ᠦᠵᠡᠰᠭᠦᠯᠡᠩᠲᠦ ᠰᠠᠶᠢᠬᠠᠨ ᠬᠥᠬᠡᠬᠤᠲᠠ ᠨᠢ ᠮᠤᠨᠢ ᠠᠭᠤᠯᠠ ᠶᠢ ᠲᠦᠰᠢᠵᠦ᠂ ᠬᠠᠲᠤᠨ ᠭᠤᠤᠯ ᠢ ᠢᠰᠭᠦᠯᠵᠦ᠂ ᠲᠦᠮᠡᠳ ᠤᠨ ᠲᠠᠯ᠎ᠠ ᠨᠤᠲᠤᠭ ᠲᠤ | ᠡᠪᠦᠷᠯᠡᠭᠳᠡᠵᠦ᠂ ᠠᠵᠢᠯᠴᠢ ᠬᠦᠳᠡᠯᠮᠦᠷᠢᠴᠢ ᠡᠷᠡᠯᠬᠡᠭ ᠪᠠᠭᠠᠲᠤᠷᠯᠢᠭ ᠤᠮᠠᠷᠠᠲᠤ ᠶᠢᠨ ᠡᠯ᠎ᠡ ᠦᠨᠳᠦᠰᠦᠲᠡᠨ ᠠᠳᠡ ᠠᠵᠤ ᠲᠦᠷᠦᠨ ᠠᠮᠢᠳᠤᠷᠠᠵᠤ᠂ ᠭᠡᠷᠡᠯ | ᠰᠠᠴᠤᠷᠠᠩᠭᠤᠢ ᠰᠣᠶᠤᠯ ᠪᠣᠯᠪᠠᠰᠤᠨ ᠢ ᠡᠭᠦᠳᠴᠡᠢ᠃ ᠬᠥᠬᠡᠬᠤᠲᠠ ᠨᠢ ᠡᠷᠲᠡ ᠳᠡᠭᠡᠳᠦ ᠠᠴᠠ ᠣᠳᠤ ᠬᠦᠷᠲᠡᠯ᠎ᠡ ᠬᠤᠸᠠᠰᠢᠶᠠ ᠶᠢᠨ ᠡᠯ᠎ᠡ ᠦᠨᠳᠦᠰᠦᠲᠡᠨ ᠳᠤ | ᠬᠤᠪᠢ ᠨᠡᠮᠡᠭᠦᠷᠢ ᠪᠠᠨ ᠦᠵᠡᠭᠦᠯᠡᠭᠰᠡᠭᠡᠷ ᠢᠷᠡᠭᠰᠡᠨ ᠶᠤᠮ᠃ ᠦᠨᠦ ᠶᠢᠨ ᠬᠥᠬᠡᠬᠤᠲᠠ ᠨᠢ ᠨᠡᠶᠢᠰᠯᠡᠯ ᠪᠡᠭᠡᠵᠢᠩ ᠠᠴᠠ 470ᠺᠢᠯᠤᠮᠧᠲᠷ ᠵᠠᠶᠢᠲᠠᠢ᠂ ᠬᠢᠯᠢ ᠶᠢᠨ | ᠬᠤᠲᠠ ᠡᠷᠢᠶᠡᠨ ᠠᠴᠠ 490 ᠺᠢᠯᠤᠮᠧᠲᠷ ᠵᠠᠶᠢᠲᠠᠢ ᠪᠠᠶᠢᠵᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠲᠦᠪ ᠮᠥᠷᠲᠡᠭᠡᠨ ᠤᠯᠤᠰ ᠲᠦᠷᠦ᠂ | ᠠᠵᠤ ᠠᠬᠤᠢ᠂ ᠰᠣᠶᠤᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠦᠮᠦᠵᠢᠯ ᠬᠢᠭᠡᠳ ᠮᠥᠩᠭᠦᠨ ᠬᠦᠢᠯᠭᠡᠭᠡᠨ ᠤ ᠲᠦᠪ ᠶᠤᠮ᠃ ᠰᠢᠨ᠎ᠡ | ᠬᠤᠲᠠ ᠶᠢᠨ ᠲᠣᠭᠤᠷᠢᠭ᠂ ᠬᠤᠲᠤᠩ ᠦᠨᠳᠦᠰᠦᠲᠡᠨ ᠤ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠭᠡᠵᠦ ᠳᠦᠷᠪᠡᠨ ᠬᠤᠲᠠ ᠶᠢᠨ | ᠲᠣᠭᠤᠷᠢᠭ ᠪᠠ ᠲᠦᠮᠡᠳ ᠵᠡᠭᠦᠨ ᠬᠤᠰᠢᠭᠤ᠂ ᠲᠤᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠵᠡᠷᠭᠡ ᠲᠠᠪᠤᠨ | ᠬᠤᠰᠢᠭᠤ ᠰᠢᠶᠠᠨ ᠵᠢᠴᠢ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠤᠨ ᠲᠠᠢ᠃ ᠪᠦᠬᠦ ᠬᠤᠲᠠ ᠶᠢᠨ ᠶᠡᠷᠦᠩᠬᠡᠢ ᠲᠠᠯᠠᠪᠠᠢ ᠨᠢ | 17186.1 ᠳᠦᠷᠪᠡᠯᠵᠢᠨ ᠺᠢᠯᠤᠮᠧᠲᠷ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢ ᠦᠨᠳᠦᠰᠦᠯᠡᠪᠡᠯ᠂ | 2020 ᠣᠨ 11 ᠳ᠋ᠦ᠋ᠭᠡᠷ ᠰᠠᠷ᠎ᠠ ᠶᠢᠨ 1 ᠤ ᠡᠳᠦᠷ ᠪᠣᠯᠲᠠᠯ᠎ᠠ ᠪᠠᠶᠢᠩᠭᠤ ᠰᠠᠭᠤᠭ᠎ᠠ ᠬᠦᠮᠦᠨ ᠠᠮᠠ ᠨᠢ 344.61 ᠲᠦᠮᠡ ᠬᠦᠷᠴᠦ ᠮᠣᠩᠭᠤᠯ | ᠦᠨᠳᠦᠰᠦᠲᠡᠨ᠂ ᠬᠢᠲᠠᠳ ᠦᠨᠳᠦᠰᠦᠳ᠋ᠨ᠂ ᠮᠠᠨᠵᠤ ᠦᠨᠳᠦᠰᠦᠲᠡᠨ᠂ ᠬᠤᠲᠤᠩ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ ᠵᠡᠷᠭᠡ | 41 ᠦᠨᠳᠦᠰᠦᠲᠡᠨ ᠲᠦᠪᠯᠡᠷᠡᠨ ᠰᠠᠭᠤᠭᠰᠠᠨ ᠬᠢᠯᠢ ᠳᠠᠭᠠᠤ ᠨᠡᠭᠡᠭᠡᠯᠲᠡ ᠶᠢᠨ ᠬᠤᠲᠠ ᠶᠤᠮ᠃ ᠮᠦᠨ ᠴᠤ ᠦᠨᠳᠦᠰᠦᠲᠡᠨ ᠤ ᠣᠨᠴᠠᠯᠢᠭ ᠢᠶᠠᠷ ᠵᠤᠵᠠᠭᠠᠨ | ᠪᠣᠭᠤᠮᠲᠠ ᠶᠢᠨ ᠭᠠᠳᠠᠨᠠᠬᠢ ᠲᠡᠦᠬᠡ ᠰᠣᠶᠤᠯ ᠤᠨ ᠨᠡᠷᠡᠲᠦ ᠬᠤᠲᠠ ᠶᠤᠮ᠃ | ᠬᠥᠬᠡᠬᠤᠲᠠ ᠨᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠳᠤᠮᠳᠠ ᠬᠡᠰᠡᠭ ᠲᠤ ᠪᠠᠶᠢᠷᠢᠰᠢᠯᠠᠵᠤ᠂ ᠵᠡᠭᠦᠨ ᠤᠷᠲᠤᠷᠢᠭ ᠤᠨ 110| | 112᠂ ᠤᠮᠠᠷᠠᠲᠤ ᠦᠷᠭᠡᠷᠢᠭ ᠤᠨ 40| 41 ᠳᠤ ᠣᠷᠤᠰᠢᠵᠤ ᠪᠤᠢ᠃ 1949 ᠣᠨ ᠳᠤ ᠰᠦᠢᠶᠦᠸᠠᠨ ᠮᠣᠵᠢ ᠶᠢ ᠨᠠᠶᠢᠷᠠᠮᠳᠠᠯ ᠢᠶᠠᠷ ᠴᠢᠯᠦᠭᠡᠯᠡᠪᠡ᠃ 12 | ᠰᠠᠷ᠎ᠠ ᠶᠢᠨ 9 ᠳᠤ ᠰᠦᠢᠶᠦᠸᠠᠨ ᠮᠣᠵᠢ ᠶᠢᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠦᠢ ᠰᠦᠢ ᠬᠤᠲᠠ ᠳᠠᠬᠢ ᠠᠵᠢᠯᠯᠠᠬᠤ ᠪᠦᠯᠬᠦᠮ ᠨᠢ ᠭᠦᠢ ᠰᠦᠢ ᠳᠤ | ᠣᠷᠤᠵᠤ ᠢᠷᠡᠪᠡ᠃ 1954 ᠣᠨ ᠤ 4 ᠠᠷᠠ ᠶᠢᠨ 25 ᠤ ᠡᠳᠦᠷ ᠠᠴᠠ ᠭᠦᠢ ᠰᠦᠢ ᠬᠤᠲᠠ ᠶᠢ ᠬᠥᠬᠡᠬᠤᠲᠠ ᠭᠡᠵᠦ ᠨᠡᠷᠡᠯᠡᠪᠡ᠃ 1960 ᠣᠨ ᠠᠴᠠ | ᠡᠮᠦᠨ᠎ᠡ ᠬᠥᠬᠡᠬᠤᠲᠠ ᠳᠤ ᠰᠢᠨ᠎ᠠ ᠬᠤᠲᠠ ᠶᠢᠨ ᠲᠣᠭᠤᠷᠢᠭ᠂ ᠬᠤᠲᠤᠩ ᠦᠨᠳᠦᠰᠦᠲᠡᠨ ᠤ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ | ᠭᠡᠵᠦ ᠳᠥᠷᠪᠡᠨ ᠬᠠᠷᠢᠶᠠᠲᠤ ᠲᠣᠭᠤᠷᠢᠭ ᠲᠠᠢ ᠪᠠᠶᠢᠵᠠᠢ᠃ 1960 ᠣᠨ ᠳᠤ ᠤᠤᠯ ᠤᠨ ᠤᠯᠠᠭᠠᠨᠴᠠᠪ ᠠᠶᠢᠮᠠᠭ ᠤᠨ ᠲᠦᠮᠡᠳ ᠬᠤᠰᠢᠭᠤ ᠶᠢ ᠬᠤᠪᠢᠶᠠᠷᠢᠯᠠᠨ | ᠦᠭᠴᠦ ᠬᠥᠬᠡᠬᠤᠲᠠ ᠵᠠᠬᠢᠷᠤᠨ ᠬᠠᠮᠢᠶᠠᠷᠪᠠ᠃ 1971 ᠣᠨ ᠳᠤ ᠤᠤᠯ ᠤᠨ ᠤᠯᠠᠭᠠᠨᠴᠠᠪ ᠠᠶᠢᠮᠠᠭ ᠤᠨ ᠲᠤᠭᠲᠠᠬᠤ ᠰᠢᠶᠠᠨ ᠢ ᠬᠤᠪᠢᠶᠠᠷᠢᠯᠠᠨ ᠦᠭᠴᠦ | ᠬᠥᠬᠡᠬᠤᠲᠠ ᠵᠠᠬᠢᠷᠤᠨ ᠬᠠᠮᠢᠶᠠᠷᠪᠠ᠃ 1995 ᠣᠨ ᠤ 11 ᠰᠠᠷ᠎ᠠ ᠶᠢᠨ 21 ᠤ ᠡᠳᠦᠷ ᠤᠯᠤᠰ ᠤᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢ ᠳᠠᠮᠵᠢᠨ | ᠤᠯᠠᠭᠠᠨᠴᠠᠪ ᠠᠶᠢᠮᠠᠭ ᠤᠨ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠢ ᠬᠤᠪᠢᠶᠠᠷᠢᠯᠠᠨ ᠦᠭᠴᠦ ᠬᠥᠬᠡᠬᠤᠲᠠ ᠵᠠᠬᠢᠷᠤᠨ ᠬᠠᠮᠢᠶᠠᠷᠪᠠ᠃ 1996 ᠣᠨ ᠤ | 5 ᠰᠠᠷ᠎ᠠ ᠶᠢᠨ 18 ᠤ ᠡᠳᠦᠷ ᠤᠯᠤᠰ ᠤᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠤᠯᠠᠭᠠᠨᠴᠠᠪ ᠠᠶᠢᠮᠠᠭ ᠤᠨ ᠦᠴᠦᠸᠠᠨ ᠰᠢᠶᠠᠨ ᠢ ᠬᠤᠪᠢᠶᠠᠷᠢᠯᠠᠨ | ᠦᠭᠴᠦ ᠵᠠᠬᠢᠷᠤᠨ ᠬᠠᠮᠢᠶᠠᠷᠪᠠ᠃ ᠬᠥᠬᠡᠬᠤᠲᠠ ᠳᠤ ᠣᠳᠤ ᠪᠠᠶᠢᠭ᠎ᠠ ᠵᠠᠰᠠᠭ ᠵᠠᠬᠢᠷᠭ᠎ᠠ ᠨᠡᠶᠢᠲᠡ 9 ᠬᠤᠰᠢᠭᠤ ᠰᠢᠶᠠᠨ ᠲᠣᠭᠤᠷᠢᠭ᠂ 31 ᠵᠡᠭᠡᠯᠢ | ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ 45ᠰᠢᠶᠠᠩ ᠪᠠᠯᠭᠠᠰᠤ᠂ 323 ᠰᠠᠭᠤᠭᠠᠯᠢ ᠠᠷᠠᠳ ᠤᠨ ᠵᠦᠪᠯᠡᠯ ᠬᠢᠭᠡᠳ 965 ᠲᠤᠰᠬᠤᠨ ᠤ ᠵᠦᠪᠯᠡᠯ ᠢ | ᠬᠠᠮᠢᠶᠠᠷᠴᠤ ᠪᠤᠢ᠃ ᠨᠤᠲᠤᠭ ᠳᠡᠪᠢᠰᠭᠡᠷ ᠤᠨ ᠲᠠᠯᠠᠪᠠᠢ ᠨᠢ 17186.1 ᠳᠥᠷᠪᠡᠯᠵᠢᠨ ᠺᠢᠯᠦᠮᠧᠲᠷ᠃ ᠬᠥᠬᠡᠬᠤᠲᠠ ᠪᠤᠯ ᠥᠪᠦᠷ ᠮᠣᠩᠭᠤᠯ ᠤᠨ ᠥᠪᠡᠷᠲᠡᠭᠡᠨ | ᠵᠠᠰᠠᠬᠤ ᠣᠷᠤᠨ ᠤ ᠲᠦᠪ᠂ ᠮᠥᠨ ᠴᠤ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠤᠯ ᠤᠨ ᠲᠦᠪ ᠶᠤᠮ᠃ ᠬᠤᠶᠢᠲᠤ ᠬᠡᠰᠡᠭ ᠲᠤ | ᠳᠠᠯᠠᠨ ᠬᠠᠷ᠎ᠠ ᠠᠭᠤᠯᠠ ᠪᠠ ᠵᠡᠭᠦᠨ ᠡᠮᠦᠨᠡᠲᠦ ᠬᠡᠰᠡᠭ ᠲᠤ ᠮᠠᠨ ᠬᠠᠨ ᠱᠠᠨ ᠠᠭᠤᠯᠠ ᠪᠠᠶᠢᠵᠤ᠂ ᠡᠮᠦᠨᠡᠲᠦ ᠬᠢᠭᠡᠳ ᠪᠠᠷᠠᠭᠤᠨ ᠡᠮᠦᠨᠡᠲᠦ ᠬᠡᠰᠡᠭ ᠨᠢ | ᠲᠦᠮᠡᠳ ᠤᠨ ᠲᠠᠯ᠎ᠠ ᠭᠠᠵᠠᠷ᠂ ᠵᠡᠭᠦᠨ ᠬᠤᠶᠢᠲᠤ ᠠᠴᠠ ᠪᠠᠷᠠᠭᠤᠨ ᠡᠮᠦᠨᠡᠰᠢ ᠲᠡᠶᠢᠰᠢ ᠠᠭᠠᠵᠢᠮ ᠢᠶᠠᠷ ᠬᠡᠯᠪᠠᠶᠢᠭ᠍ᠰᠡᠨ ᠪᠠᠶᠢᠳᠠᠯ ᠲᠠᠢ ᠭᠠᠵᠠᠷ ᠤᠨ ᠪᠠᠶᠢᠴᠠ ᠲᠠᠢ᠃ | ᠳᠠᠯᠠᠢ ᠶᠢᠨ ᠲᠦᠪᠰᠢᠨ ᠠᠴᠠ ᠬᠠᠮᠤᠭ ᠦᠨᠳᠦᠷ ᠭᠠᠵᠠᠷ ᠨᠢ ᠳᠠᠯᠠᠨ ᠬᠠᠷ᠎ᠠ ᠠᠭᠤᠯᠠ ᠶᠢᠨ ᠯᠡᠦᠸᠠᠨ ᠳ᠋ᠢᠶᠠᠨ ᠤ ᠣᠷᠤᠢ ᠶᠢᠨ ᠬᠡᠰᠡᠭ 2280 ᠮᠧᠲᠷ | ᠡᠷᠭᠦᠭᠳᠡᠵᠦ᠂ ᠬᠠᠮᠤᠭ ᠳᠤᠤᠷ᠎ᠠ ᠭᠠᠵᠠᠷ ᠨᠢ ᠲᠤᠭᠲᠠᠬᠤ ᠰᠢᠶᠠᠨ ᠵᠦᠩ ᠲᠠᠨ ᠰᠢᠶᠠᠩ 986 ᠮᠧᠲᠷ ᠡᠷᠭᠦᠭᠳᠡᠵᠦ᠂ ᠬᠤᠲᠠ ᠲᠣᠭᠤᠷᠢᠭ ᠨᠢ 1040 ᠮᠧᠲᠷ | ᠡᠷᠭᠦᠭᠳᠡᠵᠦ ᠪᠤᠢ᠃ ᠳᠠᠯᠠᠨ ᠬᠠᠷ᠎ᠠ ᠠᠭᠤᠯᠠ ᠨᠢ ᠮᠤᠨᠠ ᠠᠭᠤᠯᠠ ᠨᠢᠷᠤᠭᠤ ᠶᠢᠨ ᠳᠤᠮᠳᠠ ᠬᠡᠰᠡᠭ ᠢᠶᠠᠷ ᠣᠷᠤᠰᠢᠵᠤ᠂ ᠮᠠᠰᠢ ᠠᠷᠪᠢᠨ ᠭᠤᠯᠳᠤ ᠠᠭᠤᠯᠠ ᠨᠢᠷᠤᠭᠤ | ᠣᠷᠭᠢᠯ ᠪᠤᠢ ᠪᠣᠯᠤᠭᠰᠠᠨ ᠶᠤᠮ᠃ ᠪᠠᠷᠠᠭᠤᠨ ᠠᠴᠠ ᠵᠡᠭᠦᠨᠰᠢ ᠵᠢᠦ ᠹᠧᠩ ᠱᠠᠨ᠂ ᠶᠢᠨ ᠮᠢ ᠳ᠋ᠢᠶᠠᠨ ᠱᠠᠨ᠂ ᠫᠠᠨ ᠯᠦᠩ ᠱᠠᠨ᠂ ᠬᠤ᠋ ᠲᠧᠦ ᠱᠠᠨ ᠵᠡᠷᠭᠡ ᠣᠷᠭᠢᠯ | ᠪᠤᠢ᠃ ᠵᠡᠭᠦᠨ ᠡᠮᠦᠨᠡᠲᠦ ᠬᠡᠰᠡᠭ ᠪᠤᠯ ᠮᠠᠨ ᠬᠠᠨ ᠱᠠᠨ ᠠᠭᠤᠯᠠ ᠪᠣᠯᠤᠨ᠎ᠠ᠃ ᠬᠥᠬᠡᠬᠤᠲᠠ ᠪᠤᠯ ᠳᠤᠮᠳᠠ ᠰᠡᠷᠢᠭᠦᠨ ᠪᠦᠰᠡᠨ ᠤ ᠡᠬᠡ ᠭᠠᠵᠠᠷ ᠤᠨ ᠴᠢᠨᠠᠷᠲᠠᠢ | ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠨᠢ ᠢᠯᠡᠷᠬᠡᠢ᠂ ᠲᠤᠩ ᠶᠡᠭᠡ | ᠵᠦᠷᠢᠶ᠎ᠡ ᠲᠠᠢ ᠪᠠᠶᠢᠵᠤ᠂ ᠡᠪᠦᠯ ᠤᠨ ᠤᠯᠠᠷᠢᠯ ᠨᠢ ᠤᠷᠲᠤ ᠮᠥᠷᠲᠡᠭᠡᠨ ᠲᠡᠰᠭᠢᠮ᠎ᠡ ᠬᠦᠢᠲᠡᠨ᠂ ᠵᠤᠨ ᠤ ᠤᠯᠠᠷᠢᠯ ᠨᠢ ᠣᠬᠤᠷ ᠮᠥᠷᠲᠡᠭᠡᠨ ᠠᠭᠠᠬᠢᠮ᠎ᠠ ᠬᠠᠯᠠᠭᠤᠨ᠂ | ᠬᠠᠪᠤᠷ ᠨᠠᠮᠤᠷ ᠤᠨ ᠬᠤᠶᠠᠷ ᠤᠯᠠᠷᠢᠯ ᠤᠨ ᠠᠭᠤᠷ ᠠᠮᠢᠰᠬᠤᠯ ᠤᠨ ᠬᠤᠪᠢᠷᠠᠯᠲᠠ ᠨᠢ ᠬᠤᠷᠴᠠ ᠰᠢᠷᠦᠭᠦᠨ ᠶᠤᠮ᠃ | ᠬᠥᠬᠡᠬᠤᠲᠠ ᠨᠢ 2300 ᠭᠠᠷᠤᠢ ᠵᠢᠯ ᠤᠨ ᠲᠡᠦᠬᠡ ᠲᠠᠢ ᠶᠤᠮ᠃ 1986 ᠣᠨ ᠳᠤ ᠤᠯᠤᠰ ᠤᠨ ᠶᠠᠪᠤᠳᠠᠯ ᠤᠨ ᠬᠤᠷᠢᠶ᠎ᠠ ᠠᠴᠠ ᠬᠥᠬᠡᠬᠤᠲᠠ ᠶᠢ | ᠵᠢᠩᠬᠢᠨᠢ ᠪᠠᠷ ᠲᠡᠦᠬᠡ ᠰᠣᠶᠤᠯ ᠤᠨ ᠨᠡᠷᠡᠲᠦ ᠬᠤᠲᠠ ᠪᠠᠷ ᠨᠡᠷᠡᠯᠡᠵᠡᠢ᠃ ᠬᠥᠬᠡᠬᠤᠲᠠ ᠶᠢᠨ ᠡᠯ᠎ᠡ ᠦᠨᠳᠦᠰᠦᠲᠡᠨ ᠨᠢ ᠦᠶ᠎ᠡ ᠶᠢᠨ ᠦᠶ᠎ᠡ ᠳᠡᠭᠡᠨ ᠳᠠᠯᠠᠨ ᠬᠠᠷ᠎ᠠ | ᠠᠭᠤᠯᠠ ᠶᠢᠨ ᠬᠤᠷᠮᠤᠢ᠂ ᠬᠠᠲᠤᠨ ᠭᠤᠤᠯ ᠤᠨ ᠡᠷᠭᠢ ᠳᠠᠭᠠᠤ ᠦᠩ ᠰᠢᠮᠡᠯᠢᠭ ᠨᠤᠲᠤᠭ ᠳᠡᠪᠢᠰᠭᠡᠷ ᠳᠡᠭᠡᠷ᠎ᠡ ᠠᠵᠤ ᠲᠦᠷᠦᠨ ᠠᠮᠢᠳᠤᠷᠠᠵᠤ᠃ ᠬᠠᠮᠲᠤ ᠪᠠᠷ | ᠭᠡᠷᠡᠯ ᠰᠠᠴᠤᠷᠠᠩᠭᠤᠢ ᠪᠣᠯᠪᠠᠰᠤᠨ ᠢ ᠡᠭᠦᠳᠴᠡᠢ᠃ ᠠᠳᠡ ᠪᠤᠯ ᠳᠤᠮᠳᠠᠳᠤ ᠶᠢᠨ ᠦᠨᠳᠦᠰᠦᠲᠡᠨ ᠤ ᠮᠡᠨᠳᠦᠯᠡᠭᠰᠡᠨ ᠭᠠᠵᠠᠷ ᠤᠨ ᠨᠢᠭᠡ ᠨᠢ ᠪᠣᠯᠤᠨ᠎ᠠ᠃ ᠳᠤᠮᠳᠠᠳᠤ | ᠣᠷᠤᠨ ᠤ ᠬᠢᠲᠠᠳ ᠦᠨᠳᠦᠰᠦᠲᠡᠨ ᠬᠢᠭᠡᠳ ᠤᠮᠠᠷᠠᠲᠤ ᠶᠢᠨ ᠴᠥᠬᠡᠨ ᠲᠣᠭᠠᠲᠤ ᠦᠨᠳᠦᠰᠦᠲᠡᠨ ᠤ ᠰᠣᠶᠤᠯ ᠤᠨ ᠨᠡᠶᠢᠯᠡᠯᠲᠡ ᠶᠢᠨ ᠴᠢᠭ᠂ ᠡᠯ᠎ᠡ | ᠦᠨᠳᠦᠰᠦᠲᠡᠨ ᠤ ᠠᠷᠠᠳ ᠲᠦᠮᠡᠨ ᠬᠠᠷᠢᠯᠴᠠᠨ ᠬᠦᠨᠳᠦᠳᠭᠡᠵᠦ ᠬᠠᠷᠢᠯᠴᠠᠨ ᠬᠠᠶᠢᠷᠠᠯᠠᠬᠤ᠂ᠡᠶ᠎ᠡ ᠵᠣᠬᠢᠴᠠᠯ ᠲᠠᠢ ᠪᠠᠷ ᠵᠡᠷᠭᠡᠴᠠᠨ ᠣᠷᠤᠰᠢᠬᠤ ᠪᠦᠯᠬᠦᠮᠳᠡᠯ ᠤᠨ | ᠮᠠᠭᠲᠠᠭᠠᠯ ᠳᠠᠭᠤᠤ ᠪᠠᠨ ᠤᠯᠠᠮᠵᠢᠯᠠᠨ ᠳᠠᠭᠤᠯᠠᠭᠰᠠᠭᠠᠷ ᠁ ᠳ᠋ᠠ ᠶᠤᠤ ᠰᠣᠶᠤᠯ ᠤᠨ ᠡᠷᠲᠡᠨ ᠤ ᠦᠯᠡᠳᠡᠭᠳᠡᠯ᠂ ᠴᠠᠭᠠᠨ ᠬᠡᠷᠡᠮ ᠤᠨ ᠦᠯᠡᠳᠡᠭᠳᠡᠯ᠂ ᠶᠦᠨ | ᠵᠦᠩ ᠡᠷᠲᠡᠨ ᠤ ᠬᠤᠲᠠ᠂ ᠵᠤᠤ ᠵᠢᠶᠦᠨ ᠤ ᠣᠩᠭᠤᠨ᠂ ᠸᠠᠨ ᠪᠤᠤ ᠬᠤᠸᠠ ᠶᠠᠨ ᠵᠢᠩ ᠰᠤᠪᠤᠷᠭ᠎ᠠ᠂ ᠶᠡᠭᠡ ᠵᠤᠤ᠂ ᠰᠢᠷᠡᠭᠡᠲᠦ ᠵᠤᠤ᠂ ᠵᠠᠩᠵᠤᠨ ᠤ ᠶᠠᠮᠤᠨ᠂ | ᠬᠦᠩᠵᠦ ᠶᠢᠨ ᠣᠷᠳᠤᠨ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠨᠢ ᠣᠳᠤ ᠪᠣᠯᠲᠠᠯ᠎ᠠ ᠤᠯᠠ ᠮᠦᠷ ᠪᠠᠨ ᠬᠥᠬᠡᠬᠤᠲᠠ ᠳᠤ ᠭᠢᠯᠠᠯᠵᠠᠭᠤᠯᠤᠭᠰᠠᠭᠠᠷ ᠶᠤᠮ᠃ | ᠭᠦ᠋ ᠬᠤᠨ ᠲᠠᠨ ᠤᠨ ᠬᠡᠷᠡᠭ ᠬᠤᠪᠢᠰᠤᠯ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ᠂ ︽9· 19︾ ᠶᠢᠨ ᠡᠩᠬᠡ | ᠲᠠᠶᠢᠪᠤᠩ ᠤᠨ ᠪᠤᠰᠤᠯᠭ᠎ᠠ ᠪᠤᠯ ᠡᠨᠡ ᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ | ᠳᠤᠤᠷ᠎ᠠ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠬᠤ ᠴᠢᠰᠤᠨ ᠪᠠᠶᠢᠯᠳᠤᠭᠠᠨ ᠬᠢᠭᠰᠡᠨ ᠢᠷᠡᠭᠤ ᠠᠯᠳᠠᠷ ᠲᠡᠦᠬᠡ ᠲᠠᠢ᠃ | | |