ᠴᠠᠭᠠᠨ ᠰᠠᠷ᠎ᠠ ᠶᠢᠨ ᠬᠤᠭᠤᠴᠠᠭᠠᠨ ᠳᠤ ᠪᠡᠶ᠎ᠡ ᠢᠶᠠᠨ ︽ᠴᠡᠨᠡᠭᠯᠡᠵᠦ︾ ᠪᠠᠶᠢᠭ᠎ᠠ
ᠨᠡᠶᠢᠲᠡᠯᠡᠭᠰᠡᠨ ᠴᠠᠭ᠄
2018-03-07
     ᠴᠠᠭᠠᠨ ᠰᠠᠷ᠎ᠠ ᠶᠢᠨ ᠬᠤᠭᠤᠴᠠᠭᠠᠨ ᠳᠤ᠂ ᠲᠥᠷᠥᠯ ᠰᠠᠳᠤᠨ ᠨᠠᠶᠢᠵᠠ ᠨᠥᠬᠦᠳ ᠤᠨ ᠳᠡᠭᠡᠨ ᠠᠶᠢᠯᠴᠢᠯᠠᠬᠤ ᠶᠢᠨ ᠴᠢᠯᠥᠭᠡ ᠵᠠᠪ ᠢᠶᠠᠷ ᠢᠶᠠᠨ ᠴᠥᠭᠡᠨ ᠪᠤᠰᠤ ᠬᠤᠳᠠ ᠶᠢᠨ ᠠᠷᠠᠳ ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠨᠣᠮ ᠤᠨ ᠰᠠᠩ ᠪᠣᠯᠤᠨ ᠨᠣᠮ ᠤᠨ ᠳᠡᠯᠭᠡᠭᠦᠷ ᠬᠦᠷᠴᠦ ᠰᠤᠷᠤᠯᠴᠠᠵᠤ ᠡᠬᠢᠯᠡᠭᠰᠡᠨ ᠪᠠᠶᠢᠯ᠎ᠠ᠃ 2 ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠮᠠᠨ ᠤ ᠬᠤᠲᠠ ᠶᠢᠨ ᠵᠠᠷᠢᠮ ᠨᠣᠮ ᠤᠨ ᠳᠡᠯᠭᠡᠭᠦᠷ ᠪᠠ ᠨᠣᠮ ᠤᠨ ᠰᠠᠩ ᠳᠤ ᠣᠯᠵᠤ ᠥᠵᠡᠭᠰᠡᠨ ᠢᠶᠠᠷ ᠬᠠᠷᠢᠴᠠᠩᠭᠤᠶ ᠪᠠᠷ ᠡᠩ ᠤᠨ ᠦᠶ᠎ᠡ ᠳᠤ᠂ ᠡᠳᠡᠭᠡᠷ ᠭᠠᠵᠠᠷ ᠲᠤ ᠨᠣᠮ ᠥᠵᠡᠵᠦ ᠰᠤᠷᠤᠯᠴᠠᠵᠤ ᠪᠠᠶᠢᠭ᠎ᠠ ᠬᠥᠮᠦᠨ ᠤ ᠲᠤᠭ᠎ᠠ ᠮᠦᠨ ᠴᠤ ᠪᠠᠭᠠᠰᠤᠭᠰᠠᠨ ᠦᠭᠡᠢ ᠪᠠᠶᠢᠯ᠎ᠠ᠂ ᠨᠣᠮ ᠤᠩᠰᠢᠬᠤ ᠨᠢ ᠴᠤ ᠨᠢᠭᠡ ᠵᠦᠢᠯ ᠤᠨ ᠴᠠᠭ ᠤᠨ ᠥᠩᠭᠡ ᠶᠢ ᠳᠠᠭᠠᠭᠰᠠᠨ ᠪᠠᠶᠠᠷ ᠤᠨ ᠡᠳᠦᠷ ᠢ ᠪᠡᠯᠭᠡᠯᠡᠬᠦ ᠠᠷᠭ᠎ᠠ ᠬᠡᠯᠪᠡᠷᠢ ᠪᠣᠯᠤᠭᠰᠠᠨ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号