ᠬᠥᠬᠡᠬᠤᠲᠠ ᠶᠢᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2018/3/8
     ᠦᠵᠡᠰᠭᠦᠯᠡᠩᠲᠦ ᠰᠠᠶᠢᠬᠠᠨ ᠬᠥᠬᠡᠬᠤᠲᠠ ᠨᠢ ᠮᠤᠨᠢ ᠠᠭᠤᠯᠠ ᠶᠢ ᠲᠦᠰᠢᠵᠦ᠂ ᠬᠠᠲᠤᠨ ᠭᠤᠤᠯ ᠢ ᠢᠰᠭᠦᠯᠵᠦ᠂ ᠲᠦᠮᠡᠳ ᠤᠨ ᠲᠠᠯ᠎ᠠ ᠨᠤᠲᠤᠭ ᠲᠤ ᠡᠪᠦᠷᠯᠡᠭᠳᠡᠵᠦ᠂ ᠠᠵᠢᠯᠴᠢ ᠬᠦᠳᠡᠯᠮᠦᠷᠢᠴᠢ ᠡᠷᠡᠯᠬᠡᠭ ᠪᠠᠭᠠᠲᠤᠷᠯᠢᠭ ᠤᠮᠠᠷᠠᠲᠤ ᠶᠢᠨ ᠡᠯ᠎ᠡ ᠦᠨᠳᠦᠰᠦᠲᠡᠨ ᠠᠳᠡ ᠠᠵᠤ ᠲᠦᠷᠦᠨ ᠠᠮᠢᠳᠤᠷᠠᠵᠤ᠂ ᠭᠡᠷᠡᠯ ᠰᠠᠴᠤᠷᠠᠩᠭᠤᠢ ᠰᠣᠶᠤᠯ ᠪᠣᠯᠪᠠᠰᠤᠨ ᠢ ᠡᠭᠦᠳᠴᠡᠢ᠃ ᠬᠥᠬᠡᠬᠤᠲᠠ ᠨᠢ ᠡᠷᠲᠡ ᠳᠡᠭᠡᠳᠦ ᠠᠴᠠ ᠣᠳᠤ ᠬᠦᠷᠲᠡᠯ᠎ᠡ  ᠬᠤᠸᠠᠰᠢᠶᠠ  ᠶᠢᠨ ᠡᠯ᠎ᠡ ᠦᠨᠳᠦᠰᠦᠲᠡᠨ ᠳᠤ ᠬᠤᠪᠢ ᠨᠡᠮᠡᠭᠦᠷᠢ ᠪᠠᠨ ᠦᠵᠡᠭᠦᠯᠡᠭᠰᠡᠭᠡᠷ ᠢᠷᠡᠭᠰᠡᠨ ᠶᠤᠮ᠃ ᠦᠨᠦ ᠶᠢᠨ ᠬᠥᠬᠡᠬᠤᠲᠠ ᠨᠢ ᠨᠡᠶᠢᠰᠯᠡᠯ ᠪᠡᠭᠡᠵᠢᠩ ᠠᠴᠠ 470ᠺᠢᠯᠤᠮᠧᠲᠷ ᠵᠠᠶᠢᠲᠠᠢ᠂ ᠬᠢᠯᠢ ᠶᠢᠨ ᠬᠤᠲᠠ ᠡᠷᠢᠶᠡᠨ ᠠᠴᠠ 490 ᠺᠢᠯᠤᠮᠧᠲᠷ ᠵᠠᠶᠢᠲᠠᠢ ᠪᠠᠶᠢᠵᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠲᠦᠪ ᠮᠥᠷᠲᠡᠭᠡᠨ ᠤᠯᠤᠰ ᠲᠦᠷᠦ᠂ ᠠᠵᠤ ᠠᠬᠤᠢ᠂ ᠰᠣᠶᠤᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠦᠮᠦᠵᠢᠯ ᠬᠢᠭᠡᠳ ᠮᠥᠩᠭᠦᠨ ᠬᠦᠢᠯᠭᠡᠭᠡᠨ ᠤ ᠲᠦᠪ ᠶᠤᠮ᠃ ᠰᠢᠨ᠎ᠡ ᠬᠤᠲᠠ ᠶᠢᠨ ᠲᠣᠭᠤᠷᠢᠭ᠂ ᠬᠤᠲᠤᠩ ᠦᠨᠳᠦᠰᠦᠲᠡᠨ ᠤ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠭᠡᠵᠦ ᠳᠦᠷᠪᠡᠨ ᠬᠤᠲᠠ ᠶᠢᠨ ᠲᠣᠭᠤᠷᠢᠭ ᠪᠠ ᠲᠦᠮᠡᠳ ᠵᠡᠭᠦᠨ ᠬᠤᠰᠢᠭᠤ᠂ ᠲᠤᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠵᠡᠷᠭᠡ ᠲᠠᠪᠤᠨ ᠬᠤᠰᠢᠭᠤ ᠰᠢᠶᠠᠨ ᠵᠢᠴᠢ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠤᠨ  ᠲᠠᠢ᠃ ᠪᠦᠬᠦ ᠬᠤᠲᠠ ᠶᠢᠨ ᠶᠡᠷᠦᠩᠬᠡᠢ ᠲᠠᠯᠠᠪᠠᠢ ᠨᠢ 17186.1 ᠳᠦᠷᠪᠡᠯᠵᠢᠨ ᠺᠢᠯᠤᠮᠧᠲᠷ᠂ 2019 ᠣᠨ ᠤ ᠰᠡᠭᠦᠯᠴᠢ ᠪᠣᠯᠲᠠᠯ᠎ᠠ ᠪᠠᠶᠢᠩᠭᠤ ᠰᠠᠭᠤᠭ᠎ᠠ ᠬᠦᠮᠦᠨ ᠠᠮᠠ ᠨᠢ 313.7 ᠲᠦᠮᠡ ᠬᠦᠷᠴᠦ ᠮᠣᠩᠭᠤᠯ ᠦᠨᠳᠦᠰᠦᠲᠡᠨ᠂ ᠬᠢᠲᠠᠳ ᠦᠨᠳᠦᠰᠦᠳ᠋ᠨ᠂  ᠮᠠᠨᠵᠤ ᠦᠨᠳᠦᠰᠦᠲᠡᠨ᠂ ᠬᠤᠲᠤᠩ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ ᠵᠡᠷᠭᠡ 41 ᠦᠨᠳᠦᠰᠦᠲᠡᠨ ᠲᠦᠪᠯᠡᠷᠡᠨ ᠰᠠᠭᠤᠭᠰᠠᠨ ᠬᠢᠯᠢ ᠳᠠᠭᠠᠤ ᠨᠡᠭᠡᠭᠡᠯᠲᠡ ᠶᠢᠨ ᠬᠤᠲᠠ ᠶᠤᠮ᠃ ᠮᠦᠨ ᠴᠤ ᠦᠨᠳᠦᠰᠦᠲᠡᠨ  ᠤ ᠣᠨᠴᠠᠯᠢᠭ   ᠢᠶᠠᠷ ᠵᠤᠵᠠᠭᠠᠨ ᠪᠣᠭᠤᠮᠲᠠ ᠶᠢᠨ ᠭᠠᠳᠠᠨᠠᠬᠢ ᠲᠡᠦᠬᠡ ᠰᠣᠶᠤᠯ ᠤᠨ ᠨᠡᠷᠡᠲᠦ ᠬᠤᠲᠠ ᠶᠤᠮ᠃      ᠬᠥᠬᠡᠬᠤᠲᠠ ᠨᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠳᠤᠮᠳᠠ ᠬᠡᠰᠡᠭ ᠲᠤ ᠪᠠᠶᠢᠷᠢᠰᠢᠯᠠᠵᠤ᠂ ᠵᠡᠭᠦᠨ ᠤᠷᠲᠤᠷᠢᠭ ᠤᠨ 110| 112᠂ ᠤᠮᠠᠷᠠᠲᠤ ᠦᠷᠭᠡᠷᠢᠭ ᠤᠨ 40| 41  ᠳᠤ ᠣᠷᠤᠰᠢᠵᠤ ᠪᠤᠢ᠃ 1949 ᠣᠨ ᠳᠤ ᠰᠦᠢᠶᠦᠸᠠᠨ ᠮᠣᠵᠢ ᠶᠢ ᠨᠠᠶᠢᠷᠠᠮᠳᠠᠯ ᠢᠶᠠᠷ ᠴᠢᠯᠦᠭᠡᠯᠡᠪᠡ᠃ 12 ᠰᠠᠷ᠎ᠠ ᠶᠢᠨ 9 ᠳᠤ ᠰᠦᠢᠶᠦᠸᠠᠨ ᠮᠣᠵᠢ ᠶᠢᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠦᠢ ᠰᠦᠢ ᠬᠤᠲᠠ ᠳᠠᠬᠢ ᠠᠵᠢᠯᠯᠠᠬᠤ ᠪᠦᠯᠬᠦᠮ ᠨᠢ ᠭᠦᠢ ᠰᠦᠢ ᠳᠤ ᠣᠷᠤᠵᠤ ᠢᠷᠡᠪᠡ᠃ 1954 ᠣᠨ ᠤ 4 ᠠᠷ᠎ᠠ ᠶᠢᠨ 25 ᠤ ᠡᠳᠦᠷ ᠠᠴᠠ ᠭᠦᠢ ᠰᠦᠢ ᠬᠤᠲᠠ ᠶᠢ ᠬᠥᠬᠡᠬᠤᠲᠠ ᠭᠡᠵᠦ ᠨᠡᠷᠡᠯᠡᠪᠡ᠃ 1960 ᠣᠨ ᠠᠴᠠ ᠡᠮᠦᠨ᠎ᠡ ᠬᠥᠬᠡᠬᠤᠲᠠ ᠳᠤ ᠰᠢᠨ᠎ᠠ ᠬᠤᠲᠠ ᠶᠢᠨ ᠲᠣᠭᠤᠷᠢᠭ᠂ ᠬᠤᠲᠤᠩ ᠦᠨᠳᠦᠰᠦᠲᠡᠨ ᠤ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠭᠡᠵᠦ ᠳᠥᠷᠪᠡᠨ ᠬᠠᠷᠢᠶᠠᠲᠤ ᠲᠣᠭᠤᠷᠢᠭ  ᠲᠠᠢ ᠪᠠᠶᠢᠵᠠᠢ᠃ 1960 ᠣᠨ ᠳᠤ ᠤᠤᠯ ᠤᠨ ᠤᠯᠠᠭᠠᠨᠴᠠᠪ ᠠᠶᠢᠮᠠᠭ ᠤᠨ ᠲᠦᠮᠡᠳ ᠬᠤᠰᠢᠭᠤ ᠶᠢ ᠬᠤᠪᠢᠶᠠᠷᠢᠯᠠᠨ ᠦᠭᠴᠦ ᠬᠥᠬᠡᠬᠤᠲᠠ  ᠵᠠᠬᠢᠷᠤᠨ ᠬᠠᠮᠢᠶᠠᠷᠪᠠ᠃ 1971 ᠣᠨ ᠳᠤ ᠤᠤᠯ ᠤᠨ ᠤᠯᠠᠭᠠᠨᠴᠠᠪ ᠠᠶᠢᠮᠠᠭ ᠤᠨ ᠲᠤᠭᠲᠠᠬᠤ ᠰᠢᠶᠠᠨ ᠢ ᠬᠤᠪᠢᠶᠠᠷᠢᠯᠠᠨ ᠦᠭᠴᠦ ᠬᠥᠬᠡᠬᠤᠲᠠ ᠵᠠᠬᠢᠷᠤᠨ ᠬᠠᠮᠢᠶᠠᠷᠪᠠ᠃ 1995 ᠣᠨ ᠤ 11 ᠰᠠᠷ᠎ᠠ ᠶᠢᠨ 21 ᠤ ᠡᠳᠦᠷ ᠤᠯᠤᠰ ᠤᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢ ᠳᠠᠮᠵᠢᠨ ᠤᠯᠠᠭᠠᠨᠴᠠᠪ ᠠᠶᠢᠮᠠᠭ ᠤᠨ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠢ ᠬᠤᠪᠢᠶᠠᠷᠢᠯᠠᠨ ᠦᠭᠴᠦ ᠬᠥᠬᠡᠬᠤᠲᠠ ᠵᠠᠬᠢᠷᠤᠨ ᠬᠠᠮᠢᠶᠠᠷᠪᠠ᠃ 1996 ᠣᠨ ᠤ 5 ᠰᠠᠷ᠎ᠠ ᠶᠢᠨ 18 ᠤ ᠡᠳᠦᠷ ᠤᠯᠤᠰ ᠤᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠤᠯᠠᠭᠠᠨᠴᠠᠪ ᠠᠶᠢᠮᠠᠭ ᠤᠨ ᠦᠴᠦᠸᠠᠨ ᠰᠢᠶᠠᠨ ᠢ ᠬᠤᠪᠢᠶᠠᠷᠢᠯᠠᠨ ᠦᠭᠴᠦ ᠵᠠᠬᠢᠷᠤᠨ ᠬᠠᠮᠢᠶᠠᠷᠪᠠ᠃ ᠬᠥᠬᠡᠬᠤᠲᠠ ᠳᠤ ᠣᠳᠤ ᠪᠠᠶᠢᠭ᠎ᠠ ᠵᠠᠰᠠᠭ ᠵᠠᠬᠢᠷᠭ᠎ᠠ ᠨᠡᠶᠢᠲᠡ 9 ᠬᠤᠰᠢᠭᠤ ᠰᠢᠶᠠᠨ ᠲᠣᠭᠤᠷᠢᠭ᠂ 31 ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ 45ᠰᠢᠶᠠᠩ ᠪᠠᠯᠭᠠᠰᠤ᠂ 302 ᠰᠠᠭᠤᠭᠠᠯᠢ ᠠᠷᠠᠳ ᠤᠨ ᠵᠦᠪᠯᠡᠯ ᠬᠢᠭᠡᠳ 965 ᠲᠤᠰᠬᠤᠨ ᠤ ᠵᠦᠪᠯᠡᠯ ᠢ ᠬᠠᠮᠢᠶᠠᠷᠴᠤ ᠪᠤᠢ᠃ ᠨᠤᠲᠤᠭ ᠳᠡᠪᠢᠰᠭᠡᠷ ᠤᠨ ᠲᠠᠯᠠᠪᠠᠢ ᠨᠢ 17186.1 ᠳᠥᠷᠪᠡᠯᠵᠢᠨ ᠺᠢᠯᠦᠮᠧᠲᠷ᠃ ᠬᠥᠬᠡᠬᠤᠲᠠ ᠪᠤᠯ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠲᠦᠪ᠂ ᠮᠥᠨ ᠴᠤ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠤᠯ ᠤᠨ ᠲᠦᠪ ᠶᠤᠮ᠃ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠳᠤᠮᠳᠠᠳᠤ ᠬᠡᠰᠡᠭ ᠤᠨ ᠠᠭᠤᠯᠠᠨ ᠬᠤᠷᠮᠤᠢ ᠳᠤ ᠣᠷᠤᠰᠢᠵᠤ᠂ ᠬᠦᠮᠦᠨ ᠠᠮᠠ 310 ᠲᠦᠮᠡ᠂ ᠮᠣᠩᠭᠤᠯ ᠦᠨᠳᠦᠰᠦᠲᠡᠨ ( 8.6%  ᠶᠢ ᠡᠵᠡᠯᠡᠵᠦ ) ᠬᠢᠲᠠᠳ᠂ ᠮᠠᠨᠵᠤ ᠣᠷᠴᠤᠨ᠂ ᠡᠸᠠᠩᠬᠢ ᠵᠡᠷᠭᠡ 10 ᠭᠠᠷᠤᠢ ᠦᠨᠳᠦᠰᠦᠲᠡᠨ ᠰᠠᠭᠤᠷᠢᠰᠢᠵᠤ᠂ ᠣᠳᠤ ᠨᠢᠭᠡᠨᠲᠡ ᠳᠤᠮᠳᠠᠳᠤ ᠤᠯᠤᠰ ᠤᠨ ᠲᠡᠦᠬᠡ ᠰᠣᠶᠤᠯ ᠤᠨ ᠨᠡᠷᠡᠲᠦ ᠬᠤᠲᠠ ᠶᠢᠨ ᠨᠢᠭᠡ ᠳᠤ ᠵᠢᠭᠰᠠᠭᠠᠭᠳᠠᠪᠠ᠃ ᠬᠤᠶᠢᠲᠤ ᠬᠡᠰᠡᠭ ᠲᠤ ᠳᠠᠯᠠᠨ ᠬᠠᠷ᠎ᠠ ᠠᠭᠤᠯᠠ ᠪᠠ ᠵᠡᠭᠦᠨ ᠡᠮᠦᠨᠡᠲᠦ ᠬᠡᠰᠡᠭ ᠲᠤ ᠮᠠᠨ ᠬᠠᠨ ᠱᠠᠨ ᠠᠭᠤᠯᠠ ᠪᠠᠶᠢᠵᠤ᠂ ᠡᠮᠦᠨᠡᠲᠦ ᠬᠢᠭᠡᠳ ᠪᠠᠷᠠᠭᠤᠨ ᠡᠮᠦᠨᠡᠲᠦ ᠬᠡᠰᠡᠭ ᠨᠢ ᠲᠦᠮᠡᠳ ᠤᠨ ᠲᠠᠯ᠎ᠠ ᠭᠠᠵᠠᠷ᠂ ᠵᠡᠭᠦᠨ ᠬᠤᠶᠢᠲᠤ ᠠᠴᠠ ᠪᠠᠷᠠᠭᠤᠨ ᠡᠮᠦᠨᠡᠰᠢ ᠲᠡᠶᠢᠰᠢ ᠠᠭᠠᠵᠢᠮ ᠢᠶᠠᠷ ᠬᠡᠯᠪᠠᠶᠢᠭ᠍ᠰᠡᠨ ᠪᠠᠶᠢᠳᠠᠯ ᠲᠠᠢ ᠭᠠᠵᠠᠷ ᠤᠨ ᠪᠠᠶᠢᠴᠠ ᠲᠠᠢ᠃ ᠳᠠᠯᠠᠢ ᠶᠢᠨ ᠲᠦᠪᠰᠢᠨ ᠠᠴᠠ ᠬᠠᠮᠤᠭ ᠦᠨᠳᠦᠷ ᠭᠠᠵᠠᠷ ᠨᠢ ᠳᠠᠯᠠᠨ ᠬᠠᠷ᠎ᠠ ᠠᠭᠤᠯᠠ ᠶᠢᠨ ᠯᠡᠦᠸᠠᠨ ᠳ᠋ᠢᠶᠠᠨ  ᠤ ᠣᠷᠤᠢ ᠶᠢᠨ ᠬᠡᠰᠡᠭ 2280 ᠮᠧᠲᠷ ᠡᠷᠭᠦᠭᠳᠡᠵᠦ᠂ ᠬᠠᠮᠤᠭ ᠳᠤᠤᠷ᠎ᠠ ᠭᠠᠵᠠᠷ ᠨᠢ ᠲᠤᠭᠲᠠᠬᠤ ᠰᠢᠶᠠᠨ ᠵᠦᠩ ᠲᠠᠨ ᠰᠢᠶᠠᠩ 986 ᠮᠧᠲᠷ ᠡᠷᠭᠦᠭᠳᠡᠵᠦ᠂ ᠬᠤᠲᠠ ᠲᠣᠭᠤᠷᠢᠭ ᠨᠢ 1040 ᠮᠧᠲᠷ ᠡᠷᠭᠦᠭᠳᠡᠵᠦ ᠪᠤᠢ᠃ ᠳᠠᠯᠠᠨ ᠬᠠᠷ᠎ᠠ ᠠᠭᠤᠯᠠ ᠨᠢ ᠮᠤᠨᠠ ᠠᠭᠤᠯᠠ ᠨᠢᠷᠤᠭᠤ ᠶᠢᠨ ᠳᠤᠮᠳᠠ ᠬᠡᠰᠡᠭ ᠢᠶᠠᠷ ᠣᠷᠤᠰᠢᠵᠤ᠂ ᠮᠠᠰᠢ ᠠᠷᠪᠢᠨ ᠭᠤᠯᠳᠤ ᠠᠭᠤᠯᠠ ᠨᠢᠷᠤᠭᠤ ᠣᠷᠭᠢᠯ ᠪᠤᠢ ᠪᠣᠯᠤᠭᠰᠠᠨ ᠶᠤᠮ᠃ ᠪᠠᠷᠠᠭᠤᠨ  ᠠᠴᠠ ᠵᠡᠭᠦᠨᠰᠢ ᠵᠢᠦ ᠹᠧᠩ ᠱᠠᠨ᠂ ᠶᠢᠨ ᠮᠢ ᠳ᠋ᠢᠶᠠᠨ ᠱᠠᠨ᠂ ᠫᠠᠨ ᠯᠦᠩ ᠱᠠᠨ᠂ ᠬᠤ᠋ ᠲᠧᠦ ᠱᠠᠨ ᠵᠡᠷᠭᠡ ᠣᠷᠭᠢᠯ ᠪᠤᠢ᠃ ᠵᠡᠭᠦᠨ ᠡᠮᠦᠨᠡᠲᠦ ᠬᠡᠰᠡᠭ ᠪᠤᠯ ᠮᠠᠨ ᠬᠠᠨ ᠱᠠᠨ ᠠᠭᠤᠯᠠ ᠪᠣᠯᠤᠨ᠎ᠠ᠃  ᠬᠥᠬᠡᠬᠤᠲᠠ ᠪᠤᠯ ᠳᠤᠮᠳᠠ ᠰᠡᠷᠢᠭᠦᠨ ᠪᠦᠰᠡᠨ ᠤ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠨᠢ ᠢᠯᠡᠷᠬᠡᠢ᠂ ᠲᠤᠩ ᠶᠡᠭᠡ ᠵᠦᠷᠢᠶ᠎ᠡ ᠲᠠᠢ ᠪᠠᠶᠢᠵᠤ᠂ ᠡᠪᠦᠯ ᠤᠨ ᠤᠯᠠᠷᠢᠯ ᠨᠢ ᠤᠷᠲᠤ ᠮᠥᠷᠲᠡᠭᠡᠨ ᠲᠡᠰᠭᠢᠮ᠎ᠡ ᠬᠦᠢᠲᠡᠨ᠂ ᠵᠤᠨ ᠤ ᠤᠯᠠᠷᠢᠯ ᠨᠢ ᠣᠬᠤᠷ ᠮᠥᠷᠲᠡᠭᠡᠨ ᠠᠭᠠᠬᠢᠮ᠎ᠠ ᠬᠠᠯᠠᠭᠤᠨ᠂ ᠬᠠᠪᠤᠷ ᠨᠠᠮᠤᠷ ᠤᠨ ᠬᠤᠶᠠᠷ ᠤᠯᠠᠷᠢᠯ ᠤᠨ ᠠᠭᠤᠷ ᠠᠮᠢᠰᠬᠤᠯ  ᠤᠨ ᠬᠤᠪᠢᠷᠠᠯᠲᠠ ᠨᠢ ᠬᠤᠷᠴᠠ ᠰᠢᠷᠦᠭᠦᠨ ᠶᠤᠮ᠃      ᠬᠥᠬᠡᠬᠤᠲᠠ ᠨᠢ 2300 ᠭᠠᠷᠤᠢ ᠵᠢᠯ ᠤᠨ ᠲᠡᠦᠬᠡ ᠲᠠᠢ ᠶᠤᠮ᠃ 1986 ᠣᠨ ᠳᠤ ᠤᠯᠤᠰ ᠤᠨ ᠶᠠᠪᠤᠳᠠᠯ ᠤᠨ ᠬᠤᠷᠢᠶ᠎ᠠ ᠠᠴᠠ  ᠬᠥᠬᠡᠬᠤᠲᠠ ᠶᠢ ᠵᠢᠩᠬᠢᠨᠢ ᠪᠠᠷ ᠲᠡᠦᠬᠡ ᠰᠣᠶᠤᠯ ᠤᠨ ᠨᠡᠷᠡᠲᠦ ᠬᠤᠲᠠ ᠪᠠᠷ ᠨᠡᠷᠡᠯᠡᠵᠡᠢ᠃ ᠬᠥᠬᠡᠬᠤᠲᠠ ᠶᠢᠨ ᠡᠯ᠎ᠡ ᠦᠨᠳᠦᠰᠦᠲᠡᠨ ᠨᠢ ᠦᠶ᠎ᠡ ᠶᠢᠨ ᠦᠶ᠎ᠡ ᠳᠡᠭᠡᠨ ᠳᠠᠯᠠᠨ ᠬᠠᠷ᠎ᠠ ᠠᠭᠤᠯᠠ ᠶᠢᠨ ᠬᠤᠷᠮᠤᠢ᠂ ᠬᠠᠲᠤᠨ ᠭᠤᠤᠯ ᠤᠨ ᠡᠷᠭᠢ ᠳᠠᠭᠠᠤ ᠦᠩ ᠰᠢᠮᠡᠯᠢᠭ ᠨᠤᠲᠤᠭ ᠳᠡᠪᠢᠰᠭᠡᠷ ᠳᠡᠭᠡᠷ᠎ᠡ ᠠᠵᠤ ᠲᠦᠷᠦᠨ  ᠠᠮᠢᠳᠤᠷᠠᠵᠤ᠃ ᠬᠠᠮᠲᠤ ᠪᠠᠷ ᠭᠡᠷᠡᠯ ᠰᠠᠴᠤᠷᠠᠩᠭᠤᠢ ᠪᠣᠯᠪᠠᠰᠤᠨ ᠢ ᠡᠭᠦᠳᠴᠡᠢ᠃ ᠠᠳᠡ ᠪᠤᠯ ᠳᠤᠮᠳᠠᠳᠤ ᠶᠢᠨ ᠦᠨᠳᠦᠰᠦᠲᠡᠨ ᠤ ᠮᠡᠨᠳᠦᠯᠡᠭᠰᠡᠨ ᠭᠠᠵᠠᠷ ᠤᠨ ᠨᠢᠭᠡ ᠨᠢ ᠪᠣᠯᠤᠨ᠎ᠠ᠃ ᠳᠤᠮᠳᠠᠳᠤ ᠣᠷᠤᠨ ᠤ ᠬᠢᠲᠠᠳ ᠦᠨᠳᠦᠰᠦᠲᠡᠨ ᠬᠢᠭᠡᠳ ᠤᠮᠠᠷᠠᠲᠤ ᠶᠢᠨ ᠴᠥᠬᠡᠨ ᠲᠣᠭᠠᠲᠤ ᠦᠨᠳᠦᠰᠦᠲᠡᠨ ᠤ ᠰᠣᠶᠤᠯ ᠤᠨ ᠨᠡᠶᠢᠯᠡᠯᠲᠡ ᠶᠢᠨ ᠴᠢᠭ᠂ ᠡᠯ᠎ᠡ ᠦᠨᠳᠦᠰᠦᠲᠡᠨ ᠤ ᠠᠷᠠᠳ ᠲᠦᠮᠡᠨ ᠬᠠᠷᠢᠯᠴᠠᠨ ᠬᠦᠨᠳᠦᠳᠭᠡᠵᠦ ᠬᠠᠷᠢᠯᠴᠠᠨ ᠬᠠᠶᠢᠷᠠᠯᠠᠬᠤ᠂ᠡᠶ᠎ᠡ ᠵᠣᠬᠢᠴᠠᠯ ᠲᠠᠢ ᠪᠠᠷ ᠵᠡᠷᠭᠡᠴᠠᠨ ᠣᠷᠤᠰᠢᠬᠤ ᠪᠦᠯᠬᠦᠮᠳᠡᠯ ᠤᠨ ᠮᠠᠭᠲᠠᠭᠠᠯ ᠳᠠᠭᠤᠤ ᠪᠠᠨ ᠤᠯᠠᠮᠵᠢᠯᠠᠨ ᠳᠠᠭᠤᠯᠠᠭᠰᠠᠭᠠᠷ ᠁ ᠳ᠋ᠠ ᠶᠤᠤ ᠰᠣᠶᠤᠯ ᠤᠨ ᠡᠷᠲᠡᠨ ᠤ ᠦᠯᠡᠳᠡᠭᠳᠡᠯ᠂ ᠴᠠᠭᠠᠨ ᠬᠡᠷᠡᠮ ᠤᠨ ᠦᠯᠡᠳᠡᠭᠳᠡᠯ᠂ ᠶᠦᠨ ᠵᠦᠩ ᠡᠷᠲᠡᠨ ᠤ ᠬᠤᠲᠠ᠂ ᠵᠤᠤ ᠵᠢᠶᠦᠨ ᠤ ᠣᠩᠭᠤᠨ᠂ ᠸᠠᠨ ᠪᠤᠤ ᠬᠤᠸᠠ ᠶᠠᠨ ᠵᠢᠩ ᠰᠤᠪᠤᠷᠭ᠎ᠠ᠂ ᠶᠡᠭᠡ ᠵᠤᠤ᠂ ᠰᠢᠷᠡᠭᠡᠲᠦ ᠵᠤᠤ᠂ ᠵᠠᠩᠵᠤᠨ ᠤ ᠶᠠᠮᠤᠨ᠂ ᠬᠦᠩᠵᠦ ᠶᠢᠨ ᠣᠷᠳᠤᠨ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ  ᠨᠢ ᠣᠳᠤ ᠪᠣᠯᠲᠠᠯ᠎ᠠ ᠤᠯᠠ ᠮᠦᠷ ᠪᠠᠨ ᠬᠥᠬᠡᠬᠤᠲᠠ ᠳᠤ ᠭᠢᠯᠠᠯᠵᠠᠭᠤᠯᠤᠭᠰᠠᠭᠠᠷ ᠶᠤᠮ᠃ ᠭᠦ᠋ ᠬᠤᠨ ᠲᠠᠨ  ᠤᠨ ᠬᠡᠷᠡᠭ ᠬᠤᠪᠢᠰᠤᠯ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ᠂ ︽9· 19︾  ᠶᠢᠨ ᠡᠩᠬᠡ ᠲᠠᠶᠢᠪᠤᠩ ᠤᠨ ᠪᠤᠰᠤᠯᠭ᠎ᠠ ᠪᠤᠯ ᠡᠨᠡ ᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠬᠤ ᠴᠢᠰᠤᠨ ᠪᠠᠶᠢᠯᠳᠤᠭᠠᠨ ᠬᠢᠭᠰᠡᠨ ᠢᠷᠡᠭᠤ ᠠᠯᠳᠠᠷ ᠲᠡᠦᠬᠡ ᠲᠠᠢ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号