ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ ᠲᠤᠰᠢᠶᠠᠬᠤ ᠭᠡᠷᠡᠴᠢ ᠮᠠᠲ᠋ᠧᠷᠢᠶᠠᠯ
ᠨᠡᠶᠢᠲᠡᠯᠡᠭᠰᠡᠨ ᠴᠠᠭ᠄
2018-03-08
ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ ᠲᠤᠰᠢᠶᠠᠬᠤ ᠭᠡᠷᠡᠴᠢ ᠮᠠᠲ᠋ᠧᠷᠢᠶᠠᠯ᠄      ᠠᠷᠪᠠᠨ ᠨᠠᠢᠮᠠᠳᠤᠭᠠᠷ ᠵᠦᠢᠯ ᠠᠩᠬ᠎ᠠ ᠤᠳᠠᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠣᠴᠢᠯᠠᠬᠤ ᠳᠤ᠂ ᠭᠤᠶᠣᠴᠢᠯᠠᠯ ᠤᠨ ᠬᠥᠰᠥᠨᠥᠭᠲᠦ ᠲᠠᠭᠯᠠᠬᠤ ᠪᠥᠭᠡᠳ ᠳᠣᠣᠷᠠᠬᠢ ᠭᠡᠷᠡᠴᠢ ᠶᠢ ᠲᠤᠰᠢᠶᠠᠬᠤ ᠬᠡᠷᠡᠭᠲᠡᠢ᠄       ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ︔ ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ᠃ ᠵᠡᠮᠳᠡᠭᠴᠦᠳ ᠤᠨ ᠲᠤᠰᠬᠠᠢ ᠬᠡᠷᠡᠭᠯᠡᠬᠦ ᠵᠢᠵᠢᠭ ᠬᠡᠯᠪᠡᠷᠢ ᠶᠢᠨ ᠠᠦᠲ᠋ᠤ᠋ ᠠᠷᠠᠭ᠎ᠠ ᠲᠠᠢ ᠠᠶᠠᠨᠴᠢᠳ ᠠᠴᠢᠬᠤ ᠮᠠᠰᠢᠨ ᠳᠤ ᠬᠠᠷᠢᠶᠠᠯᠠᠭᠳᠠᠪᠠᠯ᠂ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠣᠭᠲᠠᠭᠠᠭᠰᠠᠨ ᠲᠤᠰᠬᠠᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠶᠢ ᠲᠤᠰᠢᠶᠠᠬᠤ ᠬᠡᠷᠡᠭᠲᠡᠢ᠃ ᠠᠷᠪᠠᠨ ᠶᠢᠰᠤᠳᠤᠭᠡᠷ ᠵᠦᠢᠯ ᠵᠢᠯᠤᠭᠤᠳᠬᠤ ᠶᠢ ᠵᠦᠪᠰᠢᠶᠡᠷᠡᠬᠦ ᠲᠡᠷᠭᠡᠨ ᠤ ᠬᠡᠯᠪᠡᠷᠢ ᠨᠡᠮᠡᠬᠦ ᠶᠢ ᠭᠤᠶᠣᠴᠢᠯᠠᠬᠤ  ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠠᠴᠠ ᠭᠠᠳᠠᠨ᠎ᠠ᠂ ᠠᠷᠪᠠᠨ ᠨᠠᠢᠮᠠᠳᠤᠭᠠᠷ ᠵᠦᠢᠯ ᠳᠤ ᠲᠣᠭᠲᠠᠭᠠᠭᠰᠠᠨ ᠭᠡᠷᠡᠴᠢ ᠶᠢ ᠲᠤᠰᠢᠶᠠᠬᠤ ᠠᠴᠠ ᠭᠠᠳᠠᠨ᠎ᠠ᠂ ᠠᠪᠴᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠢᠶᠠᠨ ᠲᠤᠰᠢᠶᠠᠬᠤ ᠬᠡᠷᠡᠭᠲᠡᠢ᠃      ᠬᠤᠷᠢᠳᠤᠭᠠᠷ ᠵᠦᠢᠯ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠵᠢᠯᠤᠭᠤᠳᠬᠤ ᠦᠨᠡᠮᠯᠡᠯ ᠲᠠᠢ ᠬᠥᠮᠦᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄       ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠰᠢᠯᠵᠢᠭᠰᠡᠳ᠂ ᠴᠡᠷᠢᠭ ᠠᠴᠠ ᠪᠠᠭᠤᠭᠰᠠᠳ ᠲᠤ ᠬᠠᠷᠢᠶᠠᠯᠠᠭᠳᠠᠪᠠᠯ᠂ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠨᠠᠨ ᠲᠠᠷᠬᠠᠭᠠᠭᠰᠠᠨ ᠴᠡᠷᠢᠭ ᠠᠴᠠ ᠬᠠᠯᠠᠭᠳᠠᠭᠰᠠᠨ᠂ ᠴᠡᠷᠢᠭ ᠠᠴᠠ ᠰᠢᠯᠵᠢᠭᠰᠡᠨ᠂ ᠴᠡᠷᠢᠭ ᠠᠴᠠ ᠪᠠᠭᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃       ︵ᠬᠤᠶᠠᠷ︶ ᠰᠢᠶᠠᠨ ᠤ ᠱᠠᠲᠤ ᠪᠣᠶᠤ ᠴᠡᠷᠢᠭ ᠠᠩᠭᠢ ᠶᠢᠨ ᠬᠤᠷᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ︔       ︵ᠭᠤᠷᠪᠡ︶ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ᠃      ᠬᠤᠷᠢᠨ ᠨᠢᠭᠡᠳᠦᠭᠡᠷ ᠵᠦᠢᠯ ᠬᠢᠯᠢ ᠶᠢᠨ ᠭᠠᠳᠠᠨᠠᠬᠢ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠪᠠᠶᠢᠬᠤ ᠬᠥᠮᠦᠨ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ ᠭᠤᠶᠤᠴᠢᠯᠠᠬᠤ ᠳᠤ᠂ ᠭᠤᠶᠤᠴᠢᠯᠠᠯ ᠤᠨ ᠬᠥᠰᠥᠨᠥᠭᠲᠦ ᠲᠠᠭᠯᠠᠬᠤ ᠶᠢᠨ ᠬᠠᠮᠲᠤ ᠳᠤᠤᠷᠠᠬᠢ ᠭᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄      ︵ᠨᠢᠭᠡ︶ ᠭᠤᠶᠤᠴᠢᠯᠠᠭᠴᠢ ᠶᠢᠨ ᠪᠡᠶ᠎ᠡ ᠶᠢᠨ ᠭᠡᠷᠡᠴᠢ ᠪᠠᠶᠢᠬᠤ︔      ︵ᠬᠤᠶᠠᠷ︶ ᠰᠢᠶᠠᠨ ᠤ ᠱᠠᠲᠤ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠭᠠᠷᠭᠠᠵᠤ ᠥᠭᠭᠦᠭᠰᠡᠨ ᠬᠤᠯᠪᠤᠭᠳᠠᠯ ᠪᠥᠬᠦᠢ ᠪᠡᠶ᠎ᠡ ᠶᠢᠨ ᠨᠥᠬᠦᠴᠡᠯ ᠤᠨ ᠭᠡᠷᠡᠴᠢ ᠪᠠᠶᠢᠬᠤ᠃ ᠭᠠᠳᠠᠭᠠᠳᠤ ᠤᠯᠤᠰ ᠤᠨ ᠳᠤᠮᠳᠠᠲᠤ ᠳᠤ ᠰᠠᠭᠤᠭ᠎ᠠ ᠡᠯᠴᠢᠨ ᠰᠠᠶᠢᠳ ᠤᠨ ᠭᠠᠵᠠᠷ᠂ ᠺᠤᠨᠰᠦ᠋ᠯ ᠤᠨ ᠭᠠᠵᠠᠷ ᠤᠨ ᠠᠵᠢᠯᠲᠠᠨ ᠪᠣᠯᠣᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠲᠤ ᠳᠤ ᠰᠠᠭᠤᠭ᠎ᠠ ᠲᠥᠯᠦᠭᠡᠯᠡᠬᠦ ᠪᠠᠶᠢᠭᠤᠯᠤᠮᠵᠢ ᠶᠢᠨ ᠠᠵᠢᠯᠲᠠᠨ ᠭᠤᠶᠤᠴᠢᠯᠠᠭᠰᠠᠨ ᠳᠤ ᠬᠠᠷᠢᠶᠠᠯᠠᠭᠳᠠᠪᠠᠯ᠂ ᠭᠠᠳᠠᠭᠠᠳᠤ ᠬᠠᠷᠢᠯᠴᠠᠭᠠᠨ ᠤ ᠡᠷᠬᠡ ᠲᠡᠭᠰᠢ ᠵᠠᠷᠴᠢᠮ ᠶᠣᠰᠤᠭᠠᠷ ᠭᠦᠢᠴᠡᠳᠬᠡᠨ᠎ᠡ︔      ︵ᠭᠤᠷᠪᠡ︶ ᠭᠠᠷᠳᠠᠵᠤ ᠪᠠᠶᠢᠭ᠎ᠠ ᠮᠠᠰᠢᠨ ᠲᠡᠷᠭᠡ ᠶᠢᠨ ᠵᠢᠯᠣᠭᠤᠴᠢ ᠶᠢᠨ ᠦᠨᠡᠮᠯᠡᠯ᠃ ᠬᠢᠲᠠᠳ ᠪᠢᠴᠢᠭ ᠤᠨ ᠪᠣᠰᠤ ᠲᠣᠭᠠᠴᠢᠭᠰᠠᠨ ᠳᠤ ᠬᠠᠷᠢᠶᠠᠯᠠᠭᠳᠠᠪᠠᠯ᠂ ᠬᠢᠲᠠᠳ ᠪᠢᠴᠢᠭ ᠤᠨ ᠣᠷᠴᠢᠭᠤᠯᠭ᠎ᠠ ᠶᠢᠨ ᠪᠢᠴᠢᠭ ᠮᠠᠲ᠋ᠧᠷᠢᠶᠠᠯ ᠭᠠᠷᠭᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号