ᠶᠡᠭᠡ ᠬᠤᠷᠠᠯ ᠤᠨ ᠨᠢᠭᠡᠲᠦᠯᠳᠡᠢ ᠲᠤᠬᠢᠷᠠᠭᠤᠯᠣᠯᠳᠠ ᠪᠠᠷ᠂ 3 ᠰᠠᠷ᠎ᠠ ᠶᠢᠨ 3 ᠤ ᠡᠳᠦᠷ ᠤᠨ ᠦᠳᠡ ᠶᠢᠨ | ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ ᠤᠷᠤᠯᠴᠠᠬᠤ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ | ᠰᠠᠭᠤᠭ᠎ᠠ ᠭᠠᠵᠠᠷ ᠲᠠᠭᠠᠨ ᠪᠦᠯᠭᠦᠮ ᠤᠨ ᠪᠦᠭᠦᠳᠡ ᠬᠤᠷᠠᠯ ᠬᠢᠪᠠ᠃ | ᠪᠦᠭᠦ ᠤᠯᠤᠰ ᠤᠨ ᠠᠷᠠᠳ ᠤᠨ ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ | ᠾᠸᠡᠭ ᠬᠤᠷᠠᠯ ᠢ ᠡᠷᠬᠢᠯᠡᠵᠠᠢ᠃ ᠬᠤᠷᠠᠯ ᠠᠴᠠ ᠯᠢ ᠵᠢᠢ ᠾᠸᠡᠭ ᠢ ᠦᠪᠤᠷ ᠮᠤᠩᠭᠤᠯ ᠤᠨ ᠲᠦᠯᠦᠭᠡᠯᠡᠭᠴᠢᠳ ᠤᠨ | ᠪᠦᠯᠭᠦᠮ ᠤᠨ ᠲᠠᠷᠤᠭ᠎ᠠ ᠪᠠᠷ᠂ ᠪᠦ᠋ ᠰᠢᠶᠤᠤ ᠯᠢᠨ᠂ ᠵᠠᠩ ᠵᠢᠶᠠᠨ ᠮᠢᠨ᠂ ᠯᠢᠤ ᠴᠢ ᠹᠠᠨ᠂ ᠨᠠᠰᠤᠨᠮᠦ᠋ᠡᠭᠭᠡ᠂ ᠸᠠᠩ | ᠪᠦᠸᠧ᠂ ᠯᠢ ᠷᠦᠡᠭ ᠰᠢ ᠶᠢ ᠪᠦᠯᠭᠦᠮ ᠤᠨ ᠲᠡᠳ᠋ ᠲᠠᠷᠤᠭ᠎ᠠ ᠪᠠᠷ ᠲᠠᠪᠰᠢᠭᠦᠯᠦᠨ ᠰᠤᠩᠭᠤᠪᠠ᠃ | ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠠ ᠨᠠᠷᠢᠨ | ᠪᠢᠴᠢᠭ ᠤᠨ ᠲᠠᠷᠤᠭ᠎ᠠ ᠶᠢᠨ ᠨᠡᠷᠡᠰ ᠤᠨ ᠲᠦᠰᠦᠯ᠂ ᠶᠡᠭᠡ ᠬᠤᠷᠠᠯ ᠤᠨ ᠵᠦᠪᠯᠡᠭᠦ ᠵᠦᠢᠯ ᠤᠨ ᠲᠦᠰᠦᠯ ᠢ ᠬᠢᠨᠠᠨ | ᠵᠦᠪᠯᠡᠨ ᠪᠠᠳᠤᠯᠠᠵᠦ᠂ ᠲᠦᠯᠦᠭᠡᠯᠡᠭᠴᠢᠳ ᠤᠨ ᠪᠦᠯᠭᠦᠮ ᠤᠨ ᠴᠤᠬᠯᠠᠭᠤᠯᠤᠬᠴᠢ ᠶᠢᠨ ᠬᠤᠷᠠᠯ ᠤᠨ ᠵᠤᠷᠢᠭ ᠰᠠᠨᠠᠭ᠎ᠠ ᠶᠢ | ᠤᠯᠠᠮᠵᠢᠯᠠᠪᠠ᠃ | ᠯᠢ ᠵᠢᠢ ᠾᠸᠡᠭ ᠶᠠᠷᠢᠶᠠᠨ ᠳᠠᠭᠠᠨ᠂ ᠲᠦᠯᠦᠭᠡᠯᠡᠭᠴᠢᠳ ᠤᠯᠤᠰ ᠲᠦᠷᠦ ᠶᠢᠨ ᠤᠬᠠᠮᠰᠠᠷ ᠢᠶᠠᠨ | ᠲᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ᠂ ᠶᠡᠭᠡ ᠲᠠᠯ᠎ᠠ ᠠᠴᠠ ᠠᠰᠠᠭᠤᠳᠠᠯ ᠢ ᠪᠤᠳᠤᠯᠬᠢᠯᠠᠬᠤ ᠶᠢ | ᠪᠠᠷᠢᠮᠳᠠᠯᠠᠵᠣ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠵᠡᠷᠭᠡ ᠪᠢᠴᠢᠭ ᠮᠠᠲ᠋ᠧᠷᠢᠶᠠᠯ ᠢ ᠬᠢᠨᠠᠮᠠᠭᠠᠢ ᠬᠢᠨᠠᠨ | ᠵᠦᠪᠯᠡᠵᠦ᠂ ᠦᠨᠳᠦᠰᠦᠨ ᠬᠠᠤᠯᠢ ᠳᠤ ᠵᠠᠰᠠᠪᠤᠷᠢ ᠤᠷᠤᠭᠤᠯᠬᠤ ᠨᠤᠤᠷᠠᠬ ︵ᠲᠦᠰᠦᠯ︶᠂ ᠬᠢᠨᠠᠨ ᠪᠠᠶᠢᠴᠠᠭᠠᠬᠤ | ᠬᠠᠤᠯᠢ ︵ᠲᠦᠰᠦᠯ︶ ᠶᠢ ᠬᠢᠨᠠᠮᠠᠭᠠᠢ ᠬᠢᠨᠠᠨ ᠵᠦᠪᠯᠡᠵᠦ᠂ ᠰᠤᠩᠭᠤᠭᠤᠯᠢ ᠶᠢᠨ ᠠᠵᠢᠯ ᠢ ᠰᠠᠶᠢᠳᠤᠷ ᠬᠢᠵᠦ᠂ ᠶᠡᠭᠡ | ᠬᠤᠷᠠᠯ ᠤᠨ ᠡᠯ᠎ᠠ ᠵᠦᠢᠯ ᠤᠨ ᠤᠯᠤᠰ ᠲᠦᠷᠦ ᠶᠢᠨ ᠡᠭᠦᠷᠭᠡ ᠶᠢ ᠡᠷᠡᠰ ᠢᠶᠠᠷ ᠰᠠᠶᠢᠳᠤᠷ ᠨᠠᠶᠢᠳᠠᠪᠤᠷᠢᠵᠢᠭᠤᠯᠵᠦ᠂ | ᠰᠠᠶᠢᠳᠤᠷ ᠪᠡᠶᠡᠯᠡᠭᠦᠯᠵᠦ᠂ ᠪᠤᠳᠠᠳᠤ ᠠᠵᠢᠯᠯᠠᠭ᠎ᠠ ᠪᠠᠷ ᠢᠶᠠᠨ ᠶᠡᠷᠦᠩᠭᠡᠢ ᠱᠦᠵᠢ ᠰᠢ ᠶᠢᠨ ᠫᠢᠡᠭ ᠤᠨ ᠭᠤᠤᠯᠯᠠᠬᠴᠢ ᠶᠢᠨ | ᠪᠠᠶᠢᠷᠢ ᠰᠠᠭᠤᠷᠢ ᠶᠢ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠭᠦᠢ ᠨᠢᠭᠡᠲᠦᠯᠳᠡᠢ | ᠤᠳᠤᠷᠢᠳᠤᠯᠭ᠎ᠠ ᠶᠢ ᠬᠠᠮᠠᠭᠠᠯᠠᠬᠤ ᠬᠡᠷᠡᠭᠳᠡᠢ᠃ ᠶᠡᠭᠡ ᠬᠤᠷᠠᠯ ᠤᠨ ᠵᠦᠪᠯᠡᠭᠦ ᠵᠦᠢᠯ ᠲᠡᠭᠡᠷ᠎ᠠ ᠠᠩᠬᠠᠷᠤᠯ ᠢᠶᠠᠨ | ᠲᠦᠪᠯᠡᠷᠡᠭᠦᠯᠵᠦ᠂ ᠠᠵᠢᠯ ᠤᠨ ᠪᠤᠳᠠᠳᠣ ᠪᠠᠶᠢᠳᠠᠯ ᠲᠠᠢ ᠪᠠᠨ ᠤᠶᠠᠯᠳᠤᠭᠤᠯᠵᠦ᠂ ᠶᠡᠭᠡ ᠲᠠᠯ᠎ᠠ ᠶᠢ ᠠᠵᠢᠭᠯᠠᠵᠦ᠂ ᠲᠤᠮᠤ | ᠶᠠᠪᠤᠳᠠᠯ ᠢ ᠵᠦᠪᠯᠡᠵᠦ᠂ ᠪᠤᠳᠠᠳᠠᠢ ᠪᠠᠶᠢᠳᠠᠯ ᠢ ᠶᠠᠷᠢᠵᠦ᠂ ᠠᠷᠭ᠎ᠠ ᠤᠬᠠᠭᠠᠨ ᠢᠶᠠᠨ ᠡᠷᠭᠦᠵᠦ᠂ ᠬᠢᠨᠠᠨ ᠵᠦᠪᠯᠡᠬᠦ | ᠨᠤᠤᠷᠠᠬ ᠢᠶᠠᠨ ᠨᠠᠷᠢᠯᠢᠭ ᠪᠡᠯᠡᠳᠭᠡᠵᠦ᠂ ᠦᠨᠡᠨ ᠪᠤᠳᠤᠯ ᠵᠢᠩᠭᠢᠨᠢ ᠠᠷᠭ᠎ᠠ ᠪᠠᠨ ᠢᠳᠡᠪᠭᠢᠳᠠᠢ ᠢᠯᠡᠳᠭᠡᠵᠦ᠂ ᠢᠯᠡᠭᠦᠬᠡᠨ | ᠪᠤᠳᠠᠳᠣ ᠤᠴᠢᠷ ᠢᠶᠠᠷ ᠦᠭᠡ ᠬᠡᠯᠡᠵᠦ᠂ ᠪᠤᠳᠠᠳᠠᠢ ᠶᠢ ᠡᠷᠬᠢᠮᠯᠡᠭᠰᠡᠨ ᠬᠡᠷᠡᠭ ᠲᠠᠢ ᠦᠭᠡ ᠶᠢ ᠢᠯᠡᠭᠦᠬᠡᠨ ᠬᠡᠯᠡᠵᠦ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠤᠯᠤᠰ ᠪᠠ ᠦᠪᠡᠷᠳᠡᠭᠡᠨ ᠵᠠᠰᠠᠬᠤ ᠤᠷᠤᠨ ᠤ | ᠬᠦᠭᠵᠢᠯᠳᠠ ᠶᠢᠨ ᠠᠮᠵᠢᠯᠳᠠ ᠪᠦᠲᠦᠮᠵᠢ ᠶᠢ ᠭᠦᠢᠴᠡᠳ ᠲᠤᠰᠬᠠᠵᠦ᠂ ᠠᠷᠠᠳ ᠲᠦᠮᠡᠨ ᠤ ᠬᠦᠰᠡᠯ ᠰᠠᠨᠠᠯ ᠪᠠ | ᠰᠡᠳᠭᠢᠯ ᠤᠨ ᠲᠠᠭᠤᠨ ᠢ ᠭᠦᠢᠴᠡᠳ ᠲᠤᠰᠬᠠᠬᠤ ᠬᠡᠷᠡᠭᠳᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ | ᠲᠤᠷᠠᠳᠤᠬᠰᠠᠨ ᠴᠢᠭᠯᠡᠯᠳᠡ ᠲᠦᠷᠦ ᠶᠢᠨ ᠪᠤᠳᠤᠯᠭ᠎ᠠ ᠪᠠ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ | ᠨᠡᠶᠢᠭᠡᠮ ᠤᠨ ᠬᠦᠭᠵᠢᠯᠳᠠ ᠶᠢᠨ ᠪᠤᠳᠠᠳᠣ ᠪᠠᠶᠢᠳᠠᠯ ᠪᠠ ᠠᠷᠠᠳ ᠣᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ | ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠲᠠᠢ ᠨᠢᠬᠳᠠ ᠤᠶᠠᠯᠳᠤᠭᠤᠯᠵᠦ᠂ ᠴᠢᠨᠠᠷ ᠰᠠᠶᠢᠳᠠᠢ ᠰᠠᠨᠠᠯ ᠵᠦᠪᠯᠡᠯᠭᠡ | ᠰᠠᠨᠠᠭᠤᠯᠭ᠎ᠠ ᠶᠢ ᠬᠢᠨᠠᠮᠠᠭᠠᠢ ᠲᠤᠷᠠᠳᠬᠤ ᠬᠡᠷᠡᠭᠳᠡᠢ᠃ ᠶᠡᠭᠡ ᠬᠤᠷᠠᠯ ᠤᠨ ᠡᠯ᠎ᠠ ᠵᠦᠢᠯ ᠤᠨ ᠰᠠᠭᠢᠯᠭ᠎ᠠ ᠪᠠᠳᠤ ᠶᠢᠨ | ᠲᠤᠬᠳᠠᠭᠠᠯ ᠪᠠ ᠰᠤᠷᠳᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠦ᠂ ᠶᠡᠭᠡ ᠬᠤᠷᠠᠯ ᠪᠠ ᠲᠦᠯᠦᠭᠡᠯᠡᠭᠴᠢᠳ ᠤᠨ | ᠪᠦᠯᠭᠦᠮ ᠤᠨ ᠡᠯ᠎ᠠ ᠵᠦᠢᠯ ᠤᠨ ᠠᠵᠢᠯᠯᠠᠭ᠎ᠠ ᠳᠤ ᠢᠳᠡᠪᠭᠢᠳᠠᠢ ᠤᠷᠤᠯᠴᠠᠵᠦ᠂ ᠰᠡᠳᠭᠢᠯ ᠠᠯᠭᠠᠰᠠᠯ ᠦᠭᠡᠢ ᠪᠠᠷ ᠶᠡᠭᠡ | ᠬᠤᠷᠠᠯ ᠢ ᠰᠠᠶᠢᠳᠣᠷ ᠬᠤᠷᠠᠯᠳᠣᠭᠤᠯᠵᠣ᠂ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠰᠠᠶᠢᠨ | ᠰᠠᠶᠢᠬᠠᠨ ᠲᠦᠷᠢ ᠲᠦᠷᠭᠦ ᠶᠢ ᠭᠦᠢᠴᠡᠳ ᠭᠠᠶᠢᠬᠠᠭᠤᠯᠵᠣ᠂ ᠶᠡᠭᠡ ᠬᠤᠷᠠᠯ ᠤᠨ ᠤᠷᠤᠬᠰᠢᠳᠠᠢ ᠶᠠᠪᠤᠬᠳᠠᠬᠤ ᠪᠠ | ᠲᠡᠭᠦᠰ ᠠᠮᠵᠢᠯᠳᠠ ᠣᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠳᠡᠢ ᠭᠡᠵᠦ | ᠱᠠᠭᠠᠷᠳᠠᠪᠠ᠃ | ᠬᠤᠷᠠᠯ ᠠᠴᠠ᠂ ᠦᠪᠤᠷ ᠮᠤᠩᠭᠤᠯ ᠤᠨ ᠬᠤᠷᠢᠨᠭᠡᠷ ᠰᠢᠨ᠎ᠠ ᠲᠤᠭᠤᠷᠢᠭ ᠢ ᠪᠦᠲᠦᠭᠡᠨ ᠪᠠᠶᠢᠭᠤᠯᠬᠤ ᠲᠤᠬᠠᠢ | ᠰᠠᠨᠠᠭᠤᠯᠭ᠎ᠠ᠂ ᠦᠪᠤᠷ ᠮᠤᠩᠭᠤᠯ ᠤᠨ ᠲᠠᠷᠢᠶᠠᠯᠠᠬᠤ ᠪᠠᠨ ᠵᠤᠬᠰᠤᠨ ᠡᠪᠡᠰᠦ ᠮᠣᠳᠣ ᠳᠠᠷᠢᠬᠤ ᠢᠨᠵᠧᠨᠧᠷᠢᠩ ᠢ ᠲᠡᠮᠵᠢᠭᠦ | ᠡᠷᠴᠢᠮ ᠢ ᠴᠢᠩᠭᠠᠷᠠᠭᠤᠯᠬᠤ ᠲᠤᠬᠠᠢ ᠰᠠᠨᠠᠭᠤᠯᠭ᠎ᠠ᠂ ᠰᠢᠭᠤᠢᠢᠳᠤ ᠤᠷᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠭᠤᠯᠭ᠎ᠠ ᠶᠢ ᠦᠪᠤᠷ ᠮᠤᠩᠭᠤᠯ ᠤᠨ ᠲᠦᠯᠦᠭᠡᠯᠡᠭᠴᠢᠳ ᠤᠨ | ᠪᠦᠯᠭᠦᠮ ᠤᠨ ᠪᠦᠯᠭᠦᠮ ᠤᠨ ᠰᠠᠨᠠᠭᠤᠯᠭ᠎ᠠ ᠪᠤᠯᠭᠠᠨ ᠲᠤᠷᠠᠳᠬᠤ ᠪᠠᠷ ᠲᠤᠬᠳᠠᠪᠠ᠃ | | | | |