5 ᠤ ᠡᠳᠤᠷ ᠤᠨ ᠦᠳᠡ ᠶᠢᠨ ᠡᠮᠤᠨᠡᠬᠢ 9 ᠴᠠᠭ ᠲᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠡᠬᠢᠯᠡᠬᠦ ᠬᠤᠷᠠᠯ ᠬᠢᠵᠤ᠂ ᠶᠡᠷᠤᠩᠭᠡᠢ ᠰᠠᠶᠢᠳ ᠯᠢ ᠺᠧ ᠴᠢᠶᠠᠩ ᠵᠠᠰᠠᠭ ᠤᠨ ᠤᠷᠳᠤᠨ ᠤ | ᠠᠵᠢᠯ ᠤᠨ ᠢᠯᠡᠳᠭᠡᠯ ᠬᠢᠪᠠ᠃ | 2018 ᠤᠨ ᠤ ᠵᠠᠰᠠᠭ ᠤᠨ ᠤᠷᠳᠤᠨ ᠤ ᠠᠵᠢᠯ ᠤᠨ ᠲᠤᠬᠠᠢ ᠯᠢ ᠺᠧ ᠴᠢᠶᠠᠩ ᠰᠠᠨᠠᠭᠤᠯᠭ᠎ᠠ ᠲᠤᠷᠠᠳᠪᠠ᠃ | ᠰᠠᠶᠢᠨ ᠰᠠᠨᠠᠭᠤᠯᠭ᠎ᠠ ᠨᠤᠭᠤᠳ ᠨᠡᠯᠢᠶᠡᠳ ᠤᠯᠠᠨ ᠪᠠᠶᠢᠨ᠎ᠠ︕ ᠠᠷᠠᠳ ᠤᠨ ᠰᠦᠯᠵᠢᠶ᠎ᠠ ᠰᠢᠭᠤᠳ ᠨᠡᠪᠳᠡᠷᠡᠬᠦᠯᠭᠡ ᠶᠢᠨ | ᠲᠡᠮᠳᠡᠭᠯᠡᠯ ᠢ ᠦᠨᠳᠤᠰᠤᠯᠡᠨ ᠨᠢᠭᠡ ᠨᠢᠭᠡ ᠪᠠᠷ ᠰᠤᠩᠭᠤᠨ ᠭᠠᠷᠭᠠᠪᠠ᠃ | 1. ᠲᠤᠭ᠎ᠠ ᠪᠠᠷᠢᠮᠳᠠ ᠶᠢᠨ ᠤᠷᠤᠰᠴᠠ ᠶᠢᠨ ᠰᠦᠢᠳᠬᠡᠯ ᠢ ᠡᠨᠡ ᠵᠢᠯ ᠨᠠᠭᠠᠳᠤ ᠵᠠᠬ᠎ᠠ ᠳᠠᠭᠠᠨ 30% ᠪᠠᠷ | ᠪᠠᠭᠤᠷᠠᠭᠤᠯᠤᠨ᠎ᠠ | ᠰᠦᠯᠵᠢᠶ᠎ᠠ ᠶᠢᠨ ᠬᠤᠷᠲᠤᠴᠠ ᠶᠢ ᠲᠡᠭᠡᠭᠰᠢᠯᠡᠬᠦᠯᠦᠨ ᠰᠦᠢᠳᠭᠡᠯ ᠢ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ | ᠂ ᠬᠤᠷᠳᠤᠴᠠ ᠰᠠᠶᠢᠲᠠᠢ ᠦᠷᠭᠡᠨ ᠪᠦᠰᠡᠳᠦ ᠰᠦᠯᠵᠢᠶ᠎ᠠ ᠶᠢ ᠬᠤᠳᠠ ᠬᠦᠳᠡᠭᠡ ᠳᠤ ᠨᠡᠶᠢᠳᠡᠮ ᠨᠡᠪᠲᠡᠷᠡᠬᠦᠯᠵᠤ᠂ ᠤᠯᠠᠨ | ᠨᠠᠶᠢᠳᠡ ᠶᠢᠨ ᠲᠠᠯᠠᠪᠤᠷ ᠲᠤ ᠰᠦᠢᠳᠬᠡᠯ ᠲᠤᠰᠢᠶᠠᠬᠤ ᠦᠬᠡᠢ ᠪᠠᠷ ᠰᠦᠯᠵᠢᠶᠡᠨ ᠳᠤ ᠭᠠᠷᠬᠤ ᠭᠡᠪᠴᠢᠶ᠎ᠠ ᠶᠢ | ᠦᠷᠭᠡᠳᠭᠡᠵᠤ᠂ ᠬᠡᠷ ᠪᠦᠯᠢ ᠶᠢᠨ ᠦᠷᠬᠡᠨ ᠪᠦᠰᠡᠳᠦ ᠰᠦᠯᠵᠢᠶ᠎ᠡ᠂ ᠠᠵᠤ ᠠᠬᠤᠢᠢᠯᠠᠯ ᠤᠨ ᠦᠷᠭᠡᠨ ᠪᠦᠰᠡᠳᠦ | ᠰᠦᠯᠵᠢᠶ᠎ᠠ ᠪᠣᠯᠣᠨ ᠲᠤᠰᠬᠠᠢ ᠱᠤᠭᠤᠮ ᠤᠨ ᠭᠡᠷᠡᠭᠯᠡᠬᠦ ᠰᠦᠢᠳᠭᠡᠯ ᠢ ᠮᠡᠳᠡᠭᠳᠡᠬᠦ᠋ᠢᠴᠡ ᠪᠠᠭᠤᠷᠠᠭᠤᠯᠵᠤ᠂ ᠲᠤᠭ᠎ᠠ | ᠪᠠᠷᠢᠮᠲᠠ ᠶᠢᠨ ᠤᠷᠤᠰᠴᠠ ᠶᠢᠨ ᠤᠷᠤᠨ ᠠᠯᠤᠰᠯᠠᠨ ᠳᠠᠭᠠᠵᠤ ᠦᠢᠯᠡᠴᠢᠯᠡᠬᠦ ᠰᠦᠢᠳᠬᠡᠯ ᠢ ᠬᠦᠴᠦᠨ ᠦᠬᠡᠢ ᠪᠤᠯᠭᠠᠵᠤ | ᠂ ᠰᠢᠯᠵᠢᠮᠠᠯ ᠰᠦᠯᠵᠢᠶ᠎ᠠ ᠶᠢᠨ ᠲᠤᠭ᠎ᠠ ᠪᠠᠷᠢᠮᠳᠠ ᠶᠢᠨ ᠤᠷᠤᠰᠴᠠ ᠶᠢᠨ ᠰᠦᠢᠳᠬᠡᠯ ᠢ ᠡᠨᠡ ᠵᠢᠯ ᠨᠠᠭᠠᠳᠤ ᠵᠠᠬ᠎ᠠ ᠳᠠᠭᠠᠨ | 30% ᠪᠠᠷ ᠪᠠᠭᠤᠷᠠᠭᠤᠯᠤᠨ᠎ᠡ᠃ | 2. ᠬᠤᠪᠢ ᠬᠦᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠡᠬᠢᠯᠡᠵᠤ ᠲᠠᠳᠠᠪᠤᠷᠢᠯᠠᠬᠤ ᠴᠡᠭ ᠢ | ᠲᠡᠭᠡᠭᠰᠢᠯᠡᠬᠦᠯᠤᠨ᠎ᠠ | ᠬᠤᠪᠢ ᠬᠦᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠡᠬᠢᠯᠡᠵᠤ ᠲᠠᠳᠠᠪᠤᠷᠢᠯᠠᠬᠤ ᠴᠡᠭ ᠢ ᠲᠡᠭᠡᠭᠰᠢᠯᠡᠬᠦᠯᠤᠨ | ᠂ ᠦᠷ᠎ᠡ ᠬᠡᠦᠭᠡᠳ ᠢᠶᠠᠨ ᠬᠦᠮᠦᠵᠢᠬᠦᠯᠬᠦ᠂ ᠬᠦᠨᠳᠤ ᠡᠪᠡᠳᠴᠢᠨ ᠡᠮᠴᠢᠯᠡᠬᠦᠯᠬᠦ ᠵᠡᠷᠭᠡ ᠲᠤᠰᠬᠠᠢ ᠵᠠᠷᠤᠳᠠᠯ ᠢ | ᠰᠠᠭᠤᠳᠬᠠᠨ ᠬᠠᠰᠤᠬᠤ ᠬᠡᠮᠵᠢᠶ᠎ᠡ ᠶᠢ ᠨᠡᠮᠡᠭᠳᠡᠬᠦᠯᠵᠤ᠂ ᠲᠠᠷᠤᠭᠠᠰᠤ ᠶᠢ ᠵᠦᠢ ᠵᠤᠬᠢᠰᠳᠠᠢ ᠪᠠᠷ ᠬᠦᠡᠭᠭᠡᠷᠡᠬᠦᠯᠦᠨ᠂ | ᠠᠷᠠᠳ ᠤᠯᠠᠨ ᠤ ᠬᠦᠳᠡᠯᠮᠦᠷᠢ ᠪᠠᠷ ᠢᠶᠠᠨ ᠤᠷᠤᠯᠭ᠎ᠠ ᠪᠠᠨ ᠨᠡᠮᠡᠭᠳᠡᠬᠦᠯᠵᠦ᠂ ᠪᠡᠶᠡᠵᠢᠨ ᠴᠢᠨᠠᠬᠡᠯᠢᠭᠵᠢᠬᠦ ᠶᠢ | ᠵᠤᠷᠢᠬᠵᠢᠭᠤᠯᠤᠨ᠎ᠠ᠃ | 3. ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠦᠵᠡᠮᠵᠢᠳᠤ ᠤᠷᠤᠨ ᠤ ᠡᠬᠦᠳᠡᠨ ᠪᠢᠯᠧᠲ ᠤᠨ | ᠦᠨ᠎ᠡ ᠶᠢ ᠪᠠᠭᠤᠷᠠᠭᠤᠯᠤᠨ᠎ᠠ | ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢ ᠡᠬᠦᠳᠦᠨ ᠪᠠᠶᠢᠭᠤᠯᠵᠤ᠂ ᠤᠯᠤᠰ ᠤᠨ | ᠦᠮᠴᠢᠯᠡᠯ ᠤᠨ ᠭᠤᠤᠯᠳᠠᠯᠭ᠎ᠠ ᠲᠠᠢ ᠦᠵᠡᠮᠵᠢᠳᠤ ᠤᠷᠤᠨ ᠤ ᠡᠬᠦᠳᠡᠨ ᠪᠢᠯᠧᠲ ᠤᠨ ᠦᠨ᠎ᠡ ᠶᠢ ᠪᠠᠭᠤᠷᠠᠭᠤᠯᠤᠨ᠎ᠠ᠃ | 4. ᠰᠢᠨ᠎ᠡ ᠡᠨᠧᠷᠬᠢ ᠶᠢᠨ ᠮᠠᠰᠢᠨ ᠲᠡᠷᠭᠡᠨ ᠤ ᠲᠡᠷᠭᠡ ᠬᠦᠰᠭᠡ ᠬᠤᠳᠠᠯᠳᠤᠨ ᠠᠪᠬᠤ ᠭᠠᠶᠢᠯᠢ ᠶᠢᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠬᠢᠨ ᠭᠤᠷᠪᠠᠨ ᠵᠢᠯ ᠤᠷᠳᠤᠳᠬᠠᠨ᠎ᠠ | ᠰᠢᠨ᠎ᠡ ᠡᠨᠧᠷᠬᠢ ᠶᠢᠨ ᠮᠠᠰᠢᠨ ᠲᠡᠷᠭᠡᠨ ᠤ ᠲᠡᠷᠭᠡ ᠬᠦᠰᠭᠡ ᠬᠤᠳᠠᠯᠳᠤᠨ ᠠᠪᠬᠤ ᠭᠠᠶᠢᠯᠢ ᠶᠢᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠬᠢᠨ ᠭᠤᠷᠪᠠᠨ ᠵᠢᠯ ᠤᠷᠳᠤᠳᠬᠠᠵᠤ᠂ ᠭᠠᠷ ᠲᠠᠮᠵᠢᠬᠰᠠᠨ ᠮᠠᠰᠢᠨ | ᠲᠡᠷᠭᠡ ᠶᠢ ᠤᠨᠳᠤᠤ ᠭᠠᠵᠠᠷ ᠤᠷᠤᠭᠤᠯᠬᠤ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢ ᠪᠦᠬᠦᠨ ᠢ ᠬᠦᠴᠦᠨ ᠦᠭᠡᠢ | ᠪᠤᠯᠭᠠᠨ᠎ᠠ᠃ | 5. ᠮᠠᠰᠢᠨ ᠲᠡᠷᠭᠡ᠂ ᠬᠡᠰᠡᠭ ᠡᠳᠤᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ | ᠤᠷᠤᠭᠤᠯᠬᠤ ᠪᠤᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ | ᠭᠠᠳᠠᠭᠠᠳᠤ ᠤᠷᠤᠭᠤᠯᠤᠯᠲᠠ ᠶᠢ ᠢᠳᠡᠪᠬᠢᠲᠠᠢ ᠦᠷᠭᠡᠳᠭᠡᠵᠤ᠂ ᠠᠩᠬᠠᠳᠤᠭᠠᠷ ᠬᠤᠭᠤᠴᠠᠭᠠᠨ ᠤ ᠲᠤᠮᠳᠠᠳᠤ | ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠢ ᠰᠠᠶᠢᠳᠤᠷ ᠡᠷᠬᠢᠯᠡᠵᠤ᠂ ᠮᠠᠰᠢᠨ | ᠲᠡᠷᠭᠡ᠂ ᠬᠡᠰᠡᠭ ᠡᠳᠤᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ ᠤᠷᠤᠭᠤᠯᠬᠤ | ᠪᠤᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ᠃ | 6. ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠠᠮᠢᠳᠤᠯᠢᠭ ᠴᠠᠯᠢᠩ ᠬᠥᠯᠤᠰᠤ ᠶᠢᠨ ᠲᠦᠷᠢᠮ | ᠪᠤᠯᠤᠨ ᠱᠠᠩᠨᠠᠨ ᠬᠥᠬᠢᠬᠦᠯᠬᠦ ᠠᠷᠭ᠎ᠠ ᠬᠡᠮᠵᠢᠶ᠎ᠠ ᠶᠢ ᠬᠡᠷᠡᠭᠵᠢᠬᠦᠯᠤᠨ᠎ᠠ | ᠰᠢᠨ᠎ᠠ ᠶᠢ ᠡᠬᠦᠳᠬᠦ ᠪᠦᠯᠬᠦᠮ ᠪᠤᠯᠤᠨ ᠲᠠᠭᠠᠭᠤᠯᠤᠬᠴᠢ ᠴᠢᠳᠠᠪᠦᠷᠢᠳᠠᠨ ᠳᠤ ᠨᠡᠩ ᠶᠡᠭᠡ ᠬᠥᠮᠥᠨ ᠤ ᠬᠦᠴᠦᠨ | ᠡᠳ᠋ ᠤᠨ ᠬᠦᠴᠦᠨ ᠪᠣᠳᠠᠰ ᠤᠨ ᠬᠦᠴᠦᠨ ᠢ ᠵᠠᠬᠢᠷᠬᠤ ᠡᠷᠬᠡ ᠪᠠ ᠮᠡᠷᠭᠡᠵᠢᠯ ᠤᠨ ᠱᠤᠭᠤᠮ ᠤᠨ ᠪᠤᠳᠤᠯᠭ᠎ᠠ | ᠲᠣᠭᠲᠠᠭᠠᠬᠤ ᠡᠷᠬᠡ ᠶᠢ ᠣᠯᠭᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠭᠡ ᠰᠡᠳᠤᠪ ᠢ | ᠰᠢᠢᠳᠪᠤᠷᠢᠯᠡᠬᠦ ᠡᠬᠦᠷᠭᠡ ᠡᠬᠦᠷᠭᠡᠯᠡᠵᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠠᠮᠢᠳᠤᠯᠢᠭ | ᠴᠠᠯᠢᠩ ᠬᠥᠯᠤᠰᠤ ᠶᠢᠨ ᠲᠦᠷᠢᠮ ᠪᠤᠯᠤᠨ ᠱᠠᠩᠨᠠᠨ ᠬᠥᠬᠢᠬᠦᠯᠬᠦ ᠠᠷᠭ᠎ᠠ ᠬᠡᠮᠵᠢᠶ᠎ᠠ ᠶᠢ ᠬᠡᠷᠡᠭᠵᠢᠬᠦᠯᠤᠨ᠎ᠠ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠳᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠤᠨ ᠦᠮᠴᠢᠯᠡᠬᠦ | ᠡᠷᠭᠡ ᠪᠤᠯᠤᠨ ᠤᠷᠳᠤ ᠬᠤᠭᠤᠴᠠᠭ᠎ᠠ ᠪᠠᠷ ᠬᠡᠷᠡᠭᠯᠡᠬᠦ ᠡᠷᠭᠡ ᠤᠯᠭᠤᠬᠤ ᠶᠢ ᠰᠦᠪᠡᠭᠴᠢᠯᠡᠨ᠎ᠠ᠃ | 7. ᠠᠵᠤ ᠠᠬᠤᠢᠢᠯᠠᠯ ᠤᠨ ᠮᠡᠷᠭᠡᠵᠢᠯ ᠤᠨ ᠠᠵᠢᠯᠴᠢᠨ ᠤ ᠪᠠᠨ ᠴᠠᠯᠢᠩ ᠬᠥᠯᠤᠰᠤ ᠶᠢ ᠲᠡᠭᠡᠭᠰᠢᠯᠡᠬᠦᠯᠬᠦ ᠶᠢ | ᠲᠡᠮᠵᠢᠨ᠎ᠠ ᠴᠢᠳᠠᠪᠤᠷᠢᠳᠠᠨ ᠤ ᠬᠥᠭᠵᠢᠯᠳᠡ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠬᠥᠨᠵᠡᠭᠡᠶᠢᠷᠡᠬᠦᠯᠤᠨ᠂ | ᠬᠦᠮᠦᠨ ᠤ ᠬᠦᠴᠦᠨ ᠤ ᠡᠬᠢ ᠪᠠᠶᠠᠯᠢᠭ ᠤᠨ ᠴᠢᠯᠤᠭᠡᠳᠡᠢ ᠰᠢᠯᠵᠢᠬᠦ ᠶᠢ ᠠᠬᠢᠭᠤᠯᠵᠤ᠂ ᠠᠵᠤ ᠠᠬᠤᠢᠢᠯᠠᠯ ᠤᠨ | ᠮᠡᠷᠭᠡᠵᠢᠯ ᠤᠨ ᠠᠵᠢᠯᠴᠢᠨ ᠤ ᠪᠠᠨ ᠴᠠᠯᠢᠩ ᠬᠥᠯᠤᠰᠤ ᠶᠢ ᠲᠡᠭᠡᠭᠰᠢᠯᠡᠬᠦᠯᠬᠦ ᠶᠢ ᠲᠡᠮᠵᠢᠵᠤ᠂ ᠦᠨᠳᠦᠷ ᠤᠷ᠎ᠠ | ᠮᠡᠷᠭᠡᠵᠢᠯ ᠲᠠᠢ ᠴᠢᠳᠠᠪᠤᠷᠢᠲᠠᠨ ᠢ ᠤᠷᠮᠠᠰᠢᠭᠤᠯᠬᠤ ᠡᠷᠴᠢᠮ ᠢ ᠴᠢᠩᠭᠠᠳᠬᠠᠨ᠂ ᠭᠠᠳᠠᠭᠠᠳᠤ ᠳᠤ ᠰᠤᠷᠤᠯᠴᠠᠬᠰᠠᠳ ᠤᠨ | ᠤᠯᠤᠰ ᠲᠠᠭᠠᠨ ᠪᠤᠴᠠᠨ ᠢᠷᠡᠵᠤ ᠰᠢᠨ᠎ᠠ ᠶᠢ ᠡᠬᠦᠳᠬᠦ ᠪᠠ ᠠᠳᠠᠯ ᠦᠢᠯᠡᠰ ᠴᠤᠭᠴᠠᠯᠠᠬᠤ ᠶᠢ ᠵᠤᠷᠢᠬᠵᠢᠭᠤᠯᠵᠤ᠂ | ᠭᠠᠳᠠᠭᠠᠳᠤ ᠶᠢᠨ ᠴᠢᠳᠠᠪᠤᠷᠢᠳᠠᠨ ᠤ ᠲᠤᠮᠳᠠᠳᠤ ᠤᠯᠤᠰ ᠲᠤ ᠢᠷᠡᠬᠦᠰᠠᠭᠠᠳ ᠦᠭᠡᠢ ᠵᠠᠮ ᠢ ᠦᠷᠭᠡᠳᠭᠡᠨ᠎ᠡ᠃ | 8. ᠤᠯᠠᠨ ᠲᠦᠮᠡᠨ ᠠᠵᠢᠯ ᠶᠠᠪᠤᠳᠠᠯ ᠰᠢᠢᠳᠪᠤᠷᠢᠯᠡᠬᠦ ᠳᠡᠭᠡᠨ ︽ᠬᠠᠮᠤᠭ ᠤᠨ ᠠᠷᠪᠢᠨ ᠳᠠᠭᠠᠨ ᠨᠢᠬᠡ ᠯᠡ | ᠤᠳᠠᠭ᠎ᠠ ᠤᠴᠢᠪᠠᠯ︾ ᠪᠤᠯᠴᠢᠬᠠᠨ᠎ᠠ | ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠡᠴᠢᠯᠡᠭᠡ︾ ᠶᠢ ᠬᠦᠨᠵᠡᠬᠡᠶᠢᠷᠡᠬᠦᠯᠦᠨ ᠠᠬᠢᠭᠤᠯᠵᠤ᠂ | ᠨᠡᠩ ᠤᠯᠠᠨ ᠬᠡᠷᠡᠭ ᠶᠠᠪᠤᠳᠠᠯ ᠢ ᠰᠦᠯᠵᠢᠶᠠᠨ ᠲᠡᠭᠡᠷ᠎ᠠ ᠰᠢᠢᠳᠪᠤᠷᠢᠯᠡᠵᠤ ᠴᠢᠳᠠᠬᠤ ᠪᠣᠯᠭᠠᠵᠤ᠂ ᠲᠤᠬᠠᠢ ᠶᠢᠨ | ᠲᠠᠯᠠᠪᠤᠷ ᠲᠤ ᠤᠴᠢᠵᠤ ᠰᠢᠢᠳᠪᠤᠷᠢᠯᠡᠬᠦ ᠴᠢᠬᠤᠯᠠᠳᠠᠢ ᠶᠢ ᠨᠢ ᠴᠤ ︽ᠨᠢᠬᠡ ᠯᠡ ᠡᠬᠦᠳᠡ ᠪᠠᠷ ᠤᠷᠤᠬᠤ︾ ᠪᠠ ︽ | ᠬᠠᠮᠤᠭ ᠤᠨ ᠠᠷᠪᠢᠨ ᠳᠠᠭᠠᠨ ᠨᠢᠬᠡ ᠯᠡ ᠤᠳᠠᠭ᠎ᠠ ᠤᠴᠢᠬᠤ︾ ᠪᠣᠯᠭᠠᠬᠤ ᠪᠠᠷ ᠴᠢᠷᠮᠠᠶᠢᠬᠤ ᠭᠡᠷᠡᠭᠳᠡᠢ᠃ | ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠠ ᠶᠢ ᠶᠡᠭᠡ ᠪᠠᠷ | ᠠᠬᠢᠭᠤᠯᠵᠤ᠂ ᠤᠯᠠᠨ ᠲᠠᠯ᠎ᠠ ᠤᠯᠠᠨ ᠳᠠᠪᠬᠤᠷᠭ᠎ᠠ ᠠᠴᠠ ᠬᠠᠤᠯᠢ ᠶᠢ ᠳᠠᠪᠬᠤᠷ ᠬᠡᠷᠡᠭᠵᠢᠬᠦᠯᠬᠦ ᠠᠰᠠᠭᠤᠳᠠᠯ ᠢ | ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠰᠢᠰᠲ᠋ᠧᠮ ᠤᠨ ᠬᠤᠯᠪᠤᠯᠳᠤᠨ | ᠨᠡᠪᠲᠡᠷᠡᠯᠴᠡᠬᠦ ᠶᠢ ᠲᠦᠷᠭᠡᠳᠭᠡᠨ᠂ ᠮᠡᠳᠡᠭᠡ ᠵᠠᠩᠬᠢ ᠶᠢᠨ ᠦᠨᠦᠴᠢᠨ ᠠᠷᠠᠯ ᠢ ᠨᠡᠪᠳᠡᠷᠡᠬᠦᠯᠦᠨ᠎ᠠ᠃ ᠤᠯᠠᠨ ᠲᠦᠮᠡᠨ ᠪᠠ | ᠠᠵᠤ ᠠᠬᠤᠢᠢᠯᠠᠯ ᠤᠨ ᠤᠴᠢᠷ ᠶᠠᠪᠤᠳᠠᠯ ᠰᠢᠢᠳᠪᠤᠷᠢᠯᠡᠬᠦ ᠳᠤ ᠭᠡᠷᠡᠭᠰᠡᠬᠦ ᠡᠯ᠎ᠠ ᠲᠦᠷᠦᠯ ᠤᠨ ᠭᠡᠷᠡᠴᠢ ᠶᠢ | ᠢᠯᠭᠠᠷᠠᠭᠤᠯᠤᠨ ᠴᠡᠪᠡᠷᠯᠡᠵᠤ᠂ ᠬᠠᠤᠯᠢ ᠴᠠᠭᠠᠵᠠ ᠬᠠᠤᠯᠢ ᠲᠦᠷᠢᠮ ᠤᠨ ᠦᠨᠳᠦᠰᠦᠯᠡᠯ ᠦᠬᠡᠢ ᠶᠢ ᠨᠢ ᠴᠦᠮ ᠬᠦᠴᠦᠨ | ᠦᠬᠡᠢ ᠪᠤᠯᠭᠠᠨ᠎ᠠ᠃ | 9. ᠠᠵᠤ ᠠᠬᠤᠢᠢᠯᠠᠯ ᠤᠨ ᠭᠠᠶᠢᠯᠢ ᠶᠢᠨ ᠲᠠᠷᠤᠭᠠᠰᠤ ᠶᠢ ᠤᠯᠠᠮ ᠨᠢᠭᠡ ᠠᠯᠬᠤᠮ ᠬᠥᠡᠭᠭᠡᠯᠡᠨᠠ | ᠦᠢᠯᠡᠳᠬᠦ ᠦᠢᠯᠡᠰ᠂ ᠵᠠᠮ ᠲᠡᠭᠡᠭᠡᠪᠦᠷᠢ ᠵᠡᠷᠭᠡ ᠠᠵᠢᠯ ᠲᠦᠷᠦᠯ ᠤᠨ ᠭᠠᠶᠢᠯᠢ ᠶᠢᠨ ᠨᠤᠷᠮ᠎ᠠ ᠶᠢ | ᠭᠤᠤᠯᠳᠠᠯᠭ᠎ᠠ ᠲᠠᠢ ᠪᠠᠷ ᠪᠠᠭᠤᠷᠠᠭᠤᠯᠵᠤ᠂ ᠵᠢᠵᠢᠭ ᠬᠡᠮᠵᠢᠶᠡᠨ ᠤ ᠭᠠᠶᠢᠯᠢ ᠳᠤᠰᠢᠶᠠᠭᠴᠢ ᠶᠢᠨ ᠤᠨ ᠤ | ᠪᠤᠷᠤᠯᠠᠭᠤᠯᠤᠯᠳᠠ ᠶᠢᠨ ᠨᠤᠷᠮ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠠ᠃ ᠠᠰᠢᠭ ᠤᠷᠤᠯᠭ᠎ᠠ ᠶᠢᠨ ᠭᠠᠶᠢᠯᠢ ᠶᠢ | ᠬᠠᠭᠠᠰ ᠢᠶᠠᠷ ᠬᠦᠡᠭᠬᠡᠯᠡᠨ ᠳᠠᠳᠠᠪᠤᠷᠢᠯᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠡᠳ᠋ᠯᠡᠬᠦ ᠵᠢᠵᠢᠭ ᠪᠢᠴᠢᠯ ᠠᠵᠤ | ᠠᠬᠤᠢᠢᠯᠠᠯ ᠤᠨ ᠬᠡᠪᠴᠢᠶ᠎ᠡ ᠶᠢ ᠶᠡᠭᠡ ᠪᠠᠷ ᠦᠷᠬᠡᠳᠬᠡᠨ᠎ᠡ᠃ ᠠᠵᠤ ᠠᠬᠤᠢᠢᠯᠠᠯ ᠤᠨ ᠰᠢᠨ᠎ᠠ ᠪᠠᠷ ᠬᠤᠳᠠᠯᠳᠤᠨ ᠠᠪᠬᠤ | ᠬᠡᠮᠵᠢᠬᠦᠷᠯᠢᠭ ᠲᠤᠨᠤᠭ ᠲᠦᠬᠦᠭᠡᠷᠦᠮᠵᠢ ᠶᠢᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠠ ᠰᠠᠭᠤᠳᠬᠠᠨ | ᠬᠠᠰᠤᠬᠤ ᠶᠢᠨ ᠲᠡᠭᠡᠳᠦ ᠬᠢᠵᠠᠭᠠᠷ ᠢ ᠶᠡᠭᠡ ᠪᠠᠷ ᠲᠡᠭᠡᠭᠰᠢᠯᠡᠬᠦᠯᠦᠨ᠎ᠠ᠃ ᠠᠵᠤ ᠠᠬᠤᠢᠢᠯᠠᠯ ᠤᠨ ᠬᠢᠯᠢ ᠶᠢᠨ | ᠭᠠᠳᠡᠨ᠎ᠡ ᠠᠴᠠ ᠤᠯᠦᠬᠰᠡᠠ ᠠᠰᠢᠬ ᠤᠷᠦᠯᠭ᠎ᠠ ᠶᠢ ᠶᠡᠷᠦᠩᠬᠡᠶᠢᠯᠡᠨ ᠲᠤᠯᠭᠠᠨ ᠭᠡᠯᠳᠤᠷᠢᠭᠦᠯᠭᠦ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠦᠨ᠎ᠡ᠃ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠦᠮᠦᠷᠬᠡᠯᠡᠨ | ᠬᠠᠲᠠᠭᠠᠯᠠᠬᠤ ᠭᠠᠵᠠᠷ ᠬᠡᠷᠡᠭᠯᠡᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠬᠡᠪᠴᠢᠶ᠎ᠠ ᠶᠢ ᠦᠷᠭᠡᠳᠭᠡᠨ᠎ᠠ᠃ ᠠᠵᠤ | ᠠᠬᠤᠢᠢᠯᠠᠯ ᠢ ᠲᠠᠬᠢᠨ ᠪᠠᠶᠢᠭᠤᠯᠬᠤ ᠳᠤ ᠬᠡᠷᠡᠭᠯᠡᠬᠦ ᠭᠠᠵᠠᠷ ᠰᠢᠷᠤᠢ ᠶᠢᠨ ᠦᠷᠳᠡᠭ ᠨᠡᠮᠡᠭᠳᠡᠯ ᠤᠨ ᠭᠠᠶᠢᠯᠢ᠂ ᠭᠡᠷ᠎ᠠ ᠶᠢᠨ | ᠭᠠᠶᠢᠯᠢ ᠵᠡᠷᠭᠡ ᠳᠤ ᠬᠠᠷᠠᠭᠠᠯᠵᠠᠯ ᠦᠵᠡᠬᠦᠯᠬᠦ ᠬᠤᠭᠤᠴᠠᠭ᠎ᠠ ᠲᠤᠯᠤᠭᠰᠠᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ | ᠭᠡᠷᠡᠭᠵᠢᠬᠦᠯᠤᠨ᠎ᠠ᠃ ᠪᠦᠬᠦ ᠵᠢᠯ ᠳᠤ ᠠᠵᠤ ᠠᠬᠤᠢᠢᠯᠠᠯ ᠪᠠ ᠬᠤᠪᠢ ᠬᠦᠮᠦᠨ ᠤ ᠲᠤᠰᠢᠶᠠᠬᠤ ᠭᠠᠶᠢᠯᠢ ᠶᠢ ᠲᠠᠬᠢᠭᠠᠳ | 8000 ᠭᠠᠷᠤᠢ ᠳ᠋ᠦᠡᠭᠰᠢᠭᠤᠷ ᠲᠦᠬᠦᠷᠢᠭ ᠬᠦᠡᠭᠬᠡᠯᠡᠨᠠ᠃ | 10. ᠠᠵᠤ ᠠᠬᠤᠢᠢᠯᠠᠯ ᠤᠨ ᠭᠠᠶᠢᠯᠢ ᠶᠢᠨ ᠪᠤᠰᠤ ᠲᠠᠷᠤᠭᠠᠰᠤ ᠶᠢ ᠶᠡᠭᠡᠪᠡᠷ ᠬᠦᠡᠭᠬᠡᠷᠡᠬᠦᠯᠦᠨᠠ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠵᠠᠷᠤᠳᠠᠯ ᠬᠤᠷᠢᠶᠠᠯᠲᠠ ᠶᠢ ᠤᠯᠠᠮ ᠨᠢᠬᠡ ᠠᠯᠬᠤᠮ ᠡᠮᠬᠢᠯᠡᠨ | ᠵᠢᠷᠤᠮᠵᠢᠭᠤᠯᠵᠤ᠂ ᠵᠠᠰᠠᠭ ᠤᠨ ᠤᠷᠳᠤᠨ ᠤ ᠴᠢᠨᠠᠷᠳᠠᠢ ᠬᠡᠰᠡᠭ ᠰᠠᠭᠤᠷᠢ ᠮᠦᠡᠭᠬᠦ ᠶᠢᠨ ᠲᠡᠳᠡᠪᠤᠷᠢᠯᠡᠨ ᠬᠤᠷᠢᠶᠠᠬᠤ | ᠪᠠᠷᠢᠮᠵᠢᠶ᠎ᠠ ᠶᠢ ᠲᠤᠷᠤᠭᠰᠢᠯᠠᠭᠤᠯᠤᠨ᠎ᠠ᠃ ᠠᠵᠤ ᠠᠬᠤᠢᠢᠯᠠᠯ ᠤᠨ ︽ᠲᠠᠪᠤᠨ ᠲᠠᠭᠠᠳᠬᠠᠯ ᠨᠢᠭᠡ ᠮᠦᠩᠬᠦ︾ ᠶᠢᠨ | ᠵᠠᠷᠤᠳᠠᠯ ᠳᠤᠰᠢᠶᠠᠬᠤ ᠬᠠᠷᠢᠴᠠᠯ ᠢ ᠦᠷᠬᠦᠯᠵᠢᠯᠡᠨ ᠱᠠᠳᠤ ᠦᠶᠡᠴᠢ ᠴᠢᠨᠡᠷᠳᠡᠢ ᠪᠠᠷ ᠲᠤᠷᠤᠭᠰᠢᠯᠠᠭᠤᠯᠤᠨ᠎ᠠ᠃ | ᠴᠠᠬᠢᠯᠭᠠᠨ ᠤ ᠲᠤᠤᠷ ᠤᠨ ᠭᠤᠭᠴᠣᠭᠠᠨ ᠤ ᠰᠦᠢᠳᠬᠡᠯ ᠪᠠ ᠲᠠᠮᠵᠢᠭᠤᠯᠵᠦ ᠲᠥᠭᠡᠭᠡᠭᠦ ᠴᠠᠬᠢᠯᠭᠠᠨ ᠤ ᠦᠨ᠎ᠡ ᠶᠢ | ᠪᠠᠭᠤᠷᠠᠭᠤᠯᠵᠤ᠂ ᠡᠩ ᠤᠨ ᠦᠢᠯᠡᠳᠪᠦᠷᠢ ᠬᠤᠳᠠᠯᠳᠤᠭᠠᠨ ᠤ ᠠᠵᠦ ᠦᠢᠯᠡᠰ ᠤᠨ ᠴᠠᠬᠢᠯᠭᠠᠨ ᠤ ᠦᠨ᠎ᠡ ᠶᠢ | ᠳᠤᠮᠳᠠᠴᠢ ᠪᠠᠷ 10% ᠪᠠᠷ ᠳᠤᠷᠤᠭᠰᠢᠯᠡᠭᠤᠯᠤᠨᠠ᠃ ᠵᠠᠷᠤᠳᠠᠯ ᠬᠤᠷᠢᠶᠠᠬᠤ ᠵᠠᠰᠠᠮᠠᠯ ᠵᠠᠮ ᠤᠨ ᠲᠦᠷᠢᠮ ᠤᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠵᠠᠮ ᠦᠡᠭᠬᠡᠷᠡᠬᠦ ᠬᠦᠬᠦᠷᠭᠡ ᠦᠡᠭᠭᠡᠷᠡᠬᠦ ᠵᠠᠷᠤᠳᠠᠯ ᠢ ᠲᠤᠷᠤᠭᠰᠢᠯᠠᠭᠤᠯᠤᠨ᠎ᠠ᠃ | | 11. ᠡᠩ ᠤᠨ ᠦᠢᠯᠡᠳᠬᠦ ᠠᠵᠦ ᠦᠢᠯᠡᠰ ᠢ ᠪᠦᠬᠦ ᠲᠠᠯ᠎ᠠ ᠪᠠᠷ ᠴᠢᠯᠦᠭᠡᠲᠠᠢ ᠪᠤᠯᠭᠠᠨ᠎ᠠ | ᠡᠩ ᠤᠨ ᠦᠢᠯᠡᠳᠬᠦ ᠠᠵᠦ ᠦᠢᠯᠡᠰ ᠢ ᠪᠦᠬᠦ ᠲᠠᠯ᠎ᠠ ᠪᠠᠷ ᠴᠢᠯᠦᠭᠡᠲᠠᠢ ᠪᠤᠯᠭᠠᠵᠤ᠂ ᠴᠠᠬᠢᠯᠭᠠᠨ ᠬᠤᠯᠪᠤᠭ᠎ᠠ᠂ | ᠡᠮᠨᠡᠯᠭᠡ᠂ ᠰᠤᠷᠭᠠᠨ ᠬᠦᠮᠦᠵᠢᠯ᠂ ᠨᠠᠰᠤᠵᠢᠯ ᠤᠨ ᠠᠰᠠᠷᠠᠮᠵᠢ᠂ ᠰᠢᠨ᠎ᠡ ᠡᠨᠧᠷᠬᠢ ᠶᠢᠨ ᠮᠠᠰᠢᠨ ᠲᠡᠷᠭᠡ ᠵᠡᠷᠭᠡ | ᠬᠦᠷᠢᠶᠡᠨ ᠤ ᠨᠡᠭᠡᠭᠡᠯᠲᠡ ᠶᠢ ᠦᠷᠭᠡᠳᠭᠡᠨ᠎ᠡ᠃ ᠪᠠᠩᠬᠢ ᠶᠢᠨ ᠺᠠᠷᠲ ᠢ ᠢᠯᠭᠠᠷᠠᠭᠤᠯᠤᠨ ᠪᠤᠳᠤᠬᠤ ᠵᠡᠷᠭᠡ ᠵᠠᠬ᠎ᠠ | ᠲᠡᠯᠭᠡᠬᠦᠷ ᠢ ᠡᠮᠬᠢ ᠴᠡᠭᠴᠡ ᠲᠠᠢ ᠪᠠᠷ ᠨᠡᠭᠡᠭᠡᠯᠲᠡ ᠲᠠᠢ ᠪᠤᠯᠭᠠᠵᠤ᠂ ᠭᠠᠳᠠᠭᠠᠳᠤ ᠪᠡᠯᠡ ᠶᠢᠨ ᠲᠠᠭᠠᠳᠬᠠᠯ ᠤᠨ ᠵᠠᠭᠤᠴᠢ | ᠺᠤᠮᠫᠠᠨᠢ ᠶᠢᠨ ᠡᠵᠡᠩᠨᠡᠬᠦ ᠬᠡᠪᠴᠢᠶ᠎ᠡ ᠶᠢ ᠬᠢᠵᠠᠭᠠᠷᠯᠠᠬᠤ ᠦᠭᠡᠢ ᠪᠤᠯᠭᠠᠵᠤ᠂ ᠪᠠᠩᠬᠢ᠂ ᠦᠨᠡᠳᠤ ᠲᠡᠮᠳᠡᠭ᠂ ᠰᠠᠭᠤᠷᠢ | ᠮᠦᠡᠭᠬᠦᠨ ᠤ ᠬᠠᠮᠢᠶᠠᠷᠤᠯᠲᠠ᠂ ᠬᠤᠭᠤᠴᠠᠭᠠᠳᠤ ᠪᠠᠷᠠᠭ᠎ᠠ᠂ ᠮᠦᠡᠭᠬᠦᠨ ᠬᠦᠢᠯᠭᠡᠭᠡᠨ ᠤ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠺᠤᠮᠫᠠᠨᠢ ᠵᠡᠷᠭᠡ ᠶᠢᠨ ᠭᠠᠳᠠᠭᠠᠳᠤ ᠪᠡᠯᠡ ᠶᠢᠨ ᠬᠤᠪᠢ ᠣᠷᠣᠭᠤᠯᠬᠤ ᠬᠠᠷᠢᠴᠠᠯ ᠤᠨ ᠬᠢᠵᠠᠭᠠᠷᠯᠠᠯ ᠢ | ᠠᠭᠤᠵᠢᠭᠤ ᠪᠤᠯᠭᠠᠬᠤ ᠪᠤᠶᠤ ᠬᠦᠴᠦᠨ ᠦᠭᠡᠢ ᠪᠤᠯᠭᠠᠵᠤ᠂ ᠳᠤᠮᠳᠠᠳᠤ ᠭᠠᠳᠠᠭᠠᠳᠤ ᠪᠡᠯᠡ ᠶᠢᠨ ᠪᠠᠩᠬᠢ ᠶᠢᠨ ᠵᠠᠬ᠎ᠠ | ᠳᠡᠯᠬᠡᠬᠦᠷ ᠲᠤ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠨᠢᠬᠡᠳᠬᠡᠨ᠎ᠡ᠃ | 12. ᠡᠨᠡ ᠵᠢᠯ ᠬᠦᠳᠡᠭᠡ ᠲᠤᠰᠬᠤᠨ ᠤ ᠶᠠᠳᠠᠭᠤ ᠬᠦᠴᠢᠷᠲᠡᠯ ᠲᠠᠢ ᠬᠦᠮᠦᠨ ᠠᠮᠠ ᠶᠢ ᠲᠠᠬᠢᠨ 1000 | ᠲᠦᠮᠡ ᠠᠴᠠ ᠲᠡᠭᠡᠭᠰᠢ ᠪᠠᠭᠠᠰᠬᠠᠨ᠎ᠠ | ᠡᠨᠡ ᠵᠢᠯ ᠬᠦᠳᠡᠭᠡ ᠲᠤᠰᠬᠤᠨ ᠤ ᠶᠠᠳᠠᠭᠤ ᠬᠦᠴᠢᠷᠲᠡᠯ ᠲᠠᠢ ᠬᠦᠮᠦᠨ ᠠᠮᠠ ᠶᠢ ᠲᠠᠬᠢᠨ 1000 | ᠲᠦᠮᠡ ᠠᠴᠠ ᠲᠡᠭᠡᠭᠰᠢ ᠪᠠᠭᠠᠰᠬᠠᠨ᠂ 280 ᠲᠦᠮᠡᠨ ᠬᠦᠮᠦᠨ ᠢ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ | ᠲᠡᠳᠬᠦᠨ᠎ᠠ᠃ | ᠦᠨᠳᠤᠷ ᠪᠠᠷᠢᠮᠵᠢᠶᠠᠳᠤ ᠲᠠᠷᠢᠶᠠᠨ ᠭᠠᠵᠠᠷ ᠢ 8000 ᠲᠦᠮᠡᠨ ᠮᠦ ᠠᠴᠠ ᠲᠡᠭᠡᠭᠰᠢ ᠰᠢᠨ᠎ᠡ ᠪᠠᠷ ᠨᠡᠮᠡᠭᠳᠡᠬᠦᠯᠵᠤ | ᠂ ᠪᠦᠲᠦᠮᠵᠢ ᠰᠠᠶᠢᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 2000 ᠲᠦᠮᠡᠨ ᠮᠦ ᠰᠢᠨ᠎ᠡ ᠪᠠᠷ | ᠨᠡᠮᠡᠭᠳᠡᠬᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢ ᠬᠤᠭᠤᠴᠠᠭ᠎ᠠ ᠨᠢ ᠲᠤᠯᠤᠬᠰᠠᠨ ᠤ | ᠲᠠᠷᠠᠭ᠎ᠠ ᠲᠠᠬᠢᠭᠠᠳ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠷᠤᠨ | ᠰᠠᠭᠤᠴᠠ ᠶᠢᠨ ᠭᠠᠵᠠᠷ ᠤᠨ ᠦᠮᠴᠢᠯᠡᠬᠦ ᠡᠷᠭᠡ᠂ ᠬᠢᠷᠢ ᠬᠡᠮ ᠤᠨ ᠡᠷᠭᠡ᠂ ᠬᠡᠷᠡᠭᠯᠡᠬᠦ ᠡᠷᠭᠡ ᠶᠢ ᠰᠠᠯᠭᠠᠬᠤ | ᠦᠭᠡᠷᠡᠴᠢᠯᠡᠯᠲᠡ ᠶᠢ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠡᠵᠡᠯᠡᠬᠦ ᠪᠡ ᠨᠦᠬᠦᠪᠦᠷᠢᠯᠡᠬᠦ ᠶᠢ ᠳᠡᠩᠴᠡᠭᠦᠷᠢᠳᠠᠢ | ᠪᠠᠶᠢᠯᠭᠠᠬᠤ ᠬᠠᠮᠢᠶᠠᠷᠤᠯᠲᠠ ᠶᠢᠨ ᠠᠷᠭ᠎ᠠ ᠶᠢ ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠦ ᠲᠠᠷᠢᠶᠠᠨ ᠭᠠᠵᠠᠷ ᠤᠨ | ᠬᠦᠢᠴᠡᠳᠭᠡᠯ ᠲᠤᠭ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠭᠳᠠᠯ ᠲᠠᠢ ᠬᠤᠯᠪᠣᠭᠳᠠᠭᠤᠯᠵᠤ ᠠᠷᠪᠢᠯᠠᠨ ᠭᠠᠷᠭᠠᠬᠤ ᠬᠦᠢᠴᠡᠳᠭᠡᠯ ᠲᠤᠭ᠎ᠠ ᠳᠤ ᠮᠤᠵᠢ ᠤᠷᠤᠨ ᠠᠯᠤᠰᠯᠠᠨ | ᠲᠤᠬᠢᠷᠠᠭᠤᠯᠤᠯᠲᠠ ᠬᠢᠬᠦ ᠲᠤᠭᠲᠠᠴᠠ ᠶᠢ ᠪᠠᠶᠢᠭᠤᠯᠵᠤ᠂ ᠤᠯᠤᠭᠰᠠᠨ ᠠᠰᠢᠭ ᠤᠷᠤᠯᠭ᠎ᠠ ᠶᠢ ᠪᠦᠬᠦᠨ ᠢ ᠶᠠᠳᠠᠭᠤ ᠠᠴᠠ | ᠠᠩᠬᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠬᠦ ᠪᠠ ᠬᠦᠳᠡᠭᠡ ᠲᠤᠰᠬᠤᠨ ᠤ ᠬᠦᠭᠵᠢᠯᠲᠡ ᠶᠢ ᠲᠡᠮᠵᠢᠬᠦ ᠳᠤ | ᠬᠡᠷᠡᠭᠯᠡᠨ᠎ᠡ᠃ | 13. ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ᠎ᠠ | ᠤᠰᠤ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠮᠡᠳᠡᠭᠡ ᠵᠠᠩᠬᠢ ᠲᠠᠮᠵᠢᠭᠤᠯᠬᠤ ᠵᠡᠷᠭᠡ ᠰᠠᠭᠤᠷᠢ | ᠲᠦᠬᠦᠭᠡᠷᠤᠮᠵᠢ ᠶᠢ ᠰᠠᠶᠢᠵᠢᠷᠠᠭᠤᠯᠤᠨ᠂ ᠬᠦᠲᠡᠭᠡ ᠲᠤᠰᠬᠤᠨ ᠤ ᠵᠠᠰᠠᠮᠠᠯ ᠵᠠᠮ ᠢ 20 ᠳᠦᠮᠡᠨ ᠺᠢᠯᠤᠮᠧᠲᠷ ᠰᠢᠨ᠎ᠡ ᠪᠠᠷ | ᠲᠡᠪᠢᠰᠬᠦ ᠪᠠ ᠦᠭᠡᠷᠡᠴᠢᠯᠡᠨ ᠲᠡᠪᠢᠰᠦᠨ᠎ᠡ᠃ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠵᠤ᠂ ︽ᠵᠤᠷᠯᠤᠩ ᠤᠨ | ᠬᠤᠪᠢᠰᠬᠠᠯ︾ ᠢ ᠠᠬᠢᠭᠤᠯᠤᠨ᠎ᠠ᠃ ᠬᠦᠳᠡᠭᠡ ᠲᠤᠰᠬᠤᠨ ᠤ ᠬᠠᠭᠤᠴᠢᠨ ᠬᠡᠪ ᠵᠠᠩᠰᠢᠯ ᠢ ᠦᠭᠡᠷᠡᠴᠢᠯᠡᠬᠦ ᠠᠵᠢᠯ ᠢ | ᠠᠬᠢᠭᠤᠯᠤᠨ᠎ᠠ᠃ ᠦᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠮᠤᠷᠠᠯ ᠢᠶᠠᠷ ᠵᠠᠰᠠᠬᠤ ᠶᠢ | ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ᠎ᠡ᠃ | 14. ᠡᠨᠡ ᠵᠢᠯ ᠲᠠᠬᠢᠨ 1300 ᠳᠦᠮᠡᠨ ᠬᠦᠮᠦᠨ ᠢ ᠬᠤᠲᠠ ᠳᠤ ᠡᠷᠦᠬᠡ ᠠᠮᠠ ᠤᠷᠤᠭᠤᠯᠤᠨ᠎ᠠ | ᠡᠨᠡ ᠵᠢᠯ ᠲᠠᠬᠢᠨ 1300 ᠳᠦᠮᠡᠨ ᠬᠦᠮᠦᠨ ᠢ ᠬᠤᠲᠠ ᠳᠤ ᠡᠷᠦᠬᠡ ᠠᠮᠠ ᠤᠷᠤᠭᠤᠯᠵᠤ᠂ ᠲᠠᠷᠢᠶᠠᠯᠠᠩ ᠠᠴᠠ | ᠰᠢᠯᠵᠢᠭᠰᠡᠨ ᠬᠦᠮᠦᠨ ᠠᠮᠠ ᠶᠢ ᠬᠤᠲᠠ ᠶᠢᠨ ᠠᠷᠠᠳ ᠪᠤᠯᠭᠠᠬᠤ ᠠᠵᠢᠯ ᠢ ᠲᠦᠷᠭᠡᠳᠭᠡᠨ᠎ᠡ᠃ ᠤᠯᠠᠨ ᠨᠡᠶᠢᠲᠡ ᠶᠢᠨ | ᠵᠠᠮ ᠨᠡᠪᠲᠡᠷᠡᠯᠭᠡ ᠶᠢ ᠤᠷᠢᠳ ᠢᠶᠠᠷ ᠬᠦᠭᠵᠢᠬᠦᠯᠵᠤ᠂ ᠢᠳᠡᠰᠢᠨ ᠨᠤᠭᠤᠭ᠎ᠠ ᠶᠢᠨ ᠵᠠᠬ᠎ᠠ ᠲᠡᠯᠭᠡᠬᠦᠷ᠂ ᠲᠡᠷᠭᠡᠨ | ᠵᠤᠭᠰᠤᠭᠠᠯ ᠵᠡᠷᠭᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠬᠦᠭᠡᠷᠤᠮᠵᠢ ᠶᠢ ᠪᠦᠷᠢᠨᠰᠢᠬᠦᠯᠦᠨ᠎ᠡ᠃ ︽ | ᠬᠤᠲᠠ ᠶᠢᠨ ᠳᠤᠮᠳᠠᠬᠢ ᠲᠤᠰᠬᠤᠨ︾᠂ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠯᠲᠡ ᠶᠢ ᠡᠮᠬᠢ | ᠴᠡᠭᠴᠡ ᠲᠠᠢ ᠠᠬᠢᠭᠤᠯᠵᠤ᠂ ᠢᠵᠢ ᠪᠦᠷᠢᠳᠦᠬᠦᠯᠬᠦ ᠲᠦᠬᠦᠬᠡᠷᠦᠮᠵᠢ ᠶᠢ ᠳᠡᠬᠦᠯᠳᠡᠷᠵᠢᠬᠦᠯᠵᠦ᠂ ᠨᠦᠬᠦᠴᠡᠯ ᠲᠠᠢ | ᠨᠢᠭᠡ ᠶᠢᠨ ᠬᠢᠨᠢ ᠴᠠᠬᠢᠯᠭᠠᠨ ᠱᠠᠳᠤ ᠨᠡᠮᠡᠵᠤ ᠤᠭᠰᠠᠷᠠᠬᠤ ᠶᠢ ᠵᠤᠷᠢᠬᠵᠢᠭᠤᠯᠤᠨ᠎ᠠ᠃ ᠦᠶᠡᠷ ᠵᠠᠯᠠᠬᠤ ᠬᠤᠭᠤᠯᠠᠢ ᠳᠤᠤᠷ | ᠂ ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ ᠬᠤᠭᠤᠯᠠᠢ ᠶᠢᠨ ᠬᠤᠩᠬᠢᠯ ᠵᠡᠷᠭᠡ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ | 15. ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠢᠴᠢᠶᠡᠯ ᠤᠨ ᠭᠠᠳᠠᠨᠠᠬᠢ ᠲᠠᠷᠤᠭᠠᠰᠤ ᠬᠦᠨᠳᠤ | ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ | ᠭᠤᠤᠯᠴᠢ ᠪᠦᠭᠡᠳ ᠴᠢᠨᠠᠷ ᠰᠠᠶᠢᠳᠠᠢ ᠰᠤᠷᠭᠠᠨ ᠬᠦᠮᠦᠵᠢᠯ ᠢ ᠬᠦᠭᠵᠢᠬᠦᠯᠦᠨ᠎ᠡ᠃ ᠬᠤᠲᠠ ᠬᠦᠳᠡᠭᠡ ᠶᠢᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠠᠬᠢᠭᠤᠯᠵᠤ᠂ ᠰᠤᠷᠭᠠᠨ | ᠬᠦᠮᠦᠵᠢᠯ ᠤᠨ ᠤᠷᠤᠭᠤᠯᠤᠯᠲᠠ ᠶᠢ ᠬᠦᠴᠢᠷᠲᠡᠯ ᠲᠠᠢ ᠭᠠᠵᠠᠷ ᠤᠷᠤᠨ ᠪᠠ ᠪᠠᠭᠤᠷᠠᠢ ᠭᠤᠭᠴᠤᠭ᠎ᠠ ᠲᠡᠰᠢ | ᠦᠷᠬᠦᠯᠵᠢᠯᠡᠨ ᠬᠡᠯᠪᠠᠶᠢᠯᠭᠡᠨ᠎ᠡ᠃ ᠬᠦᠳᠡᠭᠡ ᠲᠤᠰᠬᠤᠨ ᠤ ᠰᠤᠷᠤᠭᠴᠢ ᠶᠢᠨ ᠰᠤᠷᠤᠯᠭ᠎ᠠ ᠪᠠᠨ ᠲᠤᠷᠭᠤᠨ ᠵᠤᠭᠰᠤᠬᠤ | ᠨᠤᠷᠮ᠎ᠠ ᠶᠢ ᠦᠨᠡᠨ ᠬᠦ ᠪᠠᠭᠤᠷᠠᠭᠤᠯᠵᠤ᠂ ᠬᠤᠲᠠ ᠪᠠᠯᠭᠠᠰᠤᠨ ᠤ ︽ᠰᠤᠷᠤᠭᠴᠢ ᠤᠯᠠᠨᠲᠠᠢ ᠠᠩᠬᠢ︾ ᠶᠢᠨ | ᠦᠵᠡᠭᠳᠡᠯ ᠢ ᠱᠠᠯᠠᠪᠳᠠᠨ ᠠᠷᠢᠯᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠢᠴᠢᠶᠡᠯ ᠤᠨ | ᠭᠠᠳᠠᠨᠠᠬᠢ ᠲᠠᠷᠤᠭᠠᠰᠤ ᠬᠦᠨᠳᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠬᠦᠳᠡᠭᠡ ᠲᠤᠰᠬᠤᠨ ᠪᠠ | ᠶᠠᠳᠠᠭᠤ ᠬᠦᠴᠢᠷᠲᠡᠯ ᠲᠠᠢ ᠭᠠᠵᠠᠷ ᠤᠷᠤᠨ ᠠᠴᠠ ᠲᠤᠰᠬᠠᠢ ᠵᠦᠢᠯ ᠢᠶᠠᠷ ᠰᠤᠷᠤᠭᠴᠢ ᠡᠯᠰᠡᠬᠦ ᠲᠦᠯᠦᠪᠯᠡᠭᠡ ᠶᠢ | ᠦᠷᠬᠦᠯᠵᠢᠯᠡᠨ ᠬᠡᠷᠡᠭᠵᠢᠬᠦᠯᠤᠨ᠎ᠡ᠃ | 16. ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ | ᠬᠠᠨᠭ᠍ᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠦᠨ᠎ᠡ | ᠨᠡᠶᠢᠭᠡᠮ ᠤᠨ ᠬᠦᠴᠦᠨ ᠠᠴᠠ ᠡᠮᠨᠡᠯᠭᠡ ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ᠂ ᠰᠤᠶᠤᠯ᠂ | ᠪᠡᠶ᠎ᠡ ᠶᠢᠨ ᠲᠠᠮᠢᠷ ᠵᠡᠷᠭᠡ ᠳᠠᠬᠢ ᠦᠢᠯᠡᠴᠢᠯᠡᠭᠡᠨ ᠤ ᠬᠠᠨᠭ᠍ᠭᠠᠯᠭ᠎ᠠ ᠪᠠᠨ ᠨᠡᠮᠡᠭᠳᠡᠬᠦᠯᠬᠦ ᠶᠢ ᠲᠡᠮᠵᠢᠨ᠎ᠡ᠃ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠨᠭ᠍ᠭᠠᠯᠭ᠎ᠠ ᠶᠢ | ᠤᠯᠠᠨ ᠠᠷᠭ᠎ᠠ ᠵᠠᠮ ᠢᠶᠠᠷ ᠨᠡᠮᠡᠭᠳᠡᠬᠦᠯᠵᠤ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢᠴᠢᠯᠠᠭᠰᠠᠨ ᠠᠷᠭ᠎ᠠ ᠪᠠᠷᠢᠯ ᠢ | ᠬᠡᠷᠡᠭᠯᠡᠨ᠂ ᠬᠡᠦᠭᠡᠳ ᠢ ᠨᠠᠶᠢᠳᠠᠵᠤ ᠬᠦᠮᠦᠵᠢᠬᠦᠯᠬᠦ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠭᠡᠷ ᠤᠨ ᠠᠬᠠᠮᠠᠳ ᠢ ᠵᠠᠪᠠᠯ ᠰᠠᠨᠠᠭ᠎ᠠ ᠠᠮᠤᠷ ᠰᠡᠳᠬᠢᠯ ᠲᠠᠶᠢᠪᠤᠭᠤ ᠪᠤᠯᠭᠠᠬᠤ ᠬᠡᠷᠡᠭᠳᠠᠢ᠃ | 17. ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠡᠳ᠋ ᠤᠨ | ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ ᠲᠠᠬᠢᠨ 40 ᠲᠦᠬᠦᠷᠢᠭ ᠨᠡᠮᠡᠭᠳᠡᠬᠦᠯᠦᠨ᠎ᠡ | ᠡᠷᠡᠬᠦᠯ ᠡᠩᠭᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠡ᠃ ᠦᠨᠳᠦᠰᠦᠨ | ᠡᠮᠨᠡᠯᠭᠡ ᠶᠢᠨ ᠲᠠᠭᠠᠳᠬᠠᠯ ᠪᠠ ᠬᠦᠨᠳᠤ ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ | ᠲᠡᠭᠡᠭᠰᠢᠯᠡᠬᠦᠯᠵᠤ᠂ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ | ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ ᠲᠠᠬᠢᠨ 40 ᠲᠦᠬᠦᠷᠢᠭ ᠨᠡᠮᠡᠭᠳᠡᠬᠦᠯᠵᠤ᠂ ᠬᠠᠭᠠᠰ ᠢ ᠨᠢ | ᠬᠦᠨᠳᠤ ᠡᠪᠡᠳᠴᠢᠨ ᠤ ᠲᠠᠭᠠᠳᠬᠠᠯ ᠳᠤ ᠬᠡᠷᠡᠭᠯᠡᠨ᠎ᠡ᠃ ᠮᠤᠵᠢ ᠠᠯᠤᠰᠯᠠᠨ ᠤᠨᠳᠤᠤ ᠭᠠᠵᠠᠷ ᠡᠮᠨᠡᠬᠦᠯᠦᠭᠰᠡᠨ ᠵᠠᠷᠤᠳᠠᠯ ᠢ | ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠦᠷᠭᠡᠳᠭᠡᠵᠤ᠂ ᠦᠨᠳᠦᠰᠦᠨ ᠱᠠᠳᠤᠨ ᠤ ᠡᠮᠨᠡᠯᠭᠡ ᠶᠢᠨ ᠬᠤᠷᠢᠶ᠎ᠠ ᠪᠠ | ᠭᠠᠳᠠᠭᠰᠢ ᠭᠠᠷᠤᠭᠰᠠᠨ ᠬᠦᠯᠦᠰᠦᠨ ᠠᠵᠢᠯᠴᠢᠨ᠂ ᠭᠠᠳᠠᠷ ᠤᠷᠤᠨ ᠠᠴᠠ ᠢᠷᠡᠵᠤ ᠠᠵᠢᠯ ᠤᠯᠵᠤ ᠠᠳᠠᠯ ᠦᠢᠯᠡᠰ | ᠴᠤᠭᠴᠠᠯᠠᠭᠰᠠᠳ ᠵᠡᠷᠭᠡ ᠶᠢ ᠴᠦᠮ ᠡᠨᠡ ᠬᠡᠪᠴᠢᠶᠡᠨ ᠳᠤ ᠤᠷᠤᠭᠤᠯᠤᠨ᠎ᠠ᠃ | 18. ᠭᠠᠳᠠᠷ ᠣᠷᠣᠨ ᠠᠴᠠ ᠢᠷᠡᠵᠦ ᠠᠵᠢᠯ ᠭᠦᠳᠡᠯᠮᠦᠷᠢ ᠭᠢᠵᠦ ᠪᠠᠶᠢᠭ᠎ᠠ ᠭᠦᠮᠦᠰ ᠢ ᠪᠠᠳᠤᠯᠠᠭ᠎ᠠ ᠶᠢᠨ | ᠬᠦᠷᠢᠶ᠎ᠡ ᠬᠡᠪᠴᠢᠶᠡᠨ ᠳᠤ ᠤᠷᠤᠭᠤᠯᠤᠨ᠎ᠠ | ᠦᠪᠤᠩᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ ᠶᠢᠨ ᠪᠡᠷᠭᠡ ᠰᠡᠳᠦᠪ ᠢ ᠰᠢᠢᠳᠪᠦᠷᠢᠯᠡᠬᠦ | ᠰᠢᠨ᠎ᠡ ᠨᠢᠭᠡᠨ ᠡᠭᠡᠯᠵᠢ ᠶᠢᠨ ᠭᠤᠷᠪᠠᠨ ᠵᠢᠯ ᠤᠨ ᠲᠦᠯᠦᠪᠯᠡᠭᠡ ᠶᠢ ᠡᠬᠢᠯᠡᠬᠦᠯᠵᠦ᠂ ᠡᠨᠡ ᠵᠢᠯ 580 ᠲᠦᠮᠡᠨ ᠢᠵᠢ | ᠤᠷᠤᠨ ᠰᠠᠭᠤᠴᠠ ᠶᠢ ᠦᠭᠡᠷᠡᠴᠢᠯᠡᠬᠦ ᠠᠵᠢᠯ ᠢ ᠡᠬᠢᠯᠡᠬᠦᠯᠦᠨ᠎ᠡ᠃ ᠨᠠᠶᠢᠳᠡ ᠶᠢᠨ ᠲᠦᠷᠢᠶᠡᠰᠦᠨ ᠤᠷᠤᠨ ᠰᠠᠭᠤᠴᠠ ᠶᠢ | ᠪᠠᠳᠤᠯᠠᠬᠤ ᠡᠷᠴᠢᠮ ᠢᠶᠠᠨ ᠴᠢᠩᠭᠠᠷᠠᠭᠤᠯᠵᠦ᠂ ᠣᠷᠤᠯᠭ᠎ᠠ ᠪᠠᠭᠠᠲᠠᠢ ᠪᠦᠬᠡᠳ ᠣᠷᠤᠨ ᠰᠠᠭᠤᠴᠠ ᠶᠢᠨ ᠬᠦᠴᠢᠷᠳᠡᠯ ᠲᠠᠢ | ᠭᠡᠷ ᠪᠦᠯᠢ ᠶᠢᠨ ᠪᠠᠳᠤᠯᠠᠬᠤ ᠶᠤᠰᠤᠳᠡᠢ ᠶᠢ ᠨᠢ ᠴᠦᠮ ᠪᠠᠳᠤᠯᠠᠵᠦ᠂ ᠨᠦᠬᠦᠴᠡᠯ ᠳᠤ ᠨᠡᠶᠢᠴᠡᠬᠦ ᠰᠢᠨ᠎ᠡ ᠪᠠᠷ ᠠᠵᠢᠯ | ᠤᠯᠤᠬᠰᠠᠨ ᠤᠷᠤᠨ ᠰᠠᠭᠤᠴᠠ ᠦᠭᠡᠢ ᠠᠵᠢᠯᠳᠠᠨ ᠠᠵᠢᠯᠴᠢᠨ᠂ ᠭᠠᠳᠠᠷ ᠣᠷᠣᠨ ᠠᠴᠠ ᠢᠷᠡᠵᠦ ᠠᠵᠢᠯ ᠭᠦᠳᠡᠯᠮᠦᠷᠢ | ᠭᠢᠵᠦ ᠪᠠᠶᠢᠭ᠎ᠠ ᠭᠦᠮᠦᠰ ᠢ ᠪᠠᠳᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠰᠠᠭᠤᠭᠠᠯᠢ ᠠᠷᠠᠳ ᠤᠨ | ᠦᠪᠡᠷ ᠢᠶᠠᠨ ᠰᠠᠭᠤᠬᠤ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠲᠡᠮᠵᠢᠵᠦ᠂ ᠤᠷᠤᠨ ᠰᠠᠭᠤᠴᠠ ᠶᠢᠨ | ᠲᠦᠷᠢᠶᠡᠰᠦᠯᠡᠯ ᠤᠨ ᠵᠠᠬ᠎ᠠ ᠲᠡᠯᠭᠡᠬᠦᠷ ᠢ ᠪᠤᠶᠢᠵᠢᠭᠤᠯᠵᠦ᠂ ᠬᠠᠮᠳᠤ ᠪᠠᠷ ᠦᠮᠴᠢᠯᠡᠬᠦ ᠦᠮᠴᠢᠯᠡᠯ ᠤᠨ ᠡᠷᠬᠡ ᠲᠠᠢ ᠤᠷᠤᠨ | ᠰᠠᠭᠤᠴᠠ ᠶᠢ ᠬᠦᠭᠵᠢᠬᠦᠯᠦᠨ᠎ᠡ᠃ | 19. ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠨᠡᠶᠢᠭᠡᠮ ᠤᠨ ᠠᠪᠤᠷᠠᠨ | ᠲᠤᠰᠠᠯᠠᠯᠲᠠ᠂ ᠠᠰᠠᠷᠠᠮᠵᠢ ᠬᠠᠷᠠᠭᠠᠯᠵᠠᠯ ᠵᠡᠷᠭᠡ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠡ | ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠨᠡᠶᠢᠭᠡᠮ ᠤᠨ ᠠᠪᠤᠷᠠᠨ | ᠲᠤᠰᠠᠯᠠᠯᠲᠠ᠂ ᠠᠰᠠᠷᠠᠮᠵᠢ ᠬᠠᠷᠠᠭᠠᠯᠵᠠᠯ ᠵᠡᠷᠭᠡ ᠶᠢᠨ ᠪᠠᠷᠢᠮᠵᠢᠶ᠎ᠠ ᠶᠢ ᠲᠤᠬᠳᠠᠭᠤᠨ ᠢᠶᠠᠷ ᠲᠡᠭᠡᠭᠰᠢᠯᠡᠬᠦᠯᠦᠨ᠎ᠡ᠃ ᠬᠦᠮᠦᠨ | ᠠᠮᠠ ᠶᠢᠨ ᠨᠠᠰᠤᠵᠢᠯᠳᠠ ᠶᠢᠨ ᠠᠰᠠᠭᠤᠳᠠᠯ ᠢ ᠢᠳᠡᠪᠬᠢᠳᠡᠢ ᠠᠷᠭᠠᠴᠠᠵᠦ᠂ ᠭᠡᠷ ᠲᠤᠨᠢ ᠠᠰᠠᠷᠠᠬᠤ᠂ ᠨᠡᠶᠢᠭᠡᠮ | ᠲᠤᠭᠤᠷᠢᠬ ᠲᠤ ᠠᠰᠠᠷᠠᠬᠤ ᠪᠠ ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢ ᠬᠦᠭᠵᠢᠬᠦᠯᠵᠦ᠂ ᠡᠮᠨᠡᠬᠦ | ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠦ᠂ ᠨᠠᠰᠤᠳᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ | ᠴᠢᠨᠠᠷ ᠢ ᠲᠡᠭᠡᠭᠰᠢᠯᠡᠬᠦᠯᠦᠨ᠎ᠡ᠃ ᠴᠡᠷᠢᠭ ᠤᠨ ᠪᠠ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢ ᠠᠰᠠᠷᠠᠵᠦ | ᠬᠠᠷᠠᠭᠠᠯᠵᠠᠬᠤ ᠠᠵᠢᠯ ᠢ ᠰᠠᠶᠢᠳᠤᠷ ᠬᠢᠨ᠎ᠡ᠃ ᠵᠡᠮᠳᠡᠭᠴᠤᠳ ᠤᠨ ᠡᠷᠡᠬᠦᠯᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ | ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠨᠡᠶᠢᠳᠡ ᠶᠢᠨ ᠠᠰᠠᠷᠠᠮᠵᠢ ᠶᠢᠨ ᠪᠠ | ᠨᠢᠬᠦᠯᠡᠰᠦᠩᠬᠦᠢ ᠶᠢᠨ ᠦᠢᠯᠡᠰ ᠤᠨ ᠬᠦᠭᠵᠢᠯᠳᠡ ᠶᠢ ᠲᠡᠮᠵᠢᠨ᠎ᠡ᠃ | 20. ᠭᠤᠤᠯᠲᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠲᠦ ᠪᠤᠲᠠᠰ ︵PM2.5︶ ᠤᠨ | ᠦᠳᠭᠡᠴᠠ ᠶᠢ ᠦᠷᠬᠦᠯᠵᠢᠯᠡᠨ ᠪᠠᠭᠤᠷᠠᠭᠤᠯᠤᠨ᠎ᠠ | ᠴᠡᠯᠮᠡᠭ ᠠᠭᠠᠷ ᠢ ᠬᠠᠮᠠᠭᠠᠯᠠᠬᠤ ᠪᠠᠶᠢᠯᠳᠤᠭᠠᠨ ᠤ ᠦᠷ᠎ᠠ ᠪᠦᠳᠤᠭᠡᠯ ᠢ ᠪᠠᠬᠢᠵᠢᠬᠦᠯᠤᠨ᠎ᠠ᠂ ᠡᠨᠡ ᠵᠢᠯ ᠬᠦᠬᠦᠷ ᠤᠨ | ᠲᠠᠪᠬᠤᠷ ᠢᠰᠦᠯ᠂ ᠠᠽᠤᠲ ᠤᠨ ᠢᠰᠦᠮᠡᠭ ᠤᠨ ᠭᠠᠲᠠᠭᠰᠢᠯᠠᠭᠤᠯᠤᠯᠲᠠ ᠶᠢ 3% ᠪᠠᠷ ᠪᠠᠭᠤᠷᠠᠭᠤᠯᠵᠤ᠂ | ᠭᠤᠤᠯᠲᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠲᠦ ᠪᠤᠲᠠᠰ ︵PM2.5︶ ᠤᠨ ᠦᠳᠭᠡᠴᠠ ᠶᠢ | ᠦᠷᠬᠦᠯᠵᠢᠯᠡᠨ ᠪᠠᠭᠤᠷᠠᠭᠤᠯᠤᠨ᠎ᠠ᠃ |