ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2018-03-06
     3 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠣ ᠪᠠᠶᠢᠭ᠎ᠠ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠠᠷᠠᠳ ᠤᠨ ᠶᠡᠭᠡ ᠬᠤᠷᠠᠯ ᠤᠨ ᠲᠠᠩᠭᠢᠮ ᠤᠨ ᠵᠡᠭᠦᠨ ᠲᠢᠩᠭᠢᠮ ᠳᠤ ᠪᠦᠭᠦᠳᠡ ᠬᠤᠷᠠᠯ ᠬᠢᠵᠦ᠂ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃      ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ ᠯᠢ ᠵᠢᠢ ᠾᠸᠡᠭ ᠬᠤᠷᠠᠯ ᠢ ᠡᠷᠬᠢᠯᠡᠭᠰᠡᠨ ᠤ ᠬᠠᠮᠳᠣ ᠦᠭᠡ ᠬᠡᠯᠡᠵᠦ᠂ ᠪᠦᠯᠭᠦᠮ ᠤᠨ ᠲᠡᠳ᠋ ᠲᠠᠷᠤᠭ᠎ᠠ ᠪᠦ᠋ ᠰᠢᠶᠤᠤ ᠯᠢᠨ ᠬᠢᠨᠠᠨ ᠵᠦᠪᠯᠡᠭᠦ ᠳᠤ ᠤᠷᠤᠯᠴᠠᠵᠠᠢ᠃ ᠤᠯᠤᠰ ᠤᠨ ᠬᠦᠳᠡᠭᠡ ᠠᠵᠤ ᠠᠬᠤᠢ ᠶᠢᠨ ᠶᠠᠮᠤᠨ ᠤ ᠰᠠᠶᠢᠳ ᠬᠠᠨ ᠴᠠᠩ ᠹᠦ᠋ ᠪᠤᠯᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠭᠢᠮ᠂ ᠬᠦᠭᠵᠢᠭᠦᠯᠦᠯᠳᠡ ᠦᠭᠡᠷᠡᠴᠢᠯᠠᠯᠳᠠ ᠶᠢᠨ ᠵᠦᠪᠯᠡᠯ᠂ ᠡᠳ᠋ ᠤᠨ ᠵᠠᠰᠠᠬ ᠤᠨ ᠶᠠᠮᠤᠨ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠬ ᠠᠵᠦ ᠠᠬᠤᠢ ᠶᠢᠨ ᠵᠦᠪᠯᠡᠯ᠂ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠰᠦᠪ ᠤᠨ ᠠᠵᠢᠯ ᠤᠨ ᠵᠦᠪᠯᠡᠯ ᠤᠨ ᠬᠠᠮᠢᠶ᠎ᠠ ᠪᠦᠭᠦᠢ ᠨᠦᠭᠦᠳ ᠬᠤᠷᠠᠯ ᠳᠤ ᠤᠷᠤᠯᠴᠠᠨ ᠰᠠᠨᠠᠯ ᠰᠤᠨᠤᠰᠴᠠᠢ᠃      ᠯᠢ ᠵᠢᠢ ᠾᠸᠡᠭ ᠬᠢᠨᠡᠨ ᠵᠦᠪᠯᠡᠭᠦ ᠳᠡᠭᠡᠨ᠂ ᠶᠡᠷᠦᠩᠭᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠨᠢ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ᠲᠤᠭ ᠢᠶᠠᠨ ᠦᠨᠳᠤᠷ ᠮᠡᠨᠳᠤᠭᠤᠯᠣᠭᠰᠠᠨ᠂ ᠦᠭᠡᠷᠡᠴᠢᠯᠠᠯᠳᠠ ᠬᠢᠵᠦ ᠰᠢᠨ᠎ᠠ ᠶᠢ ᠡᠭᠦᠳᠦᠭᠰᠡᠨ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠭᠰᠡᠨ᠂ ᠬᠦᠮᠦᠰ ᠢ ᠤᠷᠮᠠᠰᠢᠭᠤᠯᠤᠨ ᠲᠠᠪᠰᠢᠭᠤᠯᠬᠤ ᠰᠠᠶᠢᠨ ᠢᠯᠡᠳᠭᠡᠯ ᠪᠤᠯᠵᠠᠢ᠃ ᠢᠯᠡᠳᠭᠡᠯ ᠳᠤ ᠠᠵᠢᠯ ᠢᠶᠠᠨ ᠦᠨᠡᠨ ᠪᠤᠳᠠᠳᠠᠢ ᠮᠦᠷᠳᠡᠭᠡᠨ ᠪᠤᠰᠤᠳᠴᠢ ᠪᠠᠷ ᠳ᠋ᠦᠡᠭᠨᠡᠵᠦ᠂ ᠳᠣᠷᠠᠳᠣᠭᠰᠠᠨ ᠬᠠᠷᠠᠯᠳᠠ ᠨᠢ ᠰᠢᠨᠵᠢᠯᠡᠭᠦ ᠤᠬᠠᠭᠠᠨᠴᠢ ᠮᠦᠷᠳᠡᠭᠡᠨ ᠵᠦᠢ ᠵᠤᠬᠢᠰᠳᠠᠢ᠂ ᠳᠣᠭᠳᠠᠭᠠᠭᠰᠠᠨ ᠲᠦᠷᠦ ᠶᠢᠨ ᠪᠣᠳᠣᠯᠭ᠎ᠠ ᠨᠢ ᠲᠦᠪ ᠬᠢᠨᠠᠭᠤᠷ ᠮᠦᠷᠳᠡᠭᠡᠨ ᠨᠠᠷᠢᠨ ᠤᠨᠤᠪᠴᠢᠳᠠᠢ᠂ ᠪᠠᠶᠢᠷᠢᠯᠠᠭᠤᠯᠣᠭᠰᠠᠨ ᠡᠭᠦᠷᠭᠡ ᠨᠢ ᠰᠢᠰᠲ᠋ᠧᠮ ᠲᠠᠢ ᠮᠦᠷᠳᠡᠭᠡᠨ ᠨᠠᠷᠢᠨ ᠨᠢᠬᠳᠠ ᠪᠣᠯᠵᠣ᠂ ᠳᠣᠩ ᠴᠢᠩᠭ᠎ᠠ ᠴᠢᠭᠯᠡᠭᠦᠯᠦᠯᠳᠦ ᠴᠢᠨᠠᠷ᠂ ᠵᠢᠯᠤᠭᠤᠳᠬᠤ ᠴᠢᠨᠠᠷ ᠪᠠ ᠬᠡᠷᠡᠭᠵᠢᠭᠦᠯᠦᠰᠢᠳᠡᠢ ᠴᠢᠨᠠᠷ ᠲᠠᠢ᠂ ᠪᠢ ᠪᠦᠷᠢᠮᠦᠰᠦᠨ ᠵᠦᠪᠰᠢᠶᠡᠷᠡᠨ᠎ᠠ᠃ ᠤᠳᠤ ᠶᠢᠨ ᠲᠡᠯᠡᠭᠡᠢ ᠶᠢᠷᠳᠢᠨᠴᠦ ᠳᠤ᠂ ᠲᠡᠯᠡᠭᠡᠢ ᠶᠢᠨ ᠪᠠᠶᠢᠳᠠᠯ ᠲᠦᠪᠡᠭ ᠪᠤᠳᠤᠯᠢᠶᠠᠨᠳᠠᠢ ᠮᠦᠷᠳᠡᠭᠡᠨ ᠦᠢᠮᠡᠭᠡᠨ ᠲᠡᠪᠵᠢᠶᠡᠨ ᠶᠡᠬᠡᠲᠠᠢ᠂ ᠮᠠᠨ ᠤ ᠤᠯᠤᠰ ᠤᠨ ᠬᠦᠭᠵᠢᠯᠳᠠ ᠮᠦᠨᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠣ ᠬᠤᠭᠤᠴᠠᠭᠠᠨ ᠳᠤ ᠣᠷᠣᠰᠢᠵᠣ ᠪᠠᠶᠢᠬᠤ ᠶᠢᠨ ᠬᠠᠮᠳᠣ ᠳᠣᠯᠭᠠᠷᠠᠵᠣ ᠪᠠᠶᠢᠭ᠎ᠠ ᠦᠷᠢᠰᠦᠯᠳᠦᠭᠡᠨ ᠮᠦᠨᠬᠦ ᠲᠦᠢᠯ ᠤᠨ ᠬᠦᠨᠳᠦ ᠬᠡᠴᠡᠭᠦᠦ ᠪᠠᠶᠢᠨ᠎ᠠ᠃ ᠬᠡᠪᠡᠴᠤ ᠭᠠᠳᠠᠭᠠᠳᠤ ᠤᠷᠴᠢᠨ ᠤ ᠪᠠᠶᠢᠳᠠᠯ ᠶᠠᠭᠠᠬᠢᠵᠤ ᠬᠤᠪᠢᠷᠠᠵᠤ ᠤᠯᠠᠷᠢᠭᠰᠠᠠ ᠴᠤ᠂ ᠤᠷᠤᠬᠰᠢᠯᠠᠬᠤ ᠵᠠᠮ ᠲᠡᠭᠡᠷ᠎ᠠ ᠬᠡᠴᠢᠨᠡᠨ ᠪᠡᠷᠭᠡ ᠪᠠᠷᠲᠠᠭ᠎ᠠ ᠲᠠᠢ ᠪᠠᠶᠢᠬᠰᠠᠨ ᠴᠤ᠂ ᠶᠡᠷᠦᠩᠭᠡᠢ ᠱᠦᠵᠢ ᠰᠢ ᠶᠢᠨ ᠫᠢᠡᠭ ᠵᠠᠯᠠᠭᠤᠷ ᠢ ᠠᠳᠬᠤᠨ ᠠᠶᠠᠯᠠᠯ ᠢ ᠳᠠᠭᠠᠭᠤᠯᠵᠣ ᠪᠠᠶᠢᠭ᠎ᠠ ᠪᠣᠯᠬᠤᠷ᠂ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠣᠨᠴᠠᠭᠠᠢ ᠰᠦᠰᠦ ᠵᠤᠷᠢᠭ ᠲᠠᠢ᠂ ᠣᠨᠴᠠᠭᠠᠢ ᠢᠳᠡᠭᠡᠯ ᠲᠡᠭᠦᠯᠳᠡᠷ᠂ ᠣᠨᠴᠠᠭᠠᠢ ᠢᠳᠡ ᠬᠦᠴᠦᠨ ᠲᠠᠢ ᠪᠠᠶᠢᠵᠦ᠂ ︽ᠲᠤᠮᠳᠠᠳᠤ ᠤᠯᠤᠰ ᠨᠡᠷᠡᠮᠵᠢᠲᠦ︾ ᠠᠪᠣᠷᠭᠤ ᠬᠦᠯᠭᠡ ᠤᠡᠭᠭᠤᠴᠠ ᠳᠣᠭᠰᠢᠨ ᠳᠠᠪᠠᠯᠭᠠᠨ ᠰᠢᠷᠦᠭᠦᠨ ᠰᠠᠯᠬᠢ ᠶᠢ ᠰᠦᠷᠴᠤ ᠭᠡᠷᠡᠯ ᠰᠠᠴᠣᠷᠠᠩᠭᠤᠢ ᠲᠡᠷᠳᠡᠭᠡ ᠡᠷᠬᠢ ᠳᠤ ᠬᠦᠷᠴᠤ ᠴᠢᠳᠠᠬᠤ ᠨᠢ ᠯᠠᠪᠳᠠᠢ᠃ ᠦᠪᠤᠷ ᠮᠤᠩᠭᠤᠯ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠵᠢᠭᠠᠵᠦ ᠦᠭᠭᠦᠭᠰᠡᠨ ᠤᠷᠤᠬᠰᠢᠯᠠᠬᠤ ᠴᠢᠭᠯᠡᠯ ᠶᠣᠰᠣᠭᠠᠷ᠂ ᠡᠨᠡ ᠤᠳᠠᠭ᠎ᠠ ᠶᠢᠨ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠬᠳᠠᠭᠠᠬᠰᠠᠨ ᠬᠠᠷᠠᠯᠳᠠ ᠡᠭᠦᠷᠭᠡ ᠶᠤᠰᠤᠭᠠᠷ᠂ ᠴᠢᠨᠠᠷ ᠰᠠᠶᠢᠳᠠᠢ ᠬᠦᠭᠵᠢᠯᠳᠠ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠪᠣᠭᠤᠮᠳᠠ ᠰᠢᠪᠳᠤᠯᠬᠤ ᠲᠠᠶᠢᠯᠠᠯᠳᠣᠭᠠᠨ ᠢ ᠡᠷᠡᠰ ᠰᠠᠶᠢᠳᠤᠷ ᠬᠢᠵᠦ᠂ ᠦᠪᠤᠷ ᠮᠤᠩᠭᠤᠯ ᠤᠨ ᠤᠨᠴᠠᠯᠢᠭ ᠲᠠᠢ ᠤᠳᠤᠭᠢᠴᠢᠯᠠᠬᠰᠠᠨ ᠠᠵᠦ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠦ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠭᠡ ᠤᠯᠤᠰ ᠤᠨ ᠤᠮᠠᠷᠠᠳᠤ ᠬᠢᠵᠠᠭᠠᠷ ᠤᠨ ᠠᠮᠤᠷ ᠲᠤᠬᠳᠠᠭᠤᠨ ᠤ ᠬᠠᠯᠬᠠᠪᠴᠢ ᠶᠢ ᠦᠷᠭᠦᠯᠵᠢᠯᠠᠨ ᠪᠠᠳᠣ ᠪᠠᠬᠢ ᠴᠣᠭᠴᠠᠯᠠᠵᠣ᠂ ᠦᠪᠤᠷ ᠮᠤᠩᠭᠤᠯ ᠤᠨ ᠡᠯ᠎ᠠ ᠵᠦᠢᠯ ᠤᠨ ᠠᠵᠢᠯ ᠢᠶᠠᠨ ᠨᠡᠩ ᠰᠠᠶᠢᠳᠤᠷ ᠬᠢᠵᠦ᠂ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠭᠦᠯᠠᠩᠳᠤ ᠰᠠᠶᠢᠬᠠᠨ ᠪᠤᠯᠭᠠᠨ ᠴᠤᠬᠴᠠᠯᠠᠵᠦ᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠤ ᠡᠷᠭᠢᠮ ᠲᠡᠭᠡᠳᠤ ᠢᠷᠠᠭᠤ ᠠᠯᠳᠠᠷ ᠢ ᠰᠢᠨ᠎ᠠ ᠴᠠᠬ ᠦᠶ᠎ᠠ ᠳᠤ ᠨᠡᠩ ᠭᠡᠷᠡᠯ ᠬᠢᠯᠪᠠᠭ᠎ᠠ ᠰᠠᠴᠣᠷᠠᠭᠤᠯᠣᠨ᠎ᠠ ᠭᠡᠪᠡ᠃      ᠪᠦ᠋ ᠰᠢᠶᠤᠤ ᠯᠢᠨ ᠬᠢᠨᠠᠨ ᠵᠦᠪᠯᠡᠭᠦ ᠳᠡᠭᠡᠨ᠂ ᠢᠯᠡᠳᠭᠡᠯ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠭᠢᠮᠯᠡᠭᠦ ᠪᠠ ᠦᠭᠡᠷᠡᠴᠢᠯᠠᠯᠳᠠ ᠬᠢᠵᠦ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠳᠣᠣᠱᠯᠠᠭᠤᠯᠵᠣ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠩᠬᠠᠷᠤᠯ ᠬᠠᠯᠠᠮᠵᠢᠯᠠᠯ ᠪᠠ ᠬᠦᠰᠡᠯ ᠡᠷᠡᠮᠡᠯᠵᠡᠯ ᠳᠤ ᠬᠠᠷᠢᠭᠤᠯᠳᠠ ᠦᠭᠴᠠᠢ᠃ ᠦᠡᠭᠭᠡᠷᠡᠭᠰᠡᠨ ᠲᠠᠪᠤᠨ ᠵᠢᠯ ᠳᠤ ᠣᠯᠣᠭᠰᠠᠨ ᠠᠮᠵᠢᠯᠳᠠ ᠪᠦᠲᠦᠮᠵᠢ ᠪᠠ ᠡᠭᠦᠰᠦᠭᠰᠡᠨ ᠬᠤᠪᠢᠷᠠᠯᠳᠠ ᠨᠢ ᠴᠦᠮ ᠲᠡᠤᠭᠡᠳᠤ ᠴᠢᠨᠠᠷᠳᠠᠢ᠂ ᠡᠭᠦᠨ ᠤ ᠦᠨᠳᠦᠰᠦᠨ ᠰᠢᠯᠳᠠᠭᠠᠨ ᠨᠢ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠤ ᠪᠣᠢ᠂ ᠰᠢ ᠶᠢᠨ ᠫᠢᠡᠭ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠭᠦ ᠤᠬᠠᠭᠠᠨᠴᠢ ᠵᠢᠯᠤᠭᠤᠳᠤᠯᠭ᠎ᠠ ᠳᠤ ᠪᠤᠢ᠃ ᠮᠠᠨ ᠤ ᠤᠯᠤᠰ ᠤᠨ ᠣᠣᠭᠠᠨ ᠴᠦᠭᠡᠨ ᠲᠤᠭᠠᠳᠤ ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠪᠤᠯᠤᠬᠰᠠᠨ ᠤ ᠬᠤᠪᠢ ᠳᠤ᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠭᠡᠳᠡᠭ ᠨᠢ ᠢᠷᠠᠭᠤ ᠠᠯᠳᠠᠷ ᠪᠣᠯᠬᠤ ᠪᠦᠭᠡᠳ ᠨᠡᠩ ᠴᠤ ᠬᠠᠷᠢᠭᠤᠴᠠᠯᠭ᠎ᠠ ᠪᠣᠯᠣᠨ᠎ᠠ ᠭᠡᠳᠡᠭ ᠢ ᠪᠢᠳᠠ ᠬᠦᠨ ᠮᠡᠳᠡᠨ᠎ᠠ᠃ ᠰᠢᠨ᠎ᠠ ᠴᠠᠬ ᠦᠶ᠎ᠠ ᠳᠤ ᠪᠢᠳᠡ ᠵᠠᠪᠠᠯ ᠤᠬ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠦᠷᠭᠦᠯᠵᠢᠯᠠᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠭᠦ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠪᠠᠷᠢᠮᠳᠠᠯᠠᠵᠦ᠂ ᠴᠢᠨᠠᠷ ᠰᠠᠶᠢᠳᠠᠢ ᠬᠦᠭᠵᠢᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠭᠤᠷᠪᠡᠨ ᠪᠣᠭᠤᠮᠳᠠ ᠰᠢᠪᠳᠤᠯᠬᠤ ᠲᠠᠶᠢᠯᠠᠯᠳᠣᠭᠠᠨ ᠤ ᠢᠯᠠᠯᠳᠠ ᠶᠢ ᠡᠷᠡᠰ ᠤᠯᠵᠦ᠂ ᠤᠮᠠᠷᠠᠰᠢ ᠨᠡᠭᠡᠭᠡᠯᠳᠡ ᠬᠢᠬᠦ ᠶᠢ ᠬᠦᠨᠵᠡᠭᠡᠶᠢᠷᠡᠭᠦᠯᠵᠦ᠂ ᠪᠠᠶᠠᠵᠢᠨ ᠴᠢᠨᠡᠭᠡᠯᠢᠭᠵᠢᠭᠦ ᠠᠴᠠ ᠪᠠᠨ ᠬᠦᠴᠦᠷᠭᠡᠭᠵᠢᠬᠦ ᠠᠭᠤᠤ ᠶᠡᠭᠡ ᠲᠡᠤᠭᠡᠨ ᠠᠬᠢᠴᠠ ᠳᠤ᠂ ᠲᠡᠷᠢᠭᠦᠨ ᠤ ᠡᠩᠨᠡᠭᠡ ᠳᠤ ᠶᠠᠪᠤᠬᠤ ᠪᠠᠷ ᠴᠢᠷᠮᠠᠶᠢᠵᠦ᠂ ᠰᠢᠨ᠎ᠠ ᠴᠠᠬ ᠦᠶ᠎ᠠ ᠶᠢᠨ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠢ ᠪᠦᠲᠦᠭᠡᠨ ᠪᠠᠶᠢᠭᠤᠯᠣᠨ᠎ᠠ ᠭᠡᠵᠦ ᠵᠢᠭᠠᠵᠦ ᠭᠠᠷᠭᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号