ᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ
ᠨᠡᠶᠢᠲᠡᠯᠡᠭᠰᠡᠨ ᠴᠠᠭ᠄
2018/3/5
ᠠᠵᠢᠯ  ᠤᠨ ᠬᠤᠪᠢᠶᠠᠷᠢᠯᠠᠯ᠄ᠬᠤᠳᠠ ᠶᠢᠨ ᠲᠠᠷᠤᠭ᠎ᠠ ᠶᠢ ᠬᠠᠪᠰᠤᠷᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ᠂ ᠠᠷᠠᠳ ᠤᠨ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠬᠥᠯᠥᠰᠦ ᠬᠠᠷᠠᠮᠵᠢ ᠶᠢ ᠴᠡᠪᠡᠷᠯᠡᠨ ᠪᠣᠳᠣᠬᠤ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠬᠠᠷᠢᠭᠤᠴᠠᠨ᠎ᠠ᠃ᠬᠤᠪᠢᠶᠠᠨ ᠬᠠᠮᠢᠶᠠᠷᠬᠤ᠄ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ  ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠷᠣᠨ ᠨᠤᠲᠤᠭ ᠤᠨ ᠣᠶᠢᠯᠠᠯᠭ᠎ᠠ ᠶᠢ ᠨᠠᠶᠢᠷᠠᠭᠤᠯᠤᠨ ᠵᠠᠰᠠᠬᠤ ᠠᠯᠪᠠᠨ ᠭᠡᠷ᠃ᠬᠠᠷᠢᠯᠴᠠᠭ᠎ᠠ᠄ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠬᠤᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ᠂ ᠠᠯᠪᠠᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭᠠᠳᠤ ᠬᠤᠷᠠᠯ᠃ ᠬᠤᠲᠠ ᠶᠢᠨ ᠳᠠᠷᠤᠭ᠎ᠠ ᠠᠴᠠ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ᠤᠳᠤᠷᠢᠳᠤᠯᠭ᠎ᠠ ᠶᠢᠨ ᠲᠤᠪᠴᠢ ᠨᠠᠮᠳᠠᠷ᠄ᠰᠢᠤᠢ ᠷᠦᠢ ᠰᠢᠶᠠ᠂ ᠡᠮᠡᠭᠲᠡᠶ᠂ ᠬᠢᠲᠠᠳ ᠦᠨᠳᠦᠰᠦᠳᠡᠨ᠂1968 ᠣᠨ ᠤ 1 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠦᠶᠤᠸᠠᠨ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠶᠢᠨ ᠤᠬᠠᠭᠠᠨ ᠤ ᠡᠷᠳᠡᠮᠲᠡᠨ᠂1990 ᠣᠨ ᠤ 9 ᠰᠠᠷ᠎ᠠ ᠳᠤ ᠠᠵᠢᠯ ᠳᠤ ᠣᠷᠣᠵᠠᠶ᠂ ᠨᠠᠮ ᠤᠨ ᠪᠤᠰᠤ ᠬᠦᠮᠦᠨ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠳᠡᠳ᠋ ᠳᠠᠷᠤᠭ᠎ᠠ᠃ᠠᠵᠢᠯᠯᠠᠭᠰᠠᠨ ᠦᠩᠬᠡᠷᠡᠬᠡᠯᠳᠡ᠄1990.09—2000.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠠᠶᠢᠮᠠᠭ ᠤᠨ ᠯᠢᠨ ᠡᠾᠧ ᠬᠤᠳᠠ ᠶᠢᠨ ᠰᠢᠭᠦᠬᠦ ᠬᠤᠷᠢᠶᠠᠨ ᠳᠤ ᠠᠵᠢᠯᠯᠠᠵᠦ ᠪᠠᠶᠢᠪᠠ᠃2000.06—2003.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠯᠢᠨ ᠡᠾᠧ ᠬᠤᠳᠠ  ᠶᠢᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ( 1999.09—2002.04 ᠳᠤᠮᠳᠠᠳᠤ ᠤᠯᠤᠰ ᠤᠨ ᠤᠯᠤᠰ ᠲᠦᠷᠤ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠢ ᠰᠤᠷᠤᠯᠴᠠᠪᠠ )2003.11—2008.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠳᠡᠳ᠋ ᠳᠠᠷᠤᠭ᠎ᠠ᠃2008.04—2008.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠬᠥᠮᠦᠨ ᠠᠮᠠ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠤᠷᠢᠶᠠᠨ ᠤ ᠡᠷᠬᠢᠯᠡᠭᠴᠢ ᠪᠠᠶᠢᠪᠠ ( ᠡᠨᠡ ᠬᠤᠭᠤᠴᠠᠭᠠᠨ ᠳᠤ᠄2008.05—2008.08 ᠠᠮᠧᠷᠢᠺᠠ ᠶᠢᠨ ᠮᠢᠰᠦ᠋ᠷᠢ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠤᠭᠤᠴᠠᠭᠠᠨ ᠳᠤᠮᠳᠠᠬᠢ ᠵᠠᠯᠠᠭᠤ ᠤᠳᠤᠷᠢᠳᠬᠤ ᠺᠠᠳ᠋ᠷᠴᠤᠳ ᠤᠨ ᠭᠠᠳᠠᠭᠠᠳᠤ ᠳᠤ ᠳᠠᠪᠲᠠᠨ ᠪᠣᠯᠪᠠᠰᠤᠷᠠᠭᠤᠯᠬᠤ ᠠᠩᠭᠢ ᠳᠤ ᠰᠤᠷᠤᠯᠴᠠᠪᠠ )2008.12—2013.05  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠰᠢᠭᠦᠨ ᠲᠠᠰᠤᠯᠬᠤ ᠺᠣᠮᠢᠰ ᠤᠨ ᠲᠤᠰᠬᠠᠶ ᠲᠤᠰᠢᠶᠠᠯᠳᠤ ᠭᠡᠰᠢᠭᠦᠨ ( 2005.09—2009.01 ᠪᠠᠷᠠᠭᠤᠨ ᠡᠮᠦᠨᠡᠲᠦ ᠶᠢᠨ ᠤᠯᠤᠰ ᠲᠥᠷᠥ ᠬᠠᠤᠯᠢ ᠴᠠᠭᠠᠵᠠ  ᠶᠢᠨ ᠶᠡᠭᠡ ᠰᠤᠷᠭᠠᠭᠤᠯᠢ  ᠶᠢᠨ ᠣᠯᠠᠨ ᠤᠯᠤᠰ ᠤᠨ ᠬᠠᠤᠯᠢ ᠶᠢᠨ ᠤᠬᠠᠭᠠᠨ ᠤ ᠲᠤᠰᠬᠠᠶ ᠮᠡᠷᠭᠡᠵᠢᠯ ᠳᠤ ᠰᠤᠷᠤᠯᠴᠠᠪᠠ )2013.05—2015.10   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ᠃2015.10—2017.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠪᠥᠭᠡᠳ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ᠃2017.11—2017.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠳᠡᠳ᠋ ᠳᠠᠷᠤᠭ᠎ᠠ  ᠶᠢᠨ ᠵᠢᠱᠢᠭᠳᠡᠭᠰᠡᠳ ᠃2017.12— ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠳᠡᠳ᠋ ᠳᠠᠷᠤᠭ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号