ᠮᠣᠩᠭᠤᠯ ᠬᠡᠯᠡ ᠦᠰᠦᠭ ᠪᠢᠴᠢᠭ — ᠫᠠᠭᠪᠠ ᠦᠰᠦᠭ
ᠨᠡᠶᠢᠲᠡᠯᠡᠭᠰᠡᠨ ᠴᠠᠭ᠄
2018-03-08
     ᠶᠤᠸᠠᠨ ᠱᠧᠽᠤ ᠬᠤᠪᠢᠯᠠᠢ ᠬᠠᠭᠠᠨ ᠤᠯᠤᠰ ᠤᠨ ᠪᠠᠭᠰᠢ ᠫᠠᠭᠪᠠ ᠳᠤ ᠵᠠᠷᠯᠢᠭ ᠪᠠᠭᠤᠯᠭᠠᠵᠤ ᠲᠦᠪᠳ ᠴᠠᠭᠠᠨ ᠲᠤᠯᠤᠭᠠᠢ ᠪᠠᠷ ᠰᠠᠭᠤᠷᠢ ᠪᠤᠯᠭᠠᠵᠤ ᠵᠤᠬᠢᠶᠠᠯᠭᠠᠭᠰᠠᠨ ᠠᠪᠢᠶᠠᠨ ᠤ ᠦᠰᠦᠭ᠃ ᠶᠤᠸᠠᠨ ᠤ ᠵᠢᠷᠭᠤᠳᠤᠭᠠᠷ ᠤᠨ ︵1269︶ ᠳᠤ ︽ᠤᠯᠤᠰ ᠤᠨ ᠦᠰᠦᠭ︾ ᠤᠨ ᠨᠡᠷ᠎ᠡ ᠪᠠᠷ ᠪᠦᠬᠦ ᠤᠯᠤᠰ ᠲᠤ ᠵᠠᠷᠯᠠᠨ ᠬᠡᠷᠡᠭᠯᠡᠭᠦᠯᠪᠡ᠃ ᠴᠠᠭᠠᠨ ᠲᠤᠯᠤᠭᠠᠢ ᠶᠢᠨ ᠦᠰᠦᠭ ᠤᠨ ᠤᠯᠠᠩᠬᠢ ᠨᠢ ᠲᠦᠪᠡᠳ ᠤᠨ ᠬᠢ ᠲᠠᠢ ᠠᠳᠠᠯᠢ᠂ ᠬᠡᠯᠪᠡᠷᠢ ᠨᠢ ᠲᠦᠷᠪᠡᠯᠵᠢᠨ ᠪᠤᠯᠬᠤᠷ ᠪᠠᠰᠠ ︽ᠲᠦᠷᠪᠡᠯᠵᠢᠨ ᠦᠰᠦᠭ︾ ᠭᠡᠳᠡᠭ᠃ ᠦᠶ᠎ᠡ ᠪᠠᠷ ᠨᠢᠭᠡᠴᠨ ᠪᠤᠯᠭᠠᠵᠤ ᠪᠢᠴᠢᠨ᠎ᠠ᠂ ᠲᠡᠭᠡᠷ᠎ᠡ ᠠᠴᠠ ᠲᠤᠷᠤᠭᠰᠢ ᠪᠤᠰᠤᠭᠠᠯᠵᠢᠨ ᠪᠢᠴᠢᠵᠤ᠂ ᠮᠦᠷ ᠢ ᠵᠡᠭᠦᠨ ᠠᠴᠠ ᠪᠠᠷᠠᠭᠤᠨᠰᠢ ᠲᠠᠷᠠᠭᠠᠯᠠᠭᠤᠯᠤᠨ᠎ᠠ᠃ ᠴᠠᠭᠠᠨ ᠲᠤᠯᠤᠭᠠᠢ ᠶᠢ ᠡᠭᠡᠰᠢᠭ ︵ᠬᠠᠭᠠᠰ ᠡᠭᠡᠰᠢᠭ ᠪᠠᠭᠳᠠᠨ᠎ᠠ︶ ᠭᠡᠶᠢᠭᠦᠯᠦᠭᠴᠢ ᠭᠡᠵᠤ ᠬᠤᠶᠠᠷ ᠬᠤᠪᠢᠶᠠᠨ᠎ᠠ᠃ ᠴᠠᠭᠠᠨ ᠲᠤᠯᠤᠭᠠᠢ ᠶᠢᠨ ᠦᠰᠦᠭ ᠨᠢᠭᠡ ᠪᠦᠷᠢ ᠨᠢ ᠠᠪᠢᠶᠠᠨ ᠤ ᠨᠢᠭᠡ ᠡᠯᠧᠮᠧᠨ᠋ᠲ ᠢ ᠲᠦᠯᠦᠭᠡᠯᠡᠳᠡᠭ᠃ ᠶᠤᠸᠠᠨ ᠤᠯᠤᠰ ᠤᠨ ᠨᠤᠶᠠᠷᠬᠠᠭᠴᠢᠳ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠫᠠᠭᠪᠠ ᠦᠰᠦᠭ ᠢ ᠲᠦᠭᠡᠮᠡᠯᠵᠢᠭᠦᠯᠬᠦ ᠶᠢᠨ ᠲᠦᠯᠦᠭᠡ ᠶᠡᠭᠡ ᠴᠢᠷᠮᠠᠶᠢᠭᠰᠠᠨ ᠪᠤᠯᠪᠠᠴᠤ ᠤᠯᠠᠨ ᠵᠦᠢᠯ ᠤᠨ ᠰᠢᠯᠳᠠᠭᠠᠨ ᠠᠴᠠ ᠪᠤᠯᠵᠤ᠂ ᠭᠤᠤᠯᠳᠠᠭᠤ ᠨᠤᠶᠠᠴᠤᠤᠯ ᠤᠨ ᠬᠦᠷᠢᠶ᠎ᠡ ᠬᠡᠪᠴᠢᠶᠡᠨ ᠳᠤ ᠯᠨ ᠬᠡᠷᠡᠭᠯᠡᠭᠳᠡᠭᠡᠳ ᠨᠡᠶᠢᠳᠡ ᠤᠯᠠᠨ ᠤ ᠲᠤᠮᠳᠠ ᠲᠦᠭᠡᠮᠡᠯᠵᠢᠵᠤ ᠴᠢᠳᠠᠭ᠎ᠠ ᠦᠭᠡᠢ᠂ ᠶᠤᠸᠠᠨ ᠤᠯᠤᠰ ᠤᠨ ᠮᠦᠬᠦᠬᠦ ᠶᠢ ᠲᠠᠭᠠᠯᠳᠤᠨ ᠠᠭᠠᠵᠢᠮ ᠢᠶᠠᠷ ᠬᠡᠷᠡᠭᠯᠡᠭᠳᠡᠬᠦ ᠪᠠᠨ ᠪᠤᠯᠢᠵᠤ ᠬᠠᠶᠠᠭᠳᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号