷᠤᠭᠤᠯᠵᠤ᠂ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠳᠠᠷᠬᠠᠭᠠᠵᠤ᠂ ᠳᠠᠷᠢᠶᠠᠴᠢᠳ ᠤᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠡᠷᠭᠡ ᠠᠰᠢᠬ ᠢ ᠬᠠᠮᠠᠭᠠᠯᠠᠨ᠂ ᠳᠠᠷᠢᠶᠠᠴᠢᠳ ᠢ ᠳᠠᠬᠢᠭᠠᠳ ᠭᠠᠵᠠᠷ ᠰᠢᠷᠤᠢ ᠳᠠᠭᠠᠨ ᠬᠦᠯᠢᠶᠡᠰᠦᠯᠡᠭᠳᠡᠬᠦ ᠦᠭᠡᠢ ᠪᠤᠯᠭᠠᠬᠤ ᠶᠢᠨ ᠲᠦᠯᠦᠭᠡ ᠶᠤᠮ᠃      ᠤᠳᠤᠬᠠᠨ ᠳᠤ ᠪᠦᠬᠦ ᠤᠯᠤᠰ ᠤᠨ ᠭᠡᠪᠴᠢᠶᠡᠨ ᠳᠠᠬᠢ ᠬᠦᠳᠡᠭᠡ ᠳᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠦᠮᠴᠢᠯᠡᠬᠦ ᠡᠷᠭᠡ ᠶᠢ ᠳᠤᠳᠤᠯᠠᠨ ᠦᠨᠡᠮᠯᠡᠯ ᠤᠯᠭᠤᠬᠤ ᠶᠢ ᠪᠦᠬᠦ ᠲᠠᠯ᠎ᠠ ᠪᠠᠷ ᠠᠬᠢᠭᠤᠯᠵᠣ ᠨᠢᠭᠡᠨᠳᠡ 28 ᠮᠣᠵᠢ ᠪᠤᠯᠵᠤ᠂ ᠪᠤᠳᠠᠳᠠᠢ ᠭᠡᠮᠵᠢᠭᠰᠡᠨ ᠬᠦᠳᠡᠭᠡ ᠳᠤᠰᠬᠤᠨ ᠤ ᠳᠠᠭᠠᠭᠠᠴᠢᠯᠠᠭᠰᠠᠨ ᠭᠠᠵᠠᠷ ᠰᠢᠷᠤᠢ ᠶᠢᠨ ᠳᠠᠯᠠᠪᠠᠢ ᠨᠢ ᠨᠡᠶᠢᠳᠠ 15.2 ᠳ᠋ᠦᠡᠭᠰᠢᠭᠤᠷ ᠮᠦ ᠬᠦᠷᠦᠭᠰᠡᠨ ᠪᠤᠯᠪᠠᠴᠤ ᠦᠮᠴᠢᠯᠡᠯ ᠤᠨ ᠡᠷᠭᠡ ᠶᠢ ᠳᠤᠳᠤᠯᠠᠭᠰᠠᠨ ᠳᠠᠯᠠᠪᠠᠢ ᠨᠢ ᠬᠠᠷᠢᠨ 11.1 ᠳ᠋ᠦᠡᠭᠰᠢᠭᠤᠷ ᠮᠦ ᠳᠤ ᠯᠠ ᠬᠦᠷᠴᠡᠢ᠃ ᠳᠠᠷᠤᠢ ᠪᠠᠰᠠ ᠲᠦᠷᠪᠡᠨ ᠤ ᠨᠢᠭᠡ ᠢᠯᠡᠬᠦᠦ ᠶᠢᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠭᠠᠳᠤᠢ ᠭᠡᠰᠡᠨ ᠦᠭᠡ᠃ ᠡᠨᠡᠬᠦ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠤᠨ ᠬᠤᠪᠢ ᠶᠢᠨ ᠵᠢᠩ ᠨᠢ ᠮᠠᠰᠢ ᠬᠦᠨᠳᠦ᠂ ᠳᠠᠷᠢᠶᠠᠴᠢᠳ ᠤᠨ ᠭᠠᠵᠠᠷ ᠰᠢᠷᠤᠢ᠂ ᠬᠡᠷ ᠪᠠᠶᠢᠰᠢᠩ ᠤᠨ ᠰᠠᠭᠤᠷᠢᠠ ᠭᠠᠵᠠᠷ ᠵᠡᠷᠭᠡ ᠶᠢᠨ ᠡᠷᠭᠡ ᠠᠰᠢᠬ ᠲᠤ ᠬᠤᠯᠪᠤᠭᠳᠠᠨ᠂ ᠨᠠᠭᠠᠳᠤ ᠵᠠᠬ᠎ᠠ ᠳᠠᠭᠠᠨ 20 ᠲᠦᠮᠡ ᠠᠴᠠ ᠲᠡᠭᠡᠭᠰᠢ ᠳᠤ ᠬᠦᠷᠬᠦ ᠪᠤᠯᠤᠨ᠎ᠠ᠃ ᠲᠡᠭᠡᠪᠡᠯ ᠡᠳᠡᠭᠡᠷ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠶᠠᠭᠤᠨ ᠳᠤ ᠳᠤᠳᠤᠯᠠᠬᠤ ᠦᠭᠡᠢ ᠪᠤᠢ︖ ᠴᠤᠬᠤᠮ ᠶᠠᠮᠠᠷᠰᠢᠦ ᠲᠦᠷᠦᠯ ᠤᠨ ᠳᠠᠭᠠᠭᠠᠴᠢᠯᠠᠭᠰᠠᠨ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠳᠠᠭ ᠦᠭᠡᠢ ᠪᠤᠢ︖ ᠭᠤᠤᠯᠳᠠᠭᠤ ᠳᠤᠤᠷᠠᠬᠢ ᠮᠡᠳᠦ ᠭᠤᠷᠪᠠᠨ ᠲᠦᠷᠦᠯ ᠪᠤᠢ᠃      ᠨᠢᠭᠡ᠂ ᠳᠠᠳᠠᠪᠤᠷᠢᠯᠠᠨ ᠭᠡᠷᠡᠭᠯᠡᠭᠳᠡᠭᠰᠡᠨ ᠮᠦᠷᠲᠡᠭᠡᠨ ᠳᠠᠳᠠᠪᠤᠷᠢᠯᠠᠨ ᠭᠡᠷᠡᠭᠯᠡᠬᠦ ᠭᠡᠷ᠎ᠡ ᠳᠤᠭᠳᠠᠭᠰᠠᠨ ᠤ ᠬᠠᠮᠳᠤ ᠲᠦᠯᠦᠪᠦᠷᠢ ᠤᠯᠭᠤᠭᠰᠠᠨ ᠭᠠᠵᠠᠷ ᠰᠢᠷᠤᠢ ᠡᠶᠢᠮᠦᠷᠬᠦ ᠭᠠᠵᠠᠷ ᠰᠢᠷᠤᠢ᠂ ᠳᠠᠳᠠᠪᠤᠷᠢᠯᠠᠨ ᠭᠡᠷᠡᠭᠯᠡᠭᠰᠡᠨ ᠠᠴᠠ ᠭᠠᠵᠠᠷ ᠰᠢᠷᠤᠢ ᠶᠢ ᠭᠡᠷᠡᠭᠯᠡᠬᠦ ᠠᠷᠭ᠎ᠠ ᠵᠠᠮ ᠨᠢ ᠤᠯᠤᠰ ᠤᠨ ᠦᠮᠴᠢᠯᠡᠯ ᠤᠨ ᠭᠠᠵᠠᠷ ᠰᠢᠷᠤᠢ ᠪᠤᠯᠵᠤ᠂ ᠳᠠᠷᠢᠶᠠᠴᠢᠳ ᠴᠤ ᠲᠦᠯᠦᠪᠦᠷᠢ ᠤᠯᠤᠭᠰᠠᠨ ᠳᠤᠯᠠ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠡᠷᠭᠡ ᠪᠠᠨ ᠠᠯᠳᠠᠪᠠ᠃ ᠭᠡᠯᠡᠯᠭᠡᠨ ᠦᠭᠡᠢ᠂ ᠦᠮᠴᠢᠯᠡᠯ ᠤᠨ ᠡᠷᠭᠡ ᠶᠢ ᠳᠠᠬᠢᠭᠠᠳ ᠳᠤᠳᠤᠯᠠᠵᠤ ᠪᠤᠯᠬᠤ ᠦᠭᠡᠢ᠃      ᠬᠤᠶᠠᠷ᠂ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ ᠳᠤᠳᠤᠷᠬᠠᠢ ᠦᠭᠡᠢ᠂ ᠮᠠᠷᠭᠤᠭᠠᠨ ᠲᠠᠢ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠲᠦᠷ ᠳᠤᠳᠤᠯᠠᠬᠤ ᠦᠭᠡᠢ ᠬᠦᠳᠡᠭᠡ ᠳᠤᠰᠬᠤᠨ ᠳᠤ ᠳᠠᠷᠢᠶᠠᠨ ᠭᠠᠵᠠᠷ ᠢᠶᠠᠨ ᠬᠠᠷᠢᠯᠴᠠᠨ ᠰᠤᠯᠢᠬᠤ᠂ ᠭᠠᠵᠠᠷ ᠤᠨ ᠵᠠᠭᠠᠭ ᠱᠤᠭᠤᠮ ᠨᠢ ᠳᠤᠳᠤᠷᠬᠠᠢ ᠦᠭᠡᠢ ᠵᠡᠷᠭᠡ ᠠᠴᠠ ᠭᠠᠵᠠᠷ ᠰᠢᠷᠤᠢ ᠶᠢᠨ ᠦᠮᠴᠢᠯᠡᠯ ᠤᠨ ᠡᠷᠭᠡ ᠨᠢ ᠳᠤᠳᠤᠷᠬᠠᠢ ᠦᠭᠡᠢ ᠪᠠᠶᠢᠳᠠᠭ᠃ ᠬᠦᠳᠡᠭᠡ ᠳᠤᠰᠬᠤᠨ ᠳᠤ ᠡᠶᠢᠮᠦᠷᠬᠦ ᠭᠠᠵᠠᠷ ᠰᠢᠷᠤᠢ ᠲᠡᠶᠢᠮᠦ ᠠᠷᠪᠢᠨ ᠪᠢᠰᠢ ᠪᠤᠯᠪᠠᠴᠤ ᠡᠶᠢᠮᠦᠷᠬᠦ ᠪᠠᠶᠢᠳᠠᠯ ᠭᠠᠷᠤᠭᠰᠠᠭᠠᠷ ᠭᠠᠵᠠᠷ ᠰᠢᠷᠤᠢ ᠶᠢᠨ ᠡᠷᠭᠡ ᠶᠢᠨ ᠬᠠᠷᠢᠶᠠᠯᠠᠯ ᠨᠢ ᠳᠤᠳᠤᠷᠬᠠᠢ ᠦᠭᠡᠢ᠂ ᠦᠮᠴᠢᠯᠡᠯ ᠤᠨ ᠡᠷᠭᠡ ᠶᠢ ᠳᠤᠳᠤᠯᠠᠬᠤ ᠳᠤᠭᠤᠢᠢᠯᠠᠩ ᠴᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠨᠢ ᠭᠡᠨ ᠤ ᠬᠢ ᠪᠠᠶᠢᠪᠠᠯ ᠳᠠᠭᠠᠷᠠᠬᠤ ᠶᠢ ᠮᠡᠳᠡᠬᠦ ᠦᠭᠡᠢ ᠦᠶᠡᠰ ᠳᠤᠳᠤᠯᠠᠬᠤ ᠦᠭᠡᠢ᠃ ᠳᠤᠰᠬᠤᠨ ᠤ ᠬᠠᠮᠳᠤ ᠠᠴᠠ ᠪᠠᠶᠢᠴᠠᠭᠠᠵᠤ ᠬᠢᠨᠠᠨ ᠬᠠᠷᠭᠤᠭᠤᠯᠬᠤ ᠪᠤᠶᠤ ᠵᠤᠬᠢᠴᠠᠭᠤᠯᠤᠭᠠᠳ ᠵᠦᠪᠳᠡᠯᠴᠡᠭᠡᠷ ᠳᠤᠭᠳᠠᠭᠰᠠᠨ ᠤ ᠳᠠᠷᠠᠭ᠎ᠠ ᠰᠠᠶ᠋ᠢ ᠦᠮᠴᠢᠯᠡᠯ ᠤᠨ ᠡᠷᠭᠡ ᠶᠢ ᠳᠤᠳᠤᠯᠠᠨ ᠦᠨᠡᠮᠯᠡᠯ ᠳᠠᠷᠬᠠᠭᠠᠨ᠎ᠠ᠃      ᠭᠤᠷᠪᠠ᠂ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠰᠠᠨ ᠭᠠᠵᠠᠷ ᠰᠢᠷᠤᠢ ᠡᠮᠦᠨ᠎ᠡ ᠭᠡᠳᠦᠨ ᠵᠢᠯ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠦᠭᠰᠡᠨ ᠠᠴᠠ ᠤᠯᠠᠨ ᠳᠠᠷᠢᠶᠠᠴᠢᠨ ᠤᠷᠢᠶᠠᠯᠠᠭ᠎ᠠ ᠶᠢ ᠲᠠᠭᠠᠨ ᠳᠠᠷᠢᠶᠠᠯᠠᠬᠤ ᠪᠠᠨ ᠵᠤᠭᠰᠤᠭᠠᠨ ᠤᠢ ᠮᠤᠳᠤ ᠳᠠᠷᠢᠬᠤ ᠵᠦᠪᠳᠡᠯᠴᠡᠭᠡᠷ ᠳᠤᠭᠳᠠᠭᠰᠠᠨ ᠤ ᠬᠠᠮᠳᠤ ᠭᠠᠵᠠᠷ ᠰᠢᠷᠤᠢ ᠪᠠᠨ ᠨᠢᠭᠡᠨᠳᠡ ᠤᠢᠢᠵᠢᠭᠤᠯᠤᠭᠰᠠᠨ ᠮᠦᠷᠲᠡᠭᠡᠨ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠬᠤ ᠨᠦᠬᠦᠪᠦᠷᠢ ᠠᠪᠤᠭᠰᠠᠨ ᠪᠤᠯ ᠨᠢᠭᠡᠨᠳᠡ ᠳᠠᠷᠢᠶᠠᠯᠠᠬᠤ ᠶᠢ ᠵᠤᠭᠰᠤᠭᠠᠨ ᠤᠢ ᠮᠤᠳᠤ ᠳᠠᠷᠢᠭᠰᠠᠨ ᠭᠠᠵᠠᠷ ᠰᠢᠷᠤᠢ ᠳᠠᠭᠠᠨ ᠳᠠᠬᠢᠭᠠᠳ ᠦᠮᠴᠢᠯᠡᠯ ᠤᠨ ᠡᠷᠭᠡ ᠶᠢ ᠳᠤᠳᠤᠯᠠᠭᠤᠯᠵᠤ ᠪᠤᠯᠬᠤ ᠦᠭᠡᠢ᠃ ᠬᠡᠶ᠎ᠡ ᠤᠢ ᠰᠢᠭᠤᠢ ᠶᠢᠨ ᠦᠮᠴᠢᠯᠡᠯ ᠤᠨ ᠡᠷᠭᠡ ᠶᠢᠨ ᠦᠨᠡᠮᠯᠡᠯ ᠠᠪᠤᠭᠠᠳᠤᠢ ᠮᠦᠷᠲᠡᠭᠡᠨ ᠨᠦᠬᠦᠪᠦᠷᠢ ᠤᠯᠤᠭᠠᠳᠤᠢ ᠪᠤᠯ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠭᠤᠯᠵᠤ ᠪᠤᠯᠤᠨ᠎ᠠ᠃      2018 ᠤᠨ ᠤ ᠰᠡᠬᠦᠯᠴᠢ ᠳᠤ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠳᠤᠳᠤᠯᠠᠨ ᠳᠠᠩᠰᠠᠯᠠᠬᠤ ᠠᠵᠢᠯ ᠲᠡᠬᠦᠰᠬᠦ ᠪᠤᠯᠤᠨ᠎ᠠ᠃ ᠡᠨᠡ ᠨᠢᠭᠡ ᠵᠢᠯ ᠳᠤ ᠦᠮᠴᠢᠯᠡᠯ ᠤᠨ ᠡᠷᠭᠡ ᠶᠢ ᠳᠤᠳᠤᠯᠠᠭᠰᠠᠨ ᠦᠨᠡᠮᠯᠡᠯ ᠤᠯᠤᠭᠠᠳᠤᠢ ᠳᠠᠷᠢᠶᠠᠴᠢᠳ ᠴᠠᠭ ᠢ ᠵᠠᠪᠳᠤᠨ ᠳᠠᠩᠰᠠᠯᠠᠭᠤᠯᠵᠤ᠂ ᠦᠪᠡᠷ ᠤᠨ ᠬᠠᠤᠯᠢ ᠶᠤᠰᠤᠨ ᠤ ᠡᠷᠭᠡ ᠠᠰᠢᠬ ᠢᠶᠠᠨ ᠬᠠᠮᠠᠭᠠᠯᠠᠬᠤ ᠳᠤ ᠪᠠᠳᠤᠯᠠᠭ᠎ᠠ ᠲᠠᠢ ᠪᠤᠯᠬᠤ ᠶᠢ ᠠᠩᠬᠠᠷᠤᠭᠤᠰᠢᠳᠠᠢ᠃ ︵︽ᠳᠤᠮᠳᠠᠳᠤ ᠤᠯᠤᠰ ᠤᠨ ᠰᠢᠩ ᠨᠦᠩ ᠰᠦᠯᠵᠢᠶ᠎ᠡ︾ ᠠᠴᠠ ᠤᠷᠴᠢᠭᠤᠯᠤᠨ ᠨᠠᠶᠢᠷᠡᠭᠤᠯᠵᠤ ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号