ᠮᠤᠩᠭᠤᠯ ᠤᠨ ︽ᠳ᠋ᠠᠨᠵᠤᠤᠷ︾ ᠲᠤᠷᠠᠰᠬᠠᠯ ᠤᠨ ᠬᠦᠰᠢᠶ᠎ᠠ ᠲᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠪᠦᠷᠢᠳᠬᠡᠭᠳᠡᠯ᠎ᠠ
ᠨᠡᠶᠢᠲᠡᠯᠡᠭᠰᠡᠨ ᠴᠠᠭ᠄
2018-03-09
     ᠮᠤᠩᠭᠤᠯ ᠤᠨ ᠴᠠᠬᠢᠯᠭᠠᠨ ᠮᠡᠳᠡᠬᠡᠨ ᠤ ᠴᠢᠮᠡᠬᠡᠯᠡᠯ ᠤᠨ ᠬᠤᠷᠢᠶ᠎ᠠ ᠶᠢᠨ ᠮᠡᠳᠡᠬᠡᠯᠡᠯ ᠢ ᠦᠨᠳᠦᠰᠦᠯᠡᠪᠡᠯ᠂ ᠮᠤᠩᠭᠤᠯ ᠤᠯᠤᠰ ᠤᠨ ᠤᠯᠤᠰ ᠤᠨ ᠨᠤᠮ ᠤᠨ ᠰᠠᠩ ᠳᠤ ᠬᠠᠳᠠᠭᠠᠯᠬᠠᠳᠠᠵᠦ ᠪᠠᠶᠢᠭ᠎ᠠ ︽ᠮᠤᠩᠭᠤᠯ ᠳ᠋ᠨᠨᠵᠤᠤᠷ︾ ᠤᠨ ᠲᠤᠷᠠᠰᠬᠠᠯ ᠤᠨ ᠬᠦᠰᠢᠶ᠎ᠠ ᠶᠢ ᠲᠦᠷᠦᠬᠦᠬᠡᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠥᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠲᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠪᠦᠷᠢᠳᠬᠡᠬᠦᠯᠦᠯ᠎ᠠ᠃ ᠲᠤᠰ ᠲᠤᠷᠠᠰᠬᠠᠯ ᠤᠨ ᠬᠦᠰᠢᠶ᠎ᠠ ᠶᠢ 1924 ᠤᠨ ᠳᠤ ︽ᠮᠤᠩᠭᠤᠯ ᠳ᠋ᠠᠨᠵᠤᠤᠷ︾ ᠤᠨ 226 ᠪᠤᠳᠢ ᠰᠤᠳᠤᠷ ᠪᠢᠴᠢᠭ ᠢ ᠮᠤᠩᠭᠤᠯ ᠤᠯᠤᠰ ᠲᠤ ᠨᠡᠬᠦᠯᠬᠡᠨ ᠰᠢᠯᠵᠢᠬᠦᠯᠦᠭᠰᠡᠨ ᠬᠤᠭᠤᠴᠠᠭᠠᠨ ᠳᠤ ᠡᠬᠦᠳᠦᠨ ᠪᠦᠳᠦᠬᠡᠵᠦ᠂ ᠲᠡᠯᠡᠬᠡᠢ ᠳᠤ ᠬᠤᠪᠤᠷᠬᠠᠨ ᠲᠡᠤᠬᠡ ᠶᠢᠨ ᠲᠤᠷᠠᠰᠬᠠᠯᠳᠤ ᠵᠦᠢᠯ ᠶᠤᠮ᠃ ᠮᠥᠨ ᠴᠤ ᠲᠦᠷᠪᠡᠨ ᠬᠦᠮᠥᠨ ᠤ ᠭᠠᠷ ᠤᠨ ᠦᠰᠦᠭ ᠢᠶᠠᠨ ᠵᠢᠷᠤᠵᠦ ᠲᠠᠮᠠᠭᠠᠯᠠᠬᠰᠠᠨ ᠴᠢᠯᠠᠭᠤᠨ ᠰᠠᠶᠢᠯᠤᠮᠠᠯ ᠶᠤᠮ᠃      ᠦᠢᠯᠠᠭᠠᠬᠰᠠᠨ ᠢᠶᠠᠷ᠂ ᠤᠯᠤᠰ ᠤᠨ ᠨᠤᠮ ᠤᠨ ᠰᠠᠩ ᠳᠤ ᠬᠠᠳᠠᠭᠠᠯᠠᠬᠳᠠᠵᠦ ᠪᠠᠶᠢᠭ᠎ᠠ ︽ᠭᠠᠨᠵᠤᠤᠷ︾ ᠪᠠ ︽ᠳ᠋ᠨᠨᠵᠤᠤᠷ︾ ᠨᠢ 2011 ᠤᠨ ᠳᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠥᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠲᠡᠯᠡᠬᠡᠢ ᠶᠢᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠪᠦᠷᠢᠳᠬᠡᠬᠦᠯᠦᠭᠰᠡᠨ ᠮᠤᠩᠭᠤᠯ ᠤᠯᠤᠰ ᠤᠨ ᠠᠩᠬᠠᠨ ᠤ ᠪᠦᠳᠦᠬᠡᠯ ᠪᠠᠶᠢᠪᠠ᠃      ᠬᠡᠯᠡ ᠪᠢᠴᠢᠭ ᠤᠨ ᠰᠤᠳᠤᠯᠭᠠᠨ ᠤ ᠭᠠᠵᠠᠷ ᠤᠨ ᠲᠦᠷᠦᠬᠦᠴᠢ ᠶᠢᠨ ᠭᠠᠵᠠᠷ ᠤᠨ ᠲᠠᠷᠤᠭ᠎ᠠ ᠰ᠊ · ᠵᠠᠮᠢᠶᠠᠨ ᠦᠪᠦᠷ ᠮᠤᠩᠭᠤᠯ ᠤᠨ ᠴᠠᠬᠠᠷ ᠤᠨ ᠨᠢᠬᠡᠨ ᠰᠦᠮ᠎ᠠ ᠳᠤ ᠬᠠᠳᠠᠭᠠᠯᠠᠬᠳᠠᠵᠦ ᠪᠠᠶᠢᠬᠰᠠᠨ ︽ᠳ᠋ᠨᠨᠵᠤᠤᠷ︾ ᠢ ᠮᠤᠩᠭᠤᠯ ᠤᠯᠤᠰ ᠲᠤ ᠨᠡᠬᠦᠯᠬᠡᠨ ᠰᠢᠯᠵᠢᠬᠦᠯᠬᠦ ᠬᠡᠯᠡᠯᠴᠡᠬᠡᠷ ᠲᠤ 1942 ᠤᠨ ᠤ 10 ᠰᠠᠷ᠎ᠠ ᠶᠢᠨ 28 ᠤ ᠡᠳᠦᠷ ᠭᠠᠷ ᠤᠨ ᠦᠰᠦᠭ ᠵᠢᠷᠤᠵᠡᠢ᠃ ᠬᠢᠳᠠᠳ ᠮᠤᠩᠭᠤᠯ ᠬᠤᠶᠠᠷ ᠬᠡᠯᠡ ᠪᠠᠷ ᠲᠤᠰᠪᠤᠷᠢ 4 ᠬᠤᠪᠢ ᠲᠠᠷᠤᠮᠠᠯᠯᠡᠵᠡᠢ᠃ ᠲᠤᠰ ᠬᠡᠯᠡᠯᠴᠡᠬᠡᠷ ᠢᠶᠠᠷ᠂ 1929 ᠤᠨ ᠳᠤ ᠮᠤᠩᠭᠤᠯ ᠤᠯᠤᠰ ᠤᠨ ᠨᠠᠶᠢᠰᠯᠠᠯ ᠤᠯᠠᠭᠠᠨᠪᠠᠭᠠᠳᠤᠷ ᠤᠨ ᠤᠯᠤᠰ ᠤᠨ ᠨᠤᠮ ᠤᠨ ᠰᠠᠩ ᠳᠤ ᠲᠤᠰ ᠲᠤᠷᠠᠰᠬᠠᠯ ᠤᠨ ᠬᠦᠰᠢᠶ᠎ᠠ ᠶᠢ ᠪᠤᠰᠬᠠᠵᠦ᠂ ᠮᠤᠩᠭᠤᠯ ᠤᠨ ᠮᠦᠽᠧᠢ ᠶᠢᠨ ᠠᠩᠬᠠᠨ ᠤ ᠲᠠᠷᠤᠭ᠎ᠠ ᠨ᠊ · ᠲᠦᠡᠭᠳᠦᠪ ᠡᠬᠦᠳᠦᠨ ᠪᠦᠳᠦᠬᠡᠭᠰᠡᠨ ᠪᠠᠶᠢᠨ᠎ᠠ᠃
 
ᠢᠷᠡᠯᠲᠡ᠄ ᠤᠷᠳᠤᠰ ᠮᠣᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号