ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠬᠦᠬᠡᠬᠤᠳᠠ ᠳᠤ ᠳᠤᠭᠯᠠᠪᠠ
ᠨᠡᠶᠢᠲᠡᠯᠡᠭᠰᠡᠨ ᠴᠠᠭ᠄
2018-03-29
     3 ᠰᠠᠷ᠎ᠠ ᠶᠢᠨ 16 ᠠᠴᠠ 17 ᠤ ᠡᠳᠦᠷ ᠪᠤᠯᠳᠠᠯ᠎ᠠ᠂ ᠮᠠᠨ ᠤ ᠤᠷᠤᠨ ᠤ ᠠᠩᠬᠠᠳᠠᠭᠴᠢ ᠰᠡᠬᠡᠬᠡᠳᠡᠳ ᠤᠨ ᠠᠮᠢᠳᠤᠷᠠᠯ ᠤᠨ ᠰᠡᠳᠦᠪᠳᠤ ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠦᠪᠦᠷ ᠮᠤᠩᠭᠤᠯ ᠤᠨ ᠤᠷᠠᠯᠢᠭ ᠵᠦᠴᠦᠬᠡ ᠶᠢᠨ ᠬᠦᠷᠢᠶᠡᠯᠡᠩ ᠳᠤ ᠳᠤᠭᠯᠠᠪᠠ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠪᠡᠷᠳᠡᠬᠡᠨ ᠵᠠᠰᠬᠠᠤ ᠤᠷᠤᠨ ᠤ ᠰᠢ ᠵᠦᠴᠦᠬᠡ ᠶᠢᠨ ᠵᠤᠬᠢᠶᠠᠨ ᠪᠦᠳᠦᠬᠡᠯᠳᠡ ᠶᠢᠨ ᠦᠷ᠎ᠠ ᠪᠦᠳᠦᠬᠡᠯ ᠢ ᠳᠡᠯᠬᠡᠨ ᠦᠵᠡᠬᠦᠯᠬᠦ ᠶᠢᠨ ᠲᠦᠯᠦᠬᠡ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠬᠢᠨ ᠳᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠰᠤᠩᠭᠤᠵᠤ᠂ ᠦᠪᠡᠷᠳᠡᠬᠡᠨ ᠵᠠᠰᠠᠬᠤ ᠤᠷᠤᠨ ᠤ ᠰᠢᠯᠢᠳᠡᠭ ᠵᠦᠴᠦᠬᠡ ᠪᠠᠷ ᠠᠷᠠᠳ ᠲᠤ ᠠᠰᠢᠭ ᠬᠦᠷᠳᠡᠬᠡᠬᠦ ᠳᠤᠭᠯᠠᠯᠳᠠ ᠳᠤ ᠤᠷᠤᠯᠴᠠᠭᠤᠯᠵᠠᠢ᠃     ᠤᠢᠢᠯᠠᠭᠠᠭᠰᠠᠠ ᠢᠶᠠᠷ᠂ ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠪᠤᠭᠤᠳᠤ ᠬᠤᠳᠠ ᠶᠢᠨ ᠰᠤᠶᠤᠯ ᠳᠤᠭᠯᠠᠯᠳᠠ ᠶᠢᠨ ᠤᠷᠠᠯᠢᠭ ᠤᠨ ᠬᠢᠵᠠᠭᠠᠷᠳᠤ ᠺᠤᠮᠫᠠᠨᠢ ᠠᠴᠠ ᠦᠢᠯᠡᠳᠴᠦ᠂ ᠡᠨᠡ ᠨᠢ ᠪᠤᠭᠤᠳᠤ ᠬᠤᠳᠠ ᠶᠢᠨ ᠠᠩᠬᠠᠳᠠᠭᠴᠢ ᠤᠯᠤᠰ ᠤᠨ ᠤᠷᠠᠯᠢᠭ ᠤᠨ ᠰᠠᠭᠤᠷᠢ ᠮᠦᠩᠬᠦ ᠶᠢᠨ ᠳᠡᠮᠵᠢᠯᠡᠭᠡ ᠶᠢᠨ ᠲᠦᠷᠦᠯ ᠵᠦᠢᠯ ᠪᠤᠯᠤᠬᠰᠠᠨ ᠪᠠᠶᠢᠨ᠎ᠠ᠂ ᠳᠤᠰ ᠵᠦᠴᠦᠬᠡ ᠳᠤ ᠳᠡᠬᠡᠷ᠎ᠠ ᠵᠠᠭᠤᠨ ᠤ ᠵᠢᠷᠠ ᠳᠠᠯᠠᠭᠠᠳ ᠤᠨ ᠤ ᠦᠶ᠎ᠠ ᠶᠢᠨ ᠹᠠᠩ ᠯᠠᠨ᠂ ᠵᠦᠩ ᠸᠧᠢ ᠭᠦᠸᠧ᠂ ᠵᠧᠦ ᠶᠢᠩ ᠵᠡᠷᠬᠡ ᠪᠡᠬᠡᠵᠢᠩ ᠤᠨ ᠰᠡᠬᠡᠬᠡᠳᠡᠨ ᠵᠠᠯᠠᠭᠤᠴᠤᠳ ᠡᠵᠢ ᠠᠪᠤ ᠬᠡᠷ ᠨᠤᠳᠤᠭ ᠠᠴᠠ ᠪᠠᠨ ᠰᠠᠯᠵᠤ ᠵᠠᠯᠠᠭᠤ ᠨᠠᠰᠤᠨ ᠤ ᠬᠦᠰᠡᠯ ᠡᠷᠡᠮᠡᠯᠵᠡᠯ ᠢ ᠡᠪᠦᠷᠯᠡᠵᠦ ᠦᠪᠦᠷ ᠮᠤᠩᠭᠤᠯ ᠤᠨ ᠳᠠᠯ᠎ᠠ ᠨᠤᠳᠤᠭ ᠲᠤ ᠢᠷᠡᠭᠰᠡᠨ ᠦᠯᠢᠬᠡᠷ ᠢ ᠳᠤᠭᠠᠴᠢᠵᠠᠢ᠃ ᠳᠡᠳᠡ ᠳᠠᠯ᠎ᠠ ᠨᠤᠳᠤᠭ ᠤᠨ ᠰᠠᠯᠬᠢ ᠪᠤᠷᠤᠭᠠᠨ ᠴᠠᠰᠤ ᠰᠢᠭᠤᠷᠭᠠᠨ ᠳᠤ ᠳᠠᠪᠳᠠᠭᠳᠠᠵᠤ᠂ ᠮᠠᠯᠴᠢᠳ ᠤᠨ ᠠᠭᠤᠤ ᠬᠠᠶᠢᠷ᠎ᠠ ᠬᠠᠯᠠᠮᠵᠢ ᠶᠢᠨ ᠳᠤᠤᠷ᠎ᠠ ᠦᠰᠦᠨ ᠪᠤᠶᠢᠵᠢᠵᠤ᠂ ᠦᠷᠬᠡᠨ ᠠᠭᠤᠳᠠᠮ ᠳᠠᠯ᠎ᠠ ᠨᠤᠳᠤᠭ ᠨᠢ ᠳᠡᠳᠡᠨ ᠤ ᠬᠤᠶᠠᠳᠡᠬᠢ ᠡᠬᠡ ᠨᠤᠳᠤᠭ ᠨᠢ ᠪᠤᠯᠪᠠ᠃ 2016 ᠤᠨ ᠤ ᠵᠢᠯ ᠤᠨ ᠰᠡᠬᠦᠯᠴᠢ ᠪᠠᠷ ︽ᠳᠠᠯ᠎ᠠ ᠶᠢᠨ ᠮᠦᠷᠦᠬᠡᠳᠦᠯ︾ ᠢ ᠪᠤᠭᠤᠳᠤ ᠶᠢᠨ ᠲᠤᠮᠤ ᠵᠦᠴᠦᠬᠡ ᠶᠢᠨ ᠬᠦᠷᠢᠶᠡᠯᠡᠩ ᠳᠤ ᠵᠠᠯᠭᠠᠪᠡᠷ 4 ᠳᠠᠯᠠᠪᠠᠢ ᠳᠤᠭᠯᠠᠵᠤ ᠨᠡᠶᠢᠬᠡᠮ ᠤᠨ ᠡᠯ᠎ᠡ ᠡᠳᠡᠬᠡᠳ ᠤᠨ ᠬᠠᠯᠠᠭᠤᠨ ᠬᠦᠷᠢᠶᠡᠯᠡᠯ ᠦᠨᠳᠦᠷ ᠦᠨᠡᠯᠡᠯᠳᠡ ᠶᠢ ᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号