ᠡᠨᠡ ᠵᠢᠯ ᠬᠦᠳᠡᠭᠡ ᠲᠤᠰᠬᠤᠨ ᠪᠠ ᠶᠠᠳᠠᠭᠤ ᠬᠦᠴᠢᠷᠲᠡᠯ ᠲᠠᠢ ᠭᠠᠵᠠᠷ ᠤᠷᠤᠨ ᠠᠴᠠ ᠰᠤᠷᠤᠭᠴᠢ ᠡᠯᠰᠡᠬᠦ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ ᠠᠳᠠᠯᠢᠬᠠᠨ ᠨᠦᠬᠦᠴᠡᠯ  ᠲᠤᠤᠷ᠎ᠠ  ᠺᠠᠷᠲᠯᠠᠨ  ᠲᠠᠩᠰᠠᠯᠠᠭᠰᠠᠨ ᠶᠠᠳᠠᠭᠤ  ᠬᠦᠴᠢᠷᠳᠡᠯ ᠲᠠᠢ ᠭᠡᠷ ᠪᠦᠯᠢ ᠶᠢᠨ ᠰᠢᠯᠭᠠᠭᠤᠯᠤᠭᠴᠢ ᠶᠢ ᠤᠷᠢᠳ ᠢᠶᠠᠷ ᠡᠯᠰᠡᠨ᠎ᠡ
ᠨᠡᠶᠢᠲᠡᠯᠡᠭᠰᠡᠨ ᠴᠠᠭ᠄
2018-03-29
      ᠠᠷᠠᠳ ᠤᠨ ᠡᠳᠤᠷ ᠤᠨ ᠰᠤᠨᠢᠨ ᠤ 3 ᠰᠠᠷ᠎ᠠ ᠶᠢᠨ 23 ᠤ ᠡᠳᠤᠷ ᠤᠨ ᠮᠡᠳᠡᠭᠡ ︵ᠰᠤᠷᠪᠤᠯᠵᠢᠯᠠᠬᠴᠢ ᠵᠠᠩ ᠱᠦᠸᠧ︶ᠰᠤᠷᠪᠤᠯᠵᠢᠯᠠᠬᠴᠢ 23 ᠤ ᠡᠳᠤᠷ ᠰᠤᠷᠭᠠᠨ ᠬᠦᠮᠦᠵᠢᠯ ᠤᠨ ᠶᠠᠮᠤᠨ   ᠠᠴᠠ  ᠤᠶᠢᠯᠠᠭᠠᠭᠰᠠᠨ   ᠨᠢ᠄  ᠤᠢᠢᠷ᠎ᠠ   ᠳᠤ  ᠰᠤᠷᠭᠠᠨ‌‍ᠬᠦ᠋ᠮᠦᠵᠢᠯ ᠤᠨ ᠶᠠᠮᠤᠨ ︽2018 ᠤᠨ ᠤ ᠭᠤᠤᠯᠳᠠᠯᠭ᠎ᠠ ᠲᠠᠢ ᠲᠡᠭᠡᠳᠤ ᠰᠤᠷᠭᠠᠭᠤᠯᠢ ᠶᠢᠨ ᠬᠦᠳᠡᠭᠡ ᠲᠤᠰᠬᠤᠨ ᠪᠠ  ᠶᠠᠳᠠᠭᠤ‌‍ᠬᠦ᠋ᠴᠢᠷᠲᠡᠯ ᠲᠠᠢ ᠭᠠᠵᠠᠷ ᠤᠷᠤᠨ ᠠᠴᠠ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ  ᠲᠤᠬᠠᠢ  ᠮᠡᠳᠡᠭᠳᠡᠯ︾ ᠢ  ᠲᠠᠷᠬᠠᠭᠠᠵᠤ᠂2018 ᠤᠨ ᠳᠤ ᠭᠤᠤᠯᠳᠠᠯᠭ᠎ᠠ ᠲᠠᠢ ᠲᠡᠭᠡᠳᠤ ᠰᠤᠷᠭᠠᠭᠤᠯᠢ ᠳᠤ ᠬᠦᠳᠡᠭᠡ ᠲᠤᠰᠬᠤᠨ ᠪᠠ ᠶᠠᠳᠠᠭᠤ ᠬᠦᠴᠢᠷᠲᠡᠯ ᠲᠠᠢ ᠭᠠᠵᠠᠷ‌ᠤᠷᠤᠨ ᠠᠴᠠ ᠰᠤᠷᠤᠭᠴᠢ ᠡᠯᠰᠡᠬᠦ ᠤᠯᠤᠰ ᠤᠨ ᠲᠤᠰᠬᠠᠢ ᠲᠦᠯᠦᠪᠯᠡᠭᠡ᠂ ᠤᠷᠤᠨ  ᠨᠤᠳᠤᠭ ᠤᠨ  ᠲᠤᠰᠬᠠᠢ  ᠲᠦᠯᠦᠪᠯᠡᠭᠡ  ᠪᠠ‌‍ᠲ᠋ᠡᠭᠡᠳᠤ ᠰᠤᠷᠭᠠᠭᠤᠯᠢ ᠶᠢᠨ ᠲᠤᠰᠬᠠᠢ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠦᠨ᠎ᠡ ᠭᠡᠵᠤ ᠲᠤᠳᠤᠷᠬᠠᠢ ᠲᠤᠭᠲᠠᠭᠠᠪᠠ᠃             ︽ᠮᠡᠳᠡᠭᠳᠡᠯ︾ ᠳᠤ ᠱᠠᠭᠠᠷᠳᠠᠭᠰᠠᠨ ᠨᠢ᠂ ᠨᠡᠷ᠎ᠡ ᠮᠡᠳᠡᠬᠦᠯᠬᠦ ᠨᠦᠬᠦᠴᠡᠯ ᠪᠠ ᠬᠢᠷᠢ ᠬᠡᠮ ᠬᠢᠨᠠᠨ ᠬᠠᠷᠭᠤᠭᠤᠯᠬᠤ ᠠᠵᠢᠯ ᠢ‌‍ᠴᠢᠩᠳᠠᠯᠠᠬᠤ ᠬᠡᠷᠡᠭᠲᠠᠢ᠃ ᠤᠯᠤᠰ ᠤᠨ ᠲᠤᠰᠬᠠᠢ ᠲᠦᠯᠦᠪᠯᠡᠭᠡ ᠨᠢ ᠶᠠᠳᠠᠭᠤ ᠬᠦᠴᠢᠲᠡᠯ ᠲᠠᠢ ᠭᠠᠵᠠᠷ ᠤᠷᠤᠨ ᠤ ᠰᠤᠷᠤᠭᠴᠢ  ᠵᠢ‌ᠬᠠᠨᠳᠤᠯᠭ᠎ᠠ ᠲᠠᠢ ᠪᠠᠷ ᠡᠯᠰᠡᠵᠤ᠂ ᠲᠦᠪᠯᠡᠷᠡᠨ ᠵᠠᠯᠭᠠᠯᠳᠤᠭᠰᠠᠨ ᠤᠨᠴᠠ ᠬᠦᠴᠢᠷᠲᠡᠢ ᠰᠢᠶᠠᠨ᠂ ᠤᠯᠤᠰ ᠤᠨ ᠲᠡᠰ ᠤᠨ ᠶᠠᠳᠠᠭᠤ ᠵᠢ‌‍ᠲ᠋ᠡᠳᠬᠦᠵᠤ ᠨᠡᠭᠡᠭᠡᠨ ᠬᠦᠭᠵᠢᠬᠦᠯᠬᠦ ᠭᠤᠤᠯᠳᠠᠯᠭ᠎ᠠ ᠲᠠᠢ ᠰᠢᠶᠠᠨ ᠵᠢᠴᠢ ᠰᠢᠨᠵᠢᠶᠠᠩ ᠤᠨ ᠡᠮᠦᠨᠡᠳᠤ ᠤᠷᠤᠨ ᠤ  ᠲᠦᠷᠪᠡᠨ  ᠭᠠᠵᠠᠷ‌ᠤᠷᠤᠨ ᠵᠸᠤ ᠵᠡᠷᠭᠡ ᠭᠠᠵᠠᠷ ᠤᠷᠤᠨ ᠳᠤ ᠬᠡᠷᠡᠭᠵᠢᠬᠦᠯᠦᠨ᠎ᠡ᠂ ᠤᠯᠤᠰ ᠤᠨ ᠲᠤᠰᠬᠠᠢ ᠲᠦᠯᠦᠪᠯᠡᠭᠡ   ᠶᠢ  ᠬᠡᠷᠡᠭᠵᠢᠬᠦᠯᠬᠦ  ᠭᠠᠵᠠᠷ‌ᠤᠷᠤᠨ ᠤ ᠶᠠᠳᠠᠭᠤ ᠬᠦᠴᠢᠷᠲᠡᠢ ᠰᠢᠶᠠᠨ ᠨᠢ ᠶᠠᠳᠠᠭᠤ ᠠᠴᠠ ᠠᠩᠬᠢᠵᠢᠷᠠᠭᠰᠠᠨ ᠤ ᠰᠡᠬᠦᠯᠡᠷ 2018 ᠤᠨ   ᠳᠤ  ᠦᠷᠬᠦᠯᠵᠢᠯᠡᠨ‌ᠤᠯᠤᠰ ᠤᠨ ᠲᠤᠰᠬᠠᠢ ᠲᠦᠯᠦᠪᠯᠡᠭᠡ ᠶᠢᠨ ᠲᠦᠷᠦ ᠶᠢᠨ ᠪᠤᠳᠤᠯᠭ᠎ᠠ ᠶᠢ ᠡᠳ᠋ᠯᠡᠵᠤ ᠪᠤᠯᠤᠨ᠎ᠠ᠃ ᠡᠯ᠎ᠡ ᠭᠠᠵᠠᠷ ᠤᠨ   ᠬᠢᠨ  ᠲᠤᠰᠬᠠᠢ‌‍ᠲ᠋ᠦ᠋ᠯᠦᠪᠯᠡᠭᠡ  ᠶᠢᠨ ᠰᠢᠯᠭᠠᠯᠲᠠ ᠳᠤ ᠨᠡᠷ᠎ᠡ ᠮᠡᠳᠡᠬᠦᠯᠬᠦ ᠨᠦᠬᠦᠴᠡᠯ ᠢ ᠴᠢᠩᠭ᠎ᠠ ᠬᠡᠷᠡᠭᠵᠢᠬᠦᠯᠦᠨ᠂ ᠬᠢᠷᠢ ᠬᠡᠮ ᠬᠢᠨᠠᠨ ᠬᠠᠷᠭᠤᠭᠤᠯᠬᠤ‌ᠠᠷᠭ᠎ᠠ ᠶᠢ ᠲᠡᠬᠦᠯᠳᠡᠷᠵᠢᠬᠦᠯᠵᠤ᠂ ᠰᠢᠯᠭᠠᠭᠤᠯᠤᠭᠴᠢ ᠶᠢᠨ ᠡᠷᠦᠭᠡ ᠠᠮᠠ ᠶᠢᠨ ᠬᠠᠷᠢᠶ᠎ᠠ᠂ ᠰᠤᠷᠤᠯᠭ᠎ᠠ ᠶᠢᠨ ᠬᠠᠷᠢᠶ᠎ᠠ ᠶᠢᠨ  ᠦᠨᠡᠨ‌‍ᠪᠤᠲᠠᠲᠠᠢ ᠪᠦᠭᠡᠳ ᠵᠦᠪ ᠤᠨᠤᠪᠴᠢᠲᠠᠢ ᠪᠠᠶᠢᠬᠤ ᠶᠢ ᠪᠠᠲᠤᠯᠠᠬᠤ ᠬᠡᠷᠡᠭᠲᠠᠢ᠃              ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠤᠯᠤᠰ ᠤᠨ ᠲᠤᠰᠬᠠᠢ ᠲᠦᠯᠦᠪᠯᠡᠭᠡ ᠶᠢᠨ ᠰᠤᠷᠤᠭᠴᠢ ᠡᠯᠰᠡᠬᠦ ᠠᠷᠭ᠎ᠠ ᠵᠢ‌‍ᠴᠢᠩᠳᠠᠯᠠᠬᠤ ᠬᠡᠷᠡᠭᠲᠠᠢ᠃ ᠲᠡᠭᠡᠳᠤ ᠰᠤᠷᠭᠠᠭᠤᠯᠢ ᠶᠢᠨ ᠠᠳᠠᠯᠢ  ᠪᠦᠯᠦᠭ  ᠤᠳᠠᠭ᠎ᠠ   ᠲᠠᠬᠢ  ᠰᠤᠷᠤᠭᠴᠢ   ᠶᠢᠨ  ᠢᠷᠡᠯᠲᠡ  ᠨᠢ‌‍ᠬᠦ᠋ᠷᠦᠯᠴᠡᠬᠦ ᠦᠭᠡᠢ ᠦᠶᠡᠰ᠂ ᠪᠡᠶᠡᠯᠡᠬᠦᠯᠵᠤ ᠲᠡᠶᠢᠯᠦᠭᠡ ᠦᠭᠡᠢ ᠲᠤᠰᠬᠠᠢ ᠲᠦᠯᠦᠪᠯᠡᠭᠡ ᠪᠠᠨ ᠡᠩ ᠤᠨ  ᠲᠦᠯᠦᠪᠯᠡᠭᠡ  ᠪᠤᠯᠭᠠᠨ‌‍ᠲ᠋ᠤᠬᠢᠷᠠᠭᠤᠯᠬᠤ ᠬᠡᠷᠡᠭᠲᠡᠢ ᠪᠤᠯᠤᠨ᠎ᠠ᠃ ᠡᠬᠦᠨ ᠤ ᠬᠠᠮᠳᠤ᠂  ᠶᠠᠳᠠᠭᠤ  ᠬᠦᠴᠢᠷᠳᠡᠯ   ᠲᠠᠢ  ᠭᠡᠷ  ᠪᠦᠯᠢ   ᠶᠢᠨ  ᠰᠤᠷᠤᠭᠴᠢ  ᠳ᠋ᠤ᠋‌ᠦᠵᠡᠬᠦᠯᠬᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢᠶᠠᠨ ᠳᠡᠭᠡᠭᠰᠢᠯᠡᠭᠦᠯᠵᠦ᠂ ᠬᠤᠯᠪᠤᠭᠳᠠᠯ ᠪᠦᠬᠦᠢ  ᠲᠡᠭᠡᠳᠤ  ᠰᠤᠷᠭᠠᠭᠤᠯᠢ‌ᠵᠢᠨ ᠲᠡᠩᠰᠠ ᠲᠡᠪᠰᠢᠬᠦᠯᠬᠦ ᠱᠠᠭᠠᠷᠳᠠᠯᠭ᠎ᠠ ᠳᠤ ᠬᠦᠷᠦᠭᠰᠡᠨ ᠺᠠᠷᠲᠯᠠᠨ ᠲᠠᠩᠰᠠᠯᠠᠭᠰᠠᠨ ᠶᠠᠳᠠᠭᠤ ᠬᠦᠴᠢᠷᠲᠡᠯ ᠲᠠᠢ ᠭᠡᠷ ᠪᠦᠯᠢ  ᠵᠢᠨ‌‍ᠰᠢᠯᠭᠠᠭᠤᠯᠤᠭᠴᠢ ᠶᠢ ᠪᠤᠯ ᠠᠳᠠᠯᠢ ᠨᠦᠬᠦᠴᠡᠯ ᠤᠨ ᠲᠤᠤᠷ᠎ᠠ ᠤᠷᠢᠳ ᠢᠶᠠᠷ ᠡᠯᠰᠡᠬᠦ ᠬᠡᠷᠡᠭᠲᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号