ᠬᠦᠬᠡᠬᠤᠲᠠ 2018 ᠣᠨ ᠤ ᠬᠤᠣᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠣᠷᠣᠭᠴᠢ ᠶᠢᠨ ᠠᠮᠢᠳᠣᠷᠠᠯ ᠤᠨ ᠨᠥᠬᠦᠪᠦᠷᠢ ᠶᠢᠨ ᠪᠡᠯᠡ ᠮᠥᠩᠭᠦ 778 ᠲᠥᠮᠡᠨ ᠲᠥᠭᠦᠷᠢᠭ ᠢ ᠴᠠᠭ ᠲᠣᠬᠠᠢ ᠳᠤ ᠨᠢ ᠪᠠᠭᠤᠯᠭᠠᠪᠠ
ᠨᠡᠶᠢᠲᠡᠯᠡᠭᠰᠡᠨ ᠴᠠᠭ᠄
2018-03-09
     ᠰᠣᠷᠪᠣᠯᠵᠢᠯᠠᠭᠴᠢ ᠶᠢᠨ ᠣᠶᠢᠯᠭᠠᠭᠰᠠᠨ ᠢᠶᠠᠷ᠂ ᠦᠨᠳᠦᠰᠦᠲᠡᠨ ᠤ ᠰᠣᠷᠭᠠᠨ ᠬᠥᠮᠦᠵᠢᠯ ᠤᠨ ᠰᠣᠷᠣᠯᠭ᠎ᠠ ᠶᠢᠨ ᠲᠡᠳᠬᠦᠮᠵᠢ ᠶᠢᠨ ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ᠂ ᠬᠤᠯᠪᠣᠭᠳᠠᠯ ᠪᠦᠬᠦᠢ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ︐ ᠬᠦᠬᠡᠬᠤᠲᠠ 2018 ᠣᠨ ᠤ ᠬᠤᠣᠰ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠪᠠᠶᠢᠷᠢ ᠳᠤ ᠰᠠᠭᠤᠭ᠎ᠠ ᠰᠣᠷᠣᠭᠴᠢ ᠶᠢᠨ ᠠᠮᠢᠳᠣᠷᠠᠯ ᠤᠨ ᠨᠥᠬᠦᠪᠦᠷᠢ ᠶᠢᠨ ᠪᠡᠯᠡ ᠮᠥᠩᠭᠦ 778 ᠲᠥᠮᠡᠨ ᠲᠥᠭᠦᠷᠢᠭ ᠢ ᠴᠠᠭ ᠲᠣᠬᠠᠢ ᠳᠤ ᠨᠢ ᠪᠠᠭᠤᠯᠭᠠᠨ᠂ ᠨᠥᠬᠦᠪᠦᠷᠢ ᠶᠢᠨ ᠪᠠᠷᠢᠮᠵᠢᠶ᠎ᠠ ᠶᠢ ᠪᠠᠭ᠎ᠠ ᠰᠣᠷᠭᠠᠭᠤᠯᠢ ᠶᠢᠨ ᠰᠣᠷᠣᠭᠴᠢ ᠬᠦᠮᠦᠨ ᠪᠦᠷᠢ ᠵᠢᠯ ᠪᠣᠯᠭᠠᠨ 1350 ᠲᠥᠭᠦᠷᠢᠭ᠂ ᠠᠩᠬ᠎ᠠ ᠳᠣᠮᠳᠠ ᠶᠢᠨ ᠰᠣᠷᠣᠭᠴᠢ ᠳᠤ ᠬᠥᠮᠦᠨ ᠪᠦᠷᠢ ᠳᠤ ᠵᠢᠯ ᠪᠣᠯᠭᠠᠨ 1620 ᠲᠥᠭᠦᠷᠢᠭ᠂ ᠥᠨᠳᠦᠷ ᠳᠣᠮᠳᠠ ᠶᠢᠨ ᠰᠣᠷᠣᠭᠴᠢ ᠳᠤ ᠵᠢᠯ ᠪᠦᠷᠢ 1890 ᠲᠥᠭᠦᠷᠢᠭ ᠪᠣᠯᠣᠨ᠎ᠠ᠃      ᠨᠥᠬᠦᠪᠦᠷᠢ ᠶᠢᠨ ᠪᠡᠯᠡ ᠮᠥᠩᠭᠦ ᠶᠢ ᠪᠠᠭᠤᠯᠭᠠᠭᠰᠠᠨ ᠬᠤᠭᠤᠴᠠᠭᠠᠨ ᠳᠤ᠂ ᠬᠦᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠦᠴᠢᠷ᠂ ᠰᠣᠷᠭᠠᠨ ᠬᠥᠮᠦᠵᠢᠯ ᠤᠨ ᠰᠠᠯᠠᠭ᠎ᠠ ᠮᠦᠴᠢᠷ ᠪᠠ ᠬᠤᠯᠪᠣᠭᠳᠠᠯ ᠪᠥᠬᠦᠢ ᠰᠣᠷᠭᠠᠭᠤᠯᠢ ᠤᠨ ᠰᠣᠷᠣᠭᠴᠢ ᠶᠢᠨ ᠰᠣᠷᠭᠠᠭᠤᠯᠢ ᠶᠢᠨ ᠬᠠᠷᠢᠶ᠎ᠠ ᠶᠢᠨ ᠬᠠᠮᠢᠶᠠᠷᠣᠯᠲᠠ ᠶᠢ ᠴᠢᠩᠭᠠᠳᠬᠠᠬᠤ ᠶᠢ ᠱᠠᠭᠠᠷᠳᠠᠵᠣ᠂ ᠰᠣᠷᠣᠭᠴᠢ ᠶᠢᠨ ᠮᠡᠳᠡᠭᠡ ᠵᠠᠩᠭᠢ ᠶᠢᠨ ᠦᠨᠡᠨ ᠪᠣᠳᠠᠲᠠᠢ᠂ ᠨᠠᠶᠢᠳᠠᠪᠣᠷᠢᠲᠠᠢ ᠪᠠᠶᠢᠬᠤ ᠶᠢ ᠪᠠᠲᠣᠯᠠᠨ᠎ᠠ᠃      ᠬᠠᠭᠤᠷᠮᠠᠭᠯᠠᠨ ᠵᠣᠬᠢᠶᠠᠵᠣ ᠳᠡᠭᠡᠳᠦ ᠱᠠᠲᠣᠨ ᠤ ᠡᠳ᠋ ᠶᠢ ᠵᠠᠰᠠᠭ ᠤᠨ ᠪᠡᠯᠡ ᠮᠥᠩᠭᠦ ᠶᠢ ᠮᠡᠬᠡᠯᠡᠨ ᠠᠪᠣᠭᠰᠠᠨ ᠢ ᠢᠯᠡᠷᠡᠭᠦᠯᠪᠡᠯ᠂ ︽ᠡᠳ᠋ ᠤᠨ ᠵᠠᠰᠠᠭ ᠤᠨ ᠬᠠᠣᠯᠢ ᠵᠦᠷᠢᠴᠡᠭᠰᠡᠨ ᠠᠵᠢᠯᠯᠠᠭ᠎ᠠ ᠶᠢᠨ ᠲᠣᠷᠭᠤᠨ ᠰᠢᠳᠭᠡᠬᠦ ᠵᠤᠷᠪᠣᠰ︾ ᠤᠨ ᠬᠤᠯᠪᠣᠭᠳᠠᠯ ᠪᠥᠬᠦᠢ ᠳᠣᠭᠲᠠᠭᠠᠯ ᠢᠶᠠᠷ ᠲᠥᠪ ᠴᠢᠩᠭ᠎ᠠ ᠰᠢᠢᠳᠪᠦᠷᠢᠯᠡᠨ᠎ᠡ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号