ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠷᠴᠢᠭᠤᠯᠬᠤ ᠭᠠᠵᠠᠷ ᠤᠨ ᠪᠠᠶᠢᠴᠠᠭᠠᠨ ᠰᠤᠳᠤᠯᠤᠭᠴᠢ ᠬᠠᠰᠬᠤᠸᠠᠷ ᠨᠠᠷ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠰᠠᠭᠠᠲᠠᠵᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-03-28
     3 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠣᠷᠴᠢᠭᠤᠯᠬᠤ ᠭᠠᠵᠠᠷ ᠤᠨ ᠪᠠᠶᠢᠴᠠᠭᠠᠨ ᠰᠤᠳᠤᠯᠤᠭᠴᠢ ᠬᠠᠰᠬᠤᠸᠠᠷ ᠨᠠᠷ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠰᠠᠭᠠᠲᠠᠵᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠪᠠᠶᠢᠴᠠᠭᠠᠨ ᠰᠤᠳᠤᠯᠤᠭᠴᠢ ᠬᠠᠢ ᠶᠢᠩ᠂ ᠡᠯᠧᠺᠲᠷᠣᠨ ᠵᠠᠰᠠᠭ ᠤᠨ ᠶᠠᠪᠤᠳᠠᠯ ᠤᠨ ᠰᠠᠯᠠᠭ᠎ᠠ ᠶᠢᠨ ᠳᠡᠳ᠋ ᠳᠠᠷᠤᠭ᠎ᠠ ᠢᠯᠠᠯᠲᠠ ᠪᠠᠷ᠎ᠠ ᠪᠣᠯᠪᠠ᠃      ᠬᠠᠢ ᠶᠢᠩ ᠠᠴᠠ ᠬᠥᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠲᠦᠭᠡᠨ ᠪᠠᠶᠢᠭᠤᠯᠵᠤ ᠪᠠᠶᠢᠭ᠎ᠠ ᠠᠬᠢᠴᠠ ᠶᠢᠨ ᠪᠠᠶᠢᠳᠠᠯ᠂ ᠣᠳᠣᠬᠠᠨ ᠳᠤ ᠲᠤᠯᠭᠠᠷᠠᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠤᠨ ᠲᠤᠬᠠᠢ ᠨᠠᠷᠢᠨ ᠮᠡᠳᠡᠭᠦᠯᠦᠯᠲᠡ ᠬᠢᠪᠡ᠃ ᠬᠠᠰᠬᠤᠸᠠᠷ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠬᠥᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠠᠵᠢᠯ ᠢ ᠭᠦᠢᠴᠡᠳ ᠨᠤᠲᠠᠯᠠᠵᠤ᠂ ᠬᠤᠶᠢᠰᠢᠳᠠ ᠶᠢᠨ ᠠᠵᠢᠯ ᠳᠠᠭᠠᠨ ᠨᠡᠩ ᠴᠢᠷᠮᠠᠶᠢᠵᠤ᠂ ᠬᠥᠬᠡᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠪᠦᠬᠦ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠶᠢᠨ ᠰᠦᠷᠦᠭ ᠲᠠᠬᠢ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号