ᠶᠡᠷᠤᠩᠭᠡᠢ ᠰᠠᠶᠢᠳ ᠤᠨ ᠠᠵᠢᠯ ᠤᠨ ᠢᠯᠡᠳᠭᠡᠯ ᠳᠠᠬᠢ 20 ᠰᠠᠶᠢᠨ ᠰᠠᠨᠠᠭᠤᠯᠭ᠎ᠠ
ᠨᠡᠶᠢᠲᠡᠯᠡᠭᠰᠡᠨ ᠴᠠᠭ᠄
2018/3/9
     5 ᠤ ᠡᠳᠤᠷ  ᠤᠨ ᠦᠳᠡ ᠶᠢᠨ ᠡᠮᠤᠨᠡᠬᠢ 9 ᠴᠠᠭ ᠲᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠬᠦ ᠬᠤᠷᠠᠯ ᠬᠢᠵᠤ᠂ ᠶᠡᠷᠤᠩᠭᠡᠢ ᠰᠠᠶᠢᠳ ᠯᠢ ᠺᠧ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠪᠠ᠃      2018 ᠤᠨ ᠤ ᠵᠠᠰᠠᠭ ᠤᠨ ᠤᠷᠳᠤᠨ ᠤ ᠠᠵᠢᠯ ᠤᠨ ᠲᠤᠬᠠᠢ ᠯᠢ ᠺᠧ ᠴᠢᠶᠠᠩ ᠰᠠᠨᠠᠭᠤᠯᠭ᠎ᠠ ᠲᠤᠷᠠᠳᠪᠠ᠃ ᠰᠠᠶᠢᠨ ᠰᠠᠨᠠᠭᠤᠯᠭ᠎ᠠ ᠨᠤᠭᠤᠳ ᠨᠡᠯᠢᠶᠡᠳ ᠤᠯᠠᠨ ᠪᠠᠶᠢᠨ᠎ᠠ︕ ᠠᠷᠠᠳ ᠤᠨ ᠰᠦᠯᠵᠢᠶ᠎ᠠ ᠰᠢᠭᠤᠳ ᠨᠡᠪᠳᠡᠷᠡᠬᠦᠯᠭᠡ ᠶᠢᠨ ᠲᠡᠮᠳᠡᠭᠯᠡᠯ ᠢ ᠦᠨᠳᠤᠰᠤᠯᠡᠨ ᠨᠢᠭᠡ ᠨᠢᠭᠡ ᠪᠠᠷ ᠰᠤᠩᠭᠤᠨ ᠭᠠᠷᠭᠠᠪᠠ᠃      1. ᠲᠤᠭ᠎ᠠ ᠪᠠᠷᠢᠮᠳᠠ ᠶᠢᠨ ᠤᠷᠤᠰᠴᠠ ᠶᠢᠨ ᠰᠦᠢᠳᠬᠡᠯ ᠢ ᠡᠨᠡ ᠵᠢᠯ ᠨᠠᠭᠠᠳᠤ ᠵᠠᠬ᠎ᠠ ᠳᠠᠭᠠᠨ 30% ᠪᠠᠷ ᠪᠠᠭᠤᠷᠠᠭᠤᠯᠤᠨ᠎ᠠ      ᠰᠦᠯᠵᠢᠶ᠎ᠠ ᠶᠢᠨ ᠬᠤᠷᠲᠤᠴᠠ ᠶᠢ ᠲᠡᠭᠡᠭᠰᠢᠯᠡᠬᠦᠯᠦᠨ ᠰᠦᠢᠳᠭᠡᠯ ᠢ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠂ ᠬᠤᠷᠳᠤᠴᠠ ᠰᠠᠶᠢᠲᠠᠢ ᠦᠷᠭᠡᠨ ᠪᠦᠰᠡᠳᠦ ᠰᠦᠯᠵᠢᠶ᠎ᠠ ᠶᠢ ᠬᠤᠳᠠ ᠬᠦᠳᠡᠭᠡ ᠳᠤ ᠨᠡᠶᠢᠳᠡᠮ ᠨᠡᠪᠲᠡᠷᠡᠬᠦᠯᠵᠤ᠂ ᠤᠯᠠᠨ ᠨᠠᠶᠢᠳᠡ ᠶᠢᠨ ᠲᠠᠯᠠᠪᠤᠷ ᠲᠤ ᠰᠦᠢᠳᠬᠡᠯ ᠲᠤᠰᠢᠶᠠᠬᠤ ᠦᠬᠡᠢ ᠪᠠᠷ ᠰᠦᠯᠵᠢᠶᠡᠨ ᠳᠤ ᠭᠠᠷᠬᠤ ᠭᠡᠪᠴᠢᠶ᠎ᠠ ᠶᠢ ᠦᠷᠭᠡᠳᠭᠡᠵᠤ᠂ ᠬᠡᠷ ᠪᠦᠯᠢ ᠶᠢᠨ ᠦᠷᠬᠡᠨ ᠪᠦᠰᠡᠳᠦ ᠰᠦᠯᠵᠢᠶ᠎ᠡ᠂ ᠠᠵᠤ ᠠᠬᠤᠢᠢᠯᠠᠯ ᠤᠨ ᠦᠷᠭᠡᠨ ᠪᠦᠰᠡᠳᠦ ᠰᠦᠯᠵᠢᠶ᠎ᠠ ᠪᠣᠯᠣᠨ ᠲᠤᠰᠬᠠᠢ ᠱᠤᠭᠤᠮ ᠤᠨ ᠭᠡᠷᠡᠭᠯᠡᠬᠦ ᠰᠦᠢᠳᠭᠡᠯ ᠢ ᠮᠡᠳᠡᠭᠳᠡᠬᠦ᠋ᠢᠴᠡ ᠪᠠᠭᠤᠷᠠᠭᠤᠯᠵᠤ᠂ ᠲᠤᠭ᠎ᠠ ᠪᠠᠷᠢᠮᠲᠠ ᠶᠢᠨ ᠤᠷᠤᠰᠴᠠ ᠶᠢᠨ ᠤᠷᠤᠨ ᠠᠯᠤᠰᠯᠠᠨ ᠳᠠᠭᠠᠵᠤ ᠦᠢᠯᠡᠴᠢᠯᠡᠬᠦ ᠰᠦᠢᠳᠬᠡᠯ ᠢ ᠬᠦᠴᠦᠨ ᠦᠬᠡᠢ ᠪᠤᠯᠭᠠᠵᠤ᠂ ᠰᠢᠯᠵᠢᠮᠠᠯ ᠰᠦᠯᠵᠢᠶ᠎ᠠ ᠶᠢᠨ ᠲᠤᠭ᠎ᠠ ᠪᠠᠷᠢᠮᠳᠠ ᠶᠢᠨ ᠤᠷᠤᠰᠴᠠ ᠶᠢᠨ ᠰᠦᠢᠳᠬᠡᠯ ᠢ ᠡᠨᠡ ᠵᠢᠯ ᠨᠠᠭᠠᠳᠤ ᠵᠠᠬ᠎ᠠ ᠳᠠᠭᠠᠨ 30% ᠪᠠᠷ ᠪᠠᠭᠤᠷᠠᠭᠤᠯᠤᠨ᠎ᠡ᠃      2. ᠬᠤᠪᠢ ᠬᠦᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠡᠬᠢᠯᠡᠵᠤ ᠲᠠᠳᠠᠪᠤᠷᠢᠯᠠᠬᠤ ᠴᠡᠭ ᠢ ᠲᠡᠭᠡᠭᠰᠢᠯᠡᠬᠦᠯᠤᠨ᠎ᠠ      ᠬᠤᠪᠢ ᠬᠦᠮᠦᠨ ᠤ ᠠᠰᠢᠭ ᠤᠷᠤᠯᠭ᠎ᠠ ᠶᠢᠨ ᠭᠠᠶᠢᠯᠢ ᠶᠢᠨ ᠡᠬᠢᠯᠡᠵᠤ ᠲᠠᠳᠠᠪᠤᠷᠢᠯᠠᠬᠤ ᠴᠡᠭ ᠢ ᠲᠡᠭᠡᠭᠰᠢᠯᠡᠬᠦᠯᠤᠨ᠂ ᠦᠷ᠎ᠡ ᠬᠡᠦᠭᠡᠳ ᠢᠶᠠᠨ ᠬᠦᠮᠦᠵᠢᠬᠦᠯᠬᠦ᠂ ᠬᠦᠨᠳᠤ ᠡᠪᠡᠳᠴᠢᠨ ᠡᠮᠴᠢᠯᠡᠬᠦᠯᠬᠦ ᠵᠡᠷᠭᠡ ᠲᠤᠰᠬᠠᠢ ᠵᠠᠷᠤᠳᠠᠯ ᠢ ᠰᠠᠭᠤᠳᠬᠠᠨ ᠬᠠᠰᠤᠬᠤ ᠬᠡᠮᠵᠢᠶ᠎ᠡ ᠶᠢ ᠨᠡᠮᠡᠭᠳᠡᠬᠦᠯᠵᠤ᠂ ᠲᠠᠷᠤᠭᠠᠰᠤ ᠶᠢ ᠵᠦᠢ ᠵᠤᠬᠢᠰᠳᠠᠢ ᠪᠠᠷ ᠬᠦᠡᠭᠭᠡᠷᠡᠬᠦᠯᠦᠨ᠂ ᠠᠷᠠᠳ ᠤᠯᠠᠨ ᠤ ᠬᠦᠳᠡᠯᠮᠦᠷᠢ ᠪᠠᠷ ᠢᠶᠠᠨ ᠤᠷᠤᠯᠭ᠎ᠠ ᠪᠠᠨ ᠨᠡᠮᠡᠭᠳᠡᠬᠦᠯᠵᠦ᠂ ᠪᠡᠶᠡᠵᠢᠨ ᠴᠢᠨᠠᠬᠡᠯᠢᠭᠵᠢᠬᠦ ᠶᠢ ᠵᠤᠷᠢᠬᠵᠢᠭᠤᠯᠤᠨ᠎ᠠ᠃      3. ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠦᠵᠡᠮᠵᠢᠳᠤ ᠤᠷᠤᠨ ᠤ ᠡᠬᠦᠳᠡᠨ ᠪᠢᠯᠧᠲ ᠤᠨ ᠦᠨ᠎ᠡ ᠶᠢ ᠪᠠᠭᠤᠷᠠᠭᠤᠯᠤᠨ᠎ᠠ      ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠢ ᠡᠬᠦᠳᠦᠨ ᠪᠠᠶᠢᠭᠤᠯᠵᠤ᠂ ᠤᠯᠤᠰ ᠤᠨ ᠦᠮᠴᠢᠯᠡᠯ ᠤᠨ ᠭᠤᠤᠯᠳᠠᠯᠭ᠎ᠠ ᠲᠠᠢ ᠦᠵᠡᠮᠵᠢᠳᠤ ᠤᠷᠤᠨ ᠤ ᠡᠬᠦᠳᠡᠨ ᠪᠢᠯᠧᠲ ᠤᠨ ᠦᠨ᠎ᠡ ᠶᠢ ᠪᠠᠭᠤᠷᠠᠭᠤᠯᠤᠨ᠎ᠠ᠃      4. ᠰᠢᠨ᠎ᠡ ᠡᠨᠧᠷᠬᠢ ᠶᠢᠨ ᠮᠠᠰᠢᠨ ᠲᠡᠷᠭᠡᠨ ᠤ ᠲᠡᠷᠭᠡ ᠬᠦᠰᠭᠡ ᠬᠤᠳᠠᠯᠳᠤᠨ ᠠᠪᠬᠤ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠬᠢᠨ ᠭᠤᠷᠪᠠᠨ ᠵᠢᠯ ᠤᠷᠳᠤᠳᠬᠠᠨ᠎ᠠ      ᠰᠢᠨ᠎ᠡ ᠡᠨᠧᠷᠬᠢ ᠶᠢᠨ ᠮᠠᠰᠢᠨ ᠲᠡᠷᠭᠡᠨ ᠤ ᠲᠡᠷᠭᠡ ᠬᠦᠰᠭᠡ ᠬᠤᠳᠠᠯᠳᠤᠨ ᠠᠪᠬᠤ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠠᠬᠢᠨ ᠭᠤᠷᠪᠠᠨ ᠵᠢᠯ ᠤᠷᠳᠤᠳᠬᠠᠵᠤ᠂ ᠭᠠᠷ ᠲᠠᠮᠵᠢᠬᠰᠠᠨ ᠮᠠᠰᠢᠨ ᠲᠡᠷᠭᠡ ᠶᠢ ᠤᠨᠳᠤᠤ ᠭᠠᠵᠠᠷ ᠤᠷᠤᠭᠤᠯᠬᠤ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢ ᠪᠦᠬᠦᠨ ᠢ ᠬᠦᠴᠦᠨ ᠦᠭᠡᠢ ᠪᠤᠯᠭᠠᠨ᠎ᠠ᠃      5. ᠮᠠᠰᠢᠨ ᠲᠡᠷᠭᠡ᠂ ᠬᠡᠰᠡᠭ ᠡᠳᠤᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ ᠤᠷᠤᠭᠤᠯᠬᠤ ᠪᠤᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ      ᠭᠠᠳᠠᠭᠠᠳᠤ ᠤᠷᠤᠭᠤᠯᠤᠯᠲᠠ ᠶᠢ ᠢᠳᠡᠪᠬᠢᠲᠠᠢ ᠦᠷᠭᠡᠳᠭᠡᠵᠤ᠂ ᠠᠩᠬᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠬᠦᠯᠡᠩ ᠢ ᠰᠠᠶᠢᠳᠤᠷ ᠡᠷᠬᠢᠯᠡᠵᠤ᠂ ᠮᠠᠰᠢᠨ ᠲᠡᠷᠭᠡ᠂ ᠬᠡᠰᠡᠭ ᠡᠳᠤᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠶᠢᠨ ᠭᠠᠳᠠᠭᠠᠳᠤ ᠠᠴᠠ ᠤᠷᠤᠭᠤᠯᠬᠤ ᠪᠤᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ᠃      6. ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠠᠮᠢᠳᠤᠯᠢᠭ ᠴᠠᠯᠢᠩ ᠬᠥᠯᠤᠰᠤ ᠶᠢᠨ ᠲᠦᠷᠢᠮ ᠪᠤᠯᠤᠨ ᠱᠠᠩᠨᠠᠨ ᠬᠥᠬᠢᠬᠦᠯᠬᠦ ᠠᠷᠭ᠎ᠠ ᠬᠡᠮᠵᠢᠶ᠎ᠠ ᠶᠢ ᠬᠡᠷᠡᠭᠵᠢᠬᠦᠯᠤᠨ᠎ᠠ      ᠰᠢᠨ᠎ᠠ ᠶᠢ ᠡᠬᠦᠳᠬᠦ ᠪᠦᠯᠬᠦᠮ ᠪᠤᠯᠤᠨ ᠲᠠᠭᠠᠭᠤᠯᠤᠬᠴᠢ ᠴᠢᠳᠠᠪᠦᠷᠢᠳᠠᠨ ᠳᠤ ᠨᠡᠩ ᠶᠡᠭᠡ ᠬᠥᠮᠥᠨ ᠤ ᠬᠦᠴᠦᠨ ᠡᠳ᠋ ᠤᠨ ᠬᠦᠴᠦᠨ ᠪᠣᠳᠠᠰ ᠤᠨ ᠬᠦᠴᠦᠨ ᠢ ᠵᠠᠬᠢᠷᠬᠤ ᠡᠷᠬᠡ ᠪᠠ ᠮᠡᠷᠭᠡᠵᠢᠯ ᠤᠨ ᠱᠤᠭᠤᠮ ᠤᠨ ᠪᠤᠳᠤᠯᠭ᠎ᠠ ᠲᠣᠭᠲᠠᠭᠠᠬᠤ ᠡᠷᠬᠡ ᠶᠢ ᠣᠯᠭᠤᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠭᠡ ᠰᠡᠳᠤᠪ ᠢ ᠰᠢᠢᠳᠪᠤᠷᠢᠯᠡᠬᠦ ᠡᠬᠦᠷᠭᠡ ᠡᠬᠦᠷᠭᠡᠯᠡᠵᠤ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠠᠮᠢᠳᠤᠯᠢᠭ ᠴᠠᠯᠢᠩ ᠬᠥᠯᠤᠰᠤ ᠶᠢᠨ ᠲᠦᠷᠢᠮ ᠪᠤᠯᠤᠨ ᠱᠠᠩᠨᠠᠨ ᠬᠥᠬᠢᠬᠦᠯᠬᠦ ᠠᠷᠭ᠎ᠠ ᠬᠡᠮᠵᠢᠶ᠎ᠠ ᠶᠢ ᠬᠡᠷᠡᠭᠵᠢᠬᠦᠯᠤᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠠ ᠪᠦᠳᠤᠭᠡᠯ ᠤᠨ ᠦᠮᠴᠢᠯᠡᠬᠦ ᠡᠷᠭᠡ ᠪᠤᠯᠤᠨ ᠤᠷᠳᠤ ᠬᠤᠭᠤᠴᠠᠭ᠎ᠠ ᠪᠠᠷ ᠬᠡᠷᠡᠭᠯᠡᠬᠦ ᠡᠷᠭᠡ ᠤᠯᠭᠤᠬᠤ ᠶᠢ ᠰᠦᠪᠡᠭᠴᠢᠯᠡᠨ᠎ᠠ᠃      7. ᠠᠵᠤ ᠠᠬᠤᠢᠢᠯᠠᠯ ᠤᠨ ᠮᠡᠷᠭᠡᠵᠢᠯ ᠤᠨ ᠠᠵᠢᠯᠴᠢᠨ ᠤ ᠪᠠᠨ ᠴᠠᠯᠢᠩ ᠬᠥᠯᠤᠰᠤ ᠶᠢ ᠲᠡᠭᠡᠭᠰᠢᠯᠡᠬᠦᠯᠬᠦ ᠶᠢ ᠲᠡᠮᠵᠢᠨ᠎ᠠ ᠴᠢᠳᠠᠪᠤᠷᠢᠳᠠᠨ ᠤ ᠬᠥᠭᠵᠢᠯᠳᠡ ᠶᠢᠨ ᠪᠠᠶᠢᠭᠤᠯᠤᠯ ᠤᠨ ᠦᠭᠡᠷᠡᠴᠢᠯᠠᠯᠳᠠ ᠶᠢ ᠬᠥᠨᠵᠡᠭᠡᠶᠢᠷᠡᠬᠦᠯᠤᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠴᠢᠯᠤᠭᠡᠳᠡᠢ ᠰᠢᠯᠵᠢᠬᠦ ᠶᠢ ᠠᠬᠢᠭᠤᠯᠵᠤ᠂ ᠠᠵᠤ ᠠᠬᠤᠢᠢᠯᠠᠯ ᠤᠨ ᠮᠡᠷᠭᠡᠵᠢᠯ ᠤᠨ ᠠᠵᠢᠯᠴᠢᠨ ᠤ ᠪᠠᠨ ᠴᠠᠯᠢᠩ ᠬᠥᠯᠤᠰᠤ ᠶᠢ ᠲᠡᠭᠡᠭᠰᠢᠯᠡᠬᠦᠯᠬᠦ ᠶᠢ ᠲᠡᠮᠵᠢᠵᠤ᠂ ᠦᠨᠳᠦᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠤᠷᠮᠠᠰᠢᠭᠤᠯᠬᠤ ᠡᠷᠴᠢᠮ ᠢ ᠴᠢᠩᠭᠠᠳᠬᠠᠨ᠂ ᠭᠠᠳᠠᠭᠠᠳᠤ ᠳᠤ ᠰᠤᠷᠤᠯᠴᠠᠬᠰᠠᠳ ᠤᠨ ᠤᠯᠤᠰ ᠲᠠᠭᠠᠨ ᠪᠤᠴᠠᠨ ᠢᠷᠡᠵᠤ ᠰᠢᠨ᠎ᠠ ᠶᠢ ᠡᠬᠦᠳᠬᠦ ᠪᠠ ᠠᠳᠠᠯ ᠦᠢᠯᠡᠰ ᠴᠤᠭᠴᠠᠯᠠᠬᠤ ᠶᠢ ᠵᠤᠷᠢᠬᠵᠢᠭᠤᠯᠵᠤ᠂ ᠭᠠᠳᠠᠭᠠᠳᠤ ᠶᠢᠨ ᠴᠢᠳᠠᠪᠤᠷᠢᠳᠠᠨ ᠤ ᠲᠤᠮᠳᠠᠳᠤ ᠤᠯᠤᠰ ᠲᠤ ᠢᠷᠡᠬᠦᠰᠠᠭᠠᠳ ᠦᠭᠡᠢ ᠵᠠᠮ ᠢ ᠦᠷᠭᠡᠳᠭᠡᠨ᠎ᠡ᠃      8. ᠤᠯᠠᠨ ᠲᠦᠮᠡᠨ ᠠᠵᠢᠯ ᠶᠠᠪᠤᠳᠠᠯ ᠰᠢᠢᠳᠪᠤᠷᠢᠯᠡᠬᠦ ᠳᠡᠭᠡᠨ ︽ᠬᠠᠮᠤᠭ ᠤᠨ ᠠᠷᠪᠢᠨ ᠳᠠᠭᠠᠨ ᠨᠢᠬᠡ ᠯᠡ ᠤᠳᠠᠭ᠎ᠠ ᠤᠴᠢᠪᠠᠯ︾ ᠪᠤᠯᠴᠢᠬᠠᠨ᠎ᠠ      ︽ᠢᠨᠲ᠋ᠧᠷ ᠰᠦᠯᠵᠢᠶ᠎ᠠ + ᠵᠠᠰᠠᠭ ᠤᠨ ᠶᠠᠪᠤᠲᠠᠯ ᠤᠨ ᠦᠢᠯᠡᠴᠢᠯᠡᠭᠡ︾ ᠶᠢ ᠬᠦᠨᠵᠡᠬᠡᠶᠢᠷᠡᠬᠦᠯᠦᠨ ᠠᠬᠢᠭᠤᠯᠵᠤ᠂ ᠨᠡᠩ ᠤᠯᠠᠨ ᠬᠡᠷᠡᠭ ᠶᠠᠪᠤᠳᠠᠯ ᠢ ᠰᠦᠯᠵᠢᠶᠠᠨ ᠲᠡᠭᠡᠷ᠎ᠠ ᠰᠢᠢᠳᠪᠤᠷᠢᠯᠡᠵᠤ ᠴᠢᠳᠠᠬᠤ ᠪᠣᠯᠭᠠᠵᠤ᠂ ᠲᠤᠬᠠᠢ ᠶᠢᠨ ᠲᠠᠯᠠᠪᠤᠷ ᠲᠤ ᠤᠴᠢᠵᠤ ᠰᠢᠢᠳᠪᠤᠷᠢᠯᠡᠬᠦ ᠴᠢᠬᠤᠯᠠᠳᠠᠢ ᠶᠢ ᠨᠢ ᠴᠤ ︽ᠨᠢᠬᠡ ᠯᠡ ᠡᠬᠦᠳᠡ ᠪᠠᠷ ᠤᠷᠤᠬᠤ︾ ᠪᠠ ︽ᠬᠠᠮᠤᠭ ᠤᠨ ᠠᠷᠪᠢᠨ ᠳᠠᠭᠠᠨ ᠨᠢᠬᠡ ᠯᠡ ᠤᠳᠠᠭ᠎ᠠ ᠤᠴᠢᠬᠤ︾ ᠪᠣᠯᠭᠠᠬᠤ ᠪᠠᠷ ᠴᠢᠷᠮᠠᠶᠢᠬᠤ ᠭᠡᠷᠡᠭᠳᠡᠢ᠃      ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠳᠤᠭᠳᠠᠴᠠ ᠶᠢᠨ ᠦᠬᠡᠷᠡᠴᠢᠯᠡᠯᠳᠠ ᠶᠢ ᠶᠡᠭᠡ ᠪᠠᠷ ᠠᠬᠢᠭᠤᠯᠵᠤ᠂ ᠤᠯᠠᠨ ᠲᠠᠯ᠎ᠠ ᠤᠯᠠᠨ ᠳᠠᠪᠬᠤᠷᠭ᠎ᠠ ᠠᠴᠠ ᠬᠠᠤᠯᠢ ᠶᠢ ᠳᠠᠪᠬᠤᠷ ᠬᠡᠷᠡᠭᠵᠢᠬᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠰᠢᠰᠲ᠋ᠧᠮ ᠤᠨ ᠬᠤᠯᠪᠤᠯᠳᠤᠨ ᠨᠡᠪᠲᠡᠷᠡᠯᠴᠡᠬᠦ ᠶᠢ ᠲᠦᠷᠭᠡᠳᠭᠡᠨ᠂ ᠮᠡᠳᠡᠭᠡ ᠵᠠᠩᠬᠢ ᠶᠢᠨ ᠦᠨᠦᠴᠢᠨ ᠠᠷᠠᠯ ᠢ ᠨᠡᠪᠳᠡᠷᠡᠬᠦᠯᠦᠨ᠎ᠠ᠃ ᠤᠯᠠᠨ ᠲᠦᠮᠡᠨ ᠪᠠ ᠠᠵᠤ ᠠᠬᠤᠢᠢᠯᠠᠯ ᠤᠨ ᠤᠴᠢᠷ ᠶᠠᠪᠤᠳᠠᠯ ᠰᠢᠢᠳᠪᠤᠷᠢᠯᠡᠬᠦ ᠳᠤ ᠭᠡᠷᠡᠭᠰᠡᠬᠦ ᠡᠯ᠎ᠠ ᠲᠦᠷᠦᠯ ᠤᠨ ᠭᠡᠷᠡᠴᠢ ᠶᠢ ᠢᠯᠭᠠᠷᠠᠭᠤᠯᠤᠨ ᠴᠡᠪᠡᠷᠯᠡᠵᠤ᠂ ᠬᠠᠤᠯᠢ ᠴᠠᠭᠠᠵᠠ ᠬᠠᠤᠯᠢ ᠲᠦᠷᠢᠮ ᠤᠨ ᠦᠨᠳᠦᠰᠦᠯᠡᠯ ᠦᠬᠡᠢ ᠶᠢ ᠨᠢ ᠴᠦᠮ ᠬᠦᠴᠦᠨ ᠦᠬᠡᠢ ᠪᠤᠯᠭᠠᠨ᠎ᠠ᠃      9. ᠠᠵᠤ ᠠᠬᠤᠢᠢᠯᠠᠯ ᠤᠨ ᠭᠠᠶᠢᠯᠢ ᠶᠢᠨ ᠲᠠᠷᠤᠭᠠᠰᠤ ᠶᠢ ᠤᠯᠠᠮ ᠨᠢᠭᠡ ᠠᠯᠬᠤᠮ ᠬᠥᠡᠭᠭᠡᠯᠡᠨ᠎ᠠ      ᠦᠢᠯᠡᠳᠬᠦ ᠦᠢᠯᠡᠰ᠂ ᠵᠠᠮ ᠲᠡᠭᠡᠭᠡᠪᠦᠷᠢ ᠵᠡᠷᠭᠡ ᠠᠵᠢᠯ ᠲᠦᠷᠦᠯ ᠤᠨ ᠭᠠᠶᠢᠯᠢ ᠶᠢᠨ ᠨᠤᠷᠮ᠎ᠠ ᠶᠢ ᠭᠤᠤᠯᠳᠠᠯᠭ᠎ᠠ ᠲᠠᠢ ᠪᠠᠷ ᠪᠠᠭᠤᠷᠠᠭᠤᠯᠵᠤ᠂ ᠵᠢᠵᠢᠭ ᠬᠡᠮᠵᠢᠶᠡᠨ ᠤ ᠭᠠᠶᠢᠯᠢ ᠳᠤᠰᠢᠶᠠᠭᠴᠢ ᠶᠢᠨ ᠤᠨ ᠤ ᠪᠤᠷᠤᠯᠠᠭᠤᠯᠤᠯᠳᠠ ᠶᠢᠨ ᠨᠤᠷᠮ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠠ᠃ ᠠᠰᠢᠭ ᠤᠷᠤᠯᠭ᠎ᠠ ᠶᠢᠨ ᠭᠠᠶᠢᠯᠢ ᠶᠢ ᠬᠠᠭᠠᠰ ᠢᠶᠠᠷ ᠬᠦᠡᠭᠬᠡᠯᠡᠨ ᠳᠠᠳᠠᠪᠤᠷᠢᠯᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠡᠳ᠋ᠯᠡᠬᠦ ᠵᠢᠵᠢᠭ ᠪᠢᠴᠢᠯ ᠠᠵᠤ ᠠᠬᠤᠢᠢᠯᠠᠯ ᠤᠨ ᠬᠡᠪᠴᠢᠶ᠎ᠡ ᠶᠢ ᠶᠡᠭᠡ ᠪᠠᠷ ᠦᠷᠬᠡᠳᠬᠡᠨ᠎ᠡ᠃ ᠠᠵᠤ ᠠᠬᠤᠢᠢᠯᠠᠯ ᠤᠨ ᠰᠢᠨ᠎ᠠ ᠪᠠᠷ ᠬᠤᠳᠠᠯᠳᠤᠨ ᠠᠪᠬᠤ ᠬᠡᠮᠵᠢᠬᠦᠷᠯᠢᠭ ᠲᠤᠨᠤᠭ ᠲᠦᠬᠦᠭᠡᠷᠦᠮᠵᠢ ᠶᠢᠨ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠠ ᠰᠠᠭᠤᠳᠬᠠᠨ ᠬᠠᠰᠤᠬᠤ ᠶᠢᠨ ᠲᠡᠭᠡᠳᠦ ᠬᠢᠵᠠᠭᠠᠷ ᠢ ᠶᠡᠭᠡ ᠪᠠᠷ ᠲᠡᠭᠡᠭᠰᠢᠯᠡᠬᠦᠯᠦᠨ᠎ᠠ᠃ ᠠᠵᠤ ᠠᠬᠤᠢᠢᠯᠠᠯ ᠤᠨ ᠬᠢᠯᠢ ᠶᠢᠨ ᠭᠠᠳᠡᠨ᠎ᠡ ᠠᠴᠠ ᠤᠯᠦᠬᠰᠡᠠ ᠠᠰᠢᠬ ᠤᠷᠦᠯᠭ᠎ᠠ ᠶᠢ ᠶᠡᠷᠦᠩᠬᠡᠶᠢᠯᠡᠨ ᠲᠤᠯᠭᠠᠨ ᠭᠡᠯᠳᠤᠷᠢᠭᠦᠯᠭᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠦᠮᠦᠷᠬᠡᠯᠡᠨ ᠬᠠᠲᠠᠭᠠᠯᠠᠬᠤ ᠭᠠᠵᠠᠷ ᠬᠡᠷᠡᠭᠯᠡᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠬᠡᠪᠴᠢᠶ᠎ᠠ ᠶᠢ ᠦᠷᠭᠡᠳᠭᠡᠨ᠎ᠠ᠃ ᠠᠵᠤ ᠠᠬᠤᠢᠢᠯᠠᠯ ᠢ ᠲᠠᠬᠢᠨ ᠪᠠᠶᠢᠭᠤᠯᠬᠤ ᠳᠤ ᠬᠡᠷᠡᠭᠯᠡᠬᠦ ᠭᠠᠵᠠᠷ ᠰᠢᠷᠤᠢ ᠶᠢᠨ ᠦᠷᠳᠡᠭ ᠨᠡᠮᠡᠭᠳᠡᠯ ᠤᠨ ᠭᠠᠶᠢᠯᠢ᠂ ᠭᠡᠷ᠎ᠠ ᠶᠢᠨ ᠭᠠᠶᠢᠯᠢ ᠵᠡᠷᠭᠡ ᠳᠤ ᠬᠠᠷᠠᠭᠠᠯᠵᠠᠯ ᠦᠵᠡᠬᠦᠯᠬᠦ ᠬᠤᠭᠤᠴᠠᠭ᠎ᠠ ᠲᠤᠯᠤᠭᠰᠠᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠭᠡᠷᠡᠭᠵᠢᠬᠦᠯᠤᠨ᠎ᠠ᠃ ᠪᠦᠬᠦ ᠵᠢᠯ ᠳᠤ ᠠᠵᠤ ᠠᠬᠤᠢᠢᠯᠠᠯ ᠪᠠ ᠬᠤᠪᠢ ᠬᠦᠮᠦᠨ ᠤ ᠲᠤᠰᠢᠶᠠᠬᠤ ᠭᠠᠶᠢᠯᠢ ᠶᠢ ᠲᠠᠬᠢᠭᠠᠳ 8000 ᠭᠠᠷᠤᠢ ᠳ᠋ᠦᠡᠭᠰᠢᠭᠤᠷ ᠲᠦᠬᠦᠷᠢᠭ ᠬᠦᠡᠭᠬᠡᠯᠡᠨ᠎ᠠ᠃      10. ᠠᠵᠤ ᠠᠬᠤᠢᠢᠯᠠᠯ ᠤᠨ ᠭᠠᠶᠢᠯᠢ ᠶᠢᠨ ᠪᠤᠰᠤ ᠲᠠᠷᠤᠭᠠᠰᠤ ᠶᠢ ᠶᠡᠭᠡᠪᠡᠷ ᠬᠦᠡᠭᠬᠡᠷᠡᠬᠦᠯᠦᠨ᠎ᠠ      ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠳᠠᠢ ᠵᠠᠷᠤᠳᠠᠯ ᠬᠤᠷᠢᠶᠠᠯᠲᠠ ᠶᠢ ᠤᠯᠠᠮ ᠨᠢᠬᠡ ᠠᠯᠬᠤᠮ ᠡᠮᠬᠢᠯᠡᠨ ᠵᠢᠷᠤᠮᠵᠢᠭᠤᠯᠵᠤ᠂ ᠵᠠᠰᠠᠭ ᠤᠨ ᠤᠷᠳᠤᠨ ᠤ ᠴᠢᠨᠠᠷᠳᠠᠢ ᠬᠡᠰᠡᠭ ᠰᠠᠭᠤᠷᠢ ᠮᠦᠡᠭᠬᠦ ᠶᠢᠨ ᠲᠡᠳᠡᠪᠤᠷᠢᠯᠡᠨ ᠬᠤᠷᠢᠶᠠᠬᠤ ᠪᠠᠷᠢᠮᠵᠢᠶ᠎ᠠ ᠶᠢ ᠲᠤᠷᠤᠭᠰᠢᠯᠠᠭᠤᠯᠤᠨ᠎ᠠ᠃ ᠠᠵᠤ ᠠᠬᠤᠢᠢᠯᠠᠯ ᠤᠨ ︽ᠲᠠᠪᠤᠨ ᠲᠠᠭᠠᠳᠬᠠᠯ ᠨᠢᠭᠡ ᠮᠦᠩᠬᠦ︾ ᠶᠢᠨ ᠵᠠᠷᠤᠳᠠᠯ ᠳᠤᠰᠢᠶᠠᠬᠤ ᠬᠠᠷᠢᠴᠠᠯ ᠢ ᠦᠷᠬᠦᠯᠵᠢᠯᠡᠨ ᠱᠠᠳᠤ ᠦᠶᠡᠴᠢ ᠴᠢᠨᠡᠷᠳᠡᠢ ᠪᠠᠷ ᠲᠤᠷᠤᠭᠰᠢᠯᠠᠭᠤᠯᠤᠨ᠎ᠠ᠃ ᠴᠠᠬᠢᠯᠭᠠᠨ ᠤ ᠲᠤᠤᠷ ᠤᠨ ᠭᠤᠭᠴᠣᠭᠠᠨ ᠤ ᠰᠦᠢᠳᠬᠡᠯ ᠪᠠ ᠲᠠᠮᠵᠢᠭᠤᠯᠵᠦ ᠲᠥᠭᠡᠭᠡᠭᠦ ᠴᠠᠬᠢᠯᠭᠠᠨ ᠤ ᠦᠨ᠎ᠡ ᠶᠢ ᠪᠠᠭᠤᠷᠠᠭᠤᠯᠵᠤ᠂ ᠡᠩ ᠤᠨ ᠦᠢᠯᠡᠳᠪᠦᠷᠢ ᠬᠤᠳᠠᠯᠳᠤᠭᠠᠨ ᠤ ᠠᠵᠦ ᠦᠢᠯᠡᠰ ᠤᠨ ᠴᠠᠬᠢᠯᠭᠠᠨ ᠤ ᠦᠨ᠎ᠡ ᠶᠢ ᠳᠤᠮᠳᠠᠴᠢ ᠪᠠᠷ 10% ᠪᠠᠷ ᠳᠤᠷᠤᠭᠰᠢᠯᠡᠭᠤᠯᠤᠨ᠎ᠠ᠃ ᠵᠠᠷᠤᠳᠠᠯ ᠬᠤᠷᠢᠶᠠᠬᠤ ᠵᠠᠰᠠᠮᠠᠯ ᠵᠠᠮ ᠤᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠵᠠᠮ ᠦᠡᠭᠬᠡᠷᠡᠬᠦ ᠬᠦᠬᠦᠷᠭᠡ ᠦᠡᠭᠭᠡᠷᠡᠬᠦ ᠵᠠᠷᠤᠳᠠᠯ ᠢ ᠲᠤᠷᠤᠭᠰᠢᠯᠠᠭᠤᠯᠤᠨ᠎ᠠ᠃      11. ᠡᠩ ᠤᠨ ᠦᠢᠯᠡᠳᠬᠦ ᠠᠵᠦ ᠦᠢᠯᠡᠰ ᠢ ᠪᠦᠬᠦ ᠲᠠᠯ᠎ᠠ ᠪᠠᠷ ᠴᠢᠯᠦᠭᠡᠲᠠᠢ ᠪᠤᠯᠭᠠᠨ᠎ᠠ      ᠡᠩ ᠤᠨ ᠦᠢᠯᠡᠳᠬᠦ ᠠᠵᠦ ᠦᠢᠯᠡᠰ ᠢ ᠪᠦᠬᠦ ᠲᠠᠯ᠎ᠠ ᠪᠠᠷ ᠴᠢᠯᠦᠭᠡᠲᠠᠢ ᠪᠤᠯᠭᠠᠵᠤ᠂ ᠴᠠᠬᠢᠯᠭᠠᠨ ᠬᠤᠯᠪᠤᠭ᠎ᠠ᠂ ᠡᠮᠨᠡᠯᠭᠡ᠂ ᠰᠤᠷᠭᠠᠨ ᠬᠦᠮᠦᠵᠢᠯ᠂ ᠨᠠᠰᠤᠵᠢᠯ ᠤᠨ ᠠᠰᠠᠷᠠᠮᠵᠢ᠂ ᠰᠢᠨ᠎ᠡ ᠡᠨᠧᠷᠬᠢ ᠶᠢᠨ ᠮᠠᠰᠢᠨ ᠲᠡᠷᠭᠡ ᠵᠡᠷᠭᠡ ᠬᠦᠷᠢᠶᠡᠨ ᠤ ᠨᠡᠭᠡᠭᠡᠯᠲᠡ ᠶᠢ ᠦᠷᠭᠡᠳᠭᠡᠨ᠎ᠡ᠃ ᠪᠠᠩᠬᠢ ᠶᠢᠨ ᠺᠠᠷᠲ ᠢ ᠢᠯᠭᠠᠷᠠᠭᠤᠯᠤᠨ ᠪᠤᠳᠤᠬᠤ ᠵᠡᠷᠭᠡ ᠵᠠᠬ᠎ᠠ ᠲᠡᠯᠭᠡᠬᠦᠷ ᠢ ᠡᠮᠬᠢ ᠴᠡᠭᠴᠡ ᠲᠠᠢ ᠪᠠᠷ ᠨᠡᠭᠡᠭᠡᠯᠲᠡ ᠲᠠᠢ ᠪᠤᠯᠭᠠᠵᠤ᠂ ᠭᠠᠳᠠᠭᠠᠳᠤ ᠪᠡᠯᠡ ᠶᠢᠨ ᠲᠠᠭᠠᠳᠬᠠᠯ ᠤᠨ ᠵᠠᠭᠤᠴᠢ ᠺᠤᠮᠫᠠᠨᠢ ᠶᠢᠨ ᠡᠵᠡᠩᠨᠡᠬᠦ ᠬᠡᠪᠴᠢᠶ᠎ᠡ ᠶᠢ ᠬᠢᠵᠠᠭᠠᠷᠯᠠᠬᠤ ᠦᠭᠡᠢ ᠪᠤᠯᠭᠠᠵᠤ᠂ ᠪᠠᠩᠬᠢ᠂ ᠦᠨᠡᠳᠤ ᠲᠡᠮᠳᠡᠭ᠂ ᠰᠠᠭᠤᠷᠢ ᠮᠦᠡᠭᠬᠦᠨ ᠤ ᠬᠠᠮᠢᠶᠠᠷᠤᠯᠲᠠ᠂ ᠬᠤᠭᠤᠴᠠᠭᠠᠳᠤ ᠪᠠᠷᠠᠭ᠎ᠠ᠂ ᠮᠦᠡᠭᠬᠦᠨ ᠬᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠤᠮᠫᠠᠨᠢ ᠵᠡᠷᠭᠡ ᠶᠢᠨ ᠭᠠᠳᠠᠭᠠᠳᠤ ᠪᠡᠯᠡ ᠶᠢᠨ ᠬᠤᠪᠢ ᠣᠷᠣᠭᠤᠯᠬᠤ ᠬᠠᠷᠢᠴᠠᠯ ᠤᠨ ᠬᠢᠵᠠᠭᠠᠷᠯᠠᠯ ᠢ ᠠᠭᠤᠵᠢᠭᠤ ᠪᠤᠯᠭᠠᠬᠤ ᠪᠤᠶᠤ ᠬᠦᠴᠦᠨ ᠦᠭᠡᠢ ᠪᠤᠯᠭᠠᠵᠤ᠂ ᠳᠤᠮᠳᠠᠳᠤ ᠭᠠᠳᠠᠭᠠᠳᠤ ᠪᠡᠯᠡ ᠶᠢᠨ ᠪᠠᠩᠬᠢ ᠶᠢᠨ ᠵᠠᠬ᠎ᠠ ᠳᠡᠯᠬᠡᠬᠦᠷ ᠲᠤ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠨᠢᠬᠡᠳᠬᠡᠨ᠎ᠡ᠃      12. ᠡᠨᠡ ᠵᠢᠯ ᠬᠦᠳᠡᠭᠡ ᠲᠤᠰᠬᠤᠨ ᠤ ᠶᠠᠳᠠᠭᠤ ᠬᠦᠴᠢᠷᠲᠡᠯ ᠲᠠᠢ ᠬᠦᠮᠦᠨ ᠠᠮᠠ ᠶᠢ ᠲᠠᠬᠢᠨ 1000 ᠲᠦᠮᠡ ᠠᠴᠠ ᠲᠡᠭᠡᠭᠰᠢ ᠪᠠᠭᠠᠰᠬᠠᠨ᠎ᠠ      ᠡᠨᠡ ᠵᠢᠯ ᠬᠦᠳᠡᠭᠡ ᠲᠤᠰᠬᠤᠨ ᠤ ᠶᠠᠳᠠᠭᠤ ᠬᠦᠴᠢᠷᠲᠡᠯ ᠲᠠᠢ ᠬᠦᠮᠦᠨ ᠠᠮᠠ ᠶᠢ ᠲᠠᠬᠢᠨ 1000 ᠲᠦᠮᠡ ᠠᠴᠠ ᠲᠡᠭᠡᠭᠰᠢ ᠪᠠᠭᠠᠰᠬᠠᠨ᠂ 280 ᠲᠦᠮᠡᠨ ᠬᠦᠮᠦᠨ ᠢ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠨ᠎ᠠ᠃      ᠦᠨᠳᠤᠷ ᠪᠠᠷᠢᠮᠵᠢᠶᠠᠳᠤ ᠲᠠᠷᠢᠶᠠᠨ ᠭᠠᠵᠠᠷ ᠢ 8000 ᠲᠦᠮᠡᠨ ᠮᠦ ᠠᠴᠠ ᠲᠡᠭᠡᠭᠰᠢ ᠰᠢᠨ᠎ᠡ ᠪᠠᠷ ᠨᠡᠮᠡᠭᠳᠡᠬᠦᠯᠵᠤ᠂ ᠪᠦᠲᠦᠮᠵᠢ ᠰᠠᠶᠢᠲᠠᠢ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 2000 ᠲᠦᠮᠡᠨ ᠮᠦ ᠰᠢᠨ᠎ᠡ ᠪᠠᠷ ᠨᠡᠮᠡᠭᠳᠡᠬᠦᠯᠦᠨ᠎ᠡ᠃      ᠬᠤᠶᠠᠳᠤᠭᠠᠷ ᠡᠭᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢ ᠬᠤᠭᠤᠴᠠᠭ᠎ᠠ ᠨᠢ ᠲᠤᠯᠤᠬᠰᠠᠨ ᠤ ᠲᠠᠷᠠᠭ᠎ᠠ ᠲᠠᠬᠢᠭᠠᠳ 30 ᠵᠢᠯ ᠤᠷᠳᠤᠳᠬᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠷᠤᠨ ᠰᠠᠭᠤᠴᠠ ᠶᠢᠨ ᠭᠠᠵᠠᠷ ᠤᠨ ᠦᠮᠴᠢᠯᠡᠬᠦ ᠡᠷᠭᠡ᠂ ᠬᠢᠷᠢ ᠬᠡᠮ ᠤᠨ ᠡᠷᠭᠡ᠂ ᠬᠡᠷᠡᠭᠯᠡᠬᠦ ᠡᠷᠭᠡ ᠶᠢ ᠰᠠᠯᠭᠠᠬᠤ ᠦᠭᠡᠷᠡᠴᠢᠯᠡᠯᠲᠡ ᠶᠢ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠡᠵᠡᠯᠡᠬᠦ ᠪᠡ ᠨᠦᠬᠦᠪᠦᠷᠢᠯᠡᠬᠦ ᠶᠢ ᠳᠡᠩᠴᠡᠭᠦᠷᠢᠳᠠᠢ ᠪᠠᠶᠢᠯᠭᠠᠬᠤ ᠬᠠᠮᠢᠶᠠᠷᠤᠯᠲᠠ ᠶᠢᠨ ᠠᠷᠭ᠎ᠠ ᠶᠢ ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠦ ᠲᠠᠷᠢᠶᠠᠨ ᠭᠠᠵᠠᠷ ᠤᠨ ᠬᠦᠢᠴᠡᠳᠭᠡᠯ ᠲᠤᠭ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠵᠤ ᠠᠷᠪᠢᠯᠠᠨ ᠭᠠᠷᠭᠠᠬᠤ ᠬᠦᠢᠴᠡᠳᠭᠡᠯ ᠲᠤᠭ᠎ᠠ ᠳᠤ ᠮᠤᠵᠢ ᠤᠷᠤᠨ ᠠᠯᠤᠰᠯᠠᠨ ᠲᠤᠬᠢᠷᠠᠭᠤᠯᠤᠯᠲᠠ ᠬᠢᠬᠦ ᠲᠤᠭᠲᠠᠴᠠ ᠶᠢ ᠪᠠᠶᠢᠭᠤᠯᠵᠤ᠂ ᠤᠯᠤᠭᠰᠠᠨ ᠠᠰᠢᠭ ᠤᠷᠤᠯᠭ᠎ᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠡᠷᠭᠡ ᠰᠡᠳᠦᠪ ᠢ ᠰᠢᠢᠳᠪᠤᠷᠢᠯᠡᠬᠦ ᠪᠠ ᠬᠦᠳᠡᠭᠡ ᠲᠤᠰᠬᠤᠨ ᠤ ᠬᠦᠭᠵᠢᠯᠲᠡ ᠶᠢ ᠲᠡᠮᠵᠢᠬᠦ ᠳᠤ ᠬᠡᠷᠡᠭᠯᠡᠨ᠎ᠡ᠃      13. ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ᠎ᠠ      ᠤᠰᠤ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠮᠡᠳᠡᠭᠡ ᠵᠠᠩᠬᠢ ᠲᠠᠮᠵᠢᠭᠤᠯᠬᠤ ᠵᠡᠷᠭᠡ ᠰᠠᠭᠤᠷᠢ ᠲᠦᠬᠦᠭᠡᠷᠤᠮᠵᠢ ᠶᠢ ᠰᠠᠶᠢᠵᠢᠷᠠᠭᠤᠯᠤᠨ᠂ ᠬᠦᠲᠡᠭᠡ ᠲᠤᠰᠬᠤᠨ ᠤ ᠵᠠᠰᠠᠮᠠᠯ ᠵᠠᠮ ᠢ 20 ᠳᠦᠮᠡᠨ ᠺᠢᠯᠤᠮᠧᠲᠷ ᠰᠢᠨ᠎ᠡ ᠪᠠᠷ ᠲᠡᠪᠢᠰᠬᠦ ᠪᠠ ᠦᠭᠡᠷᠡᠴᠢᠯᠡᠨ ᠲᠡᠪᠢᠰᠦᠨ᠎ᠡ᠃ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ᠎ᠠ᠃ ᠬᠦᠳᠡᠭᠡ ᠲᠤᠰᠬᠤᠨ ᠤ ᠬᠠᠭᠤᠴᠢᠨ ᠬᠡᠪ ᠵᠠᠩᠰᠢᠯ ᠢ ᠦᠭᠡᠷᠡᠴᠢᠯᠡᠬᠦ ᠠᠵᠢᠯ ᠢ ᠠᠬᠢᠭᠤᠯᠤᠨ᠎ᠠ᠃ ᠦᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ᠎ᠡ᠃      14. ᠡᠨᠡ ᠵᠢᠯ ᠲᠠᠬᠢᠨ 1300 ᠳᠦᠮᠡᠨ ᠬᠦᠮᠦᠨ ᠢ ᠬᠤᠲᠠ ᠳᠤ ᠡᠷᠦᠬᠡ ᠠᠮᠠ ᠤᠷᠤᠭᠤᠯᠤᠨ᠎ᠠ      ᠡᠨᠡ ᠵᠢᠯ ᠲᠠᠬᠢᠨ 1300 ᠳᠦᠮᠡᠨ ᠬᠦᠮᠦᠨ ᠢ ᠬᠤᠲᠠ ᠳᠤ ᠡᠷᠦᠬᠡ ᠠᠮᠠ ᠤᠷᠤᠭᠤᠯᠵᠤ᠂ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢ ᠬᠤᠲᠠ ᠶᠢᠨ ᠠᠷᠠᠳ ᠪᠤᠯᠭᠠᠬᠤ ᠠᠵᠢᠯ ᠢ ᠲᠦᠷᠭᠡᠳᠭᠡᠨ᠎ᠡ᠃ ᠤᠯᠠᠨ ᠨᠡᠶᠢᠲᠡ ᠶᠢᠨ ᠵᠠᠮ ᠨᠡᠪᠲᠡᠷᠡᠯᠭᠡ ᠶᠢ ᠤᠷᠢᠳ ᠢᠶᠠᠷ ᠬᠦᠭᠵᠢᠬᠦᠯᠵᠤ᠂ ᠢᠳᠡᠰᠢᠨ ᠨᠤᠭᠤᠭ᠎ᠠ ᠶᠢᠨ ᠵᠠᠬ᠎ᠠ ᠲᠡᠯᠭᠡᠬᠦᠷ᠂ ᠲᠡᠷᠭᠡᠨ ᠵᠤᠭᠰᠤᠭᠠᠯ ᠵᠡᠷᠭᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠦᠬᠦᠭᠡᠷᠤᠮᠵᠢ ᠶᠢ ᠪᠦᠷᠢᠨᠰᠢᠬᠦᠯᠦᠨ᠎ᠡ᠃ ︽ᠬᠤᠲᠠ ᠶᠢᠨ ᠳᠤᠮᠳᠠᠬᠢ ᠲᠤᠰᠬᠤᠨ︾᠂ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠯᠲᠡ ᠶᠢ ᠡᠮᠬᠢ ᠴᠡᠭᠴᠡ ᠲᠠᠢ ᠠᠬᠢᠭᠤᠯᠵᠤ᠂ ᠢᠵᠢ ᠪᠦᠷᠢᠳᠦᠬᠦᠯᠬᠦ ᠲᠦᠬᠦᠬᠡᠷᠦᠮᠵᠢ ᠶᠢ ᠳᠡᠬᠦᠯᠳᠡᠷᠵᠢᠬᠦᠯᠵᠦ᠂ ᠨᠦᠬᠦᠴᠡᠯ ᠲᠠᠢ ᠨᠢᠭᠡ ᠶᠢᠨ ᠬᠢᠨᠢ ᠴᠠᠬᠢᠯᠭᠠᠨ ᠱᠠᠳᠤ ᠨᠡᠮᠡᠵᠤ ᠤᠭᠰᠠᠷᠠᠬᠤ ᠶᠢ ᠵᠤᠷᠢᠬᠵᠢᠭᠤᠯᠤᠨ᠎ᠠ᠃ ᠦᠶᠡᠷ ᠵᠠᠯᠠᠬᠤ ᠬᠤᠭᠤᠯᠠᠢ ᠳᠤᠤᠷ᠂ ᠭᠠᠵᠠᠷ ᠲᠤᠤᠷᠠᠬᠢ ᠶᠡᠷᠦᠩᠬᠡᠶᠢᠯᠡᠭᠰᠡᠨ ᠲᠠᠮᠵᠢᠭᠤᠯᠬᠤ ᠬᠤᠭᠤᠯᠠᠢ ᠶᠢᠨ ᠬᠤᠩᠬᠢᠯ ᠵᠡᠷᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃      15. ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠢᠴᠢᠶᠡᠯ ᠤᠨ ᠭᠠᠳᠠᠨᠠᠬᠢ ᠲᠠᠷᠤᠭᠠᠰᠤ ᠬᠦᠨᠳᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ      ᠭᠤᠤᠯᠴᠢ ᠪᠦᠭᠡᠳ ᠴᠢᠨᠠᠷ ᠰᠠᠶᠢᠳᠠᠢ ᠰᠤᠷᠭᠠᠨ ᠬᠦᠮᠦᠵᠢᠯ ᠢ ᠬᠦᠭᠵᠢᠬᠦᠯᠦᠨ᠎ᠡ᠃ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠠᠬᠢᠭᠤᠯᠵᠤ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ ᠬᠦᠴᠢᠷᠲᠡᠯ ᠲᠠᠢ ᠭᠠᠵᠠᠷ ᠤᠷᠤᠨ ᠪᠠ ᠪᠠᠭᠤᠷᠠᠢ ᠭᠤᠭᠴᠤᠭ᠎ᠠ ᠲᠡᠰᠢ ᠦᠷᠬᠦᠯᠵᠢᠯᠡᠨ ᠬᠡᠯᠪᠠᠶᠢᠯᠭᠡᠨ᠎ᠡ᠃ ᠬᠦᠳᠡᠭᠡ ᠲᠤᠰᠬᠤᠨ ᠤ ᠰᠤᠷᠤᠭᠴᠢ ᠶᠢᠨ ᠰᠤᠷᠤᠯᠭ᠎ᠠ ᠪᠠᠨ ᠲᠤᠷᠭᠤᠨ ᠵᠤᠭᠰᠤᠬᠤ ᠨᠤᠷᠮ᠎ᠠ ᠶᠢ ᠦᠨᠡᠨ ᠬᠦ ᠪᠠᠭᠤᠷᠠᠭᠤᠯᠵᠤ᠂ ᠬᠤᠲᠠ ᠪᠠᠯᠭᠠᠰᠤᠨ ᠤ ︽ᠰᠤᠷᠤᠭᠴᠢ ᠤᠯᠠᠨᠲᠠᠢ ᠠᠩᠬᠢ︾ ᠶᠢᠨ ᠦᠵᠡᠭᠳᠡᠯ ᠢ ᠱᠠᠯᠠᠪᠳᠠᠨ ᠠᠷᠢᠯᠭᠠᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠢᠴᠢᠶᠡᠯ ᠤᠨ ᠭᠠᠳᠠᠨᠠᠬᠢ ᠲᠠᠷᠤᠭᠠᠰᠤ ᠬᠦᠨᠳᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠨ᠎ᠡ᠃ ᠬᠦᠳᠡᠭᠡ ᠲᠤᠰᠬᠤᠨ ᠪᠠ ᠶᠠᠳᠠᠭᠤ ᠬᠦᠴᠢᠷᠲᠡᠯ ᠲᠠᠢ ᠭᠠᠵᠠᠷ ᠤᠷᠤᠨ ᠠᠴᠠ ᠲᠤᠰᠬᠠᠢ ᠵᠦᠢᠯ ᠢᠶᠠᠷ ᠰᠤᠷᠤᠭᠴᠢ ᠡᠯᠰᠡᠬᠦ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠤᠨ᠎ᠡ᠃      16. ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠨᠭ᠍ᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠦᠨ᠎ᠡ      ᠨᠡᠶᠢᠭᠡᠮ ᠤᠨ ᠬᠦᠴᠦᠨ ᠠᠴᠠ ᠡᠮᠨᠡᠯᠭᠡ ᠨᠠᠰᠤᠵᠢᠯ ᠤᠨ ᠠᠰᠠᠷᠠᠮᠵᠢ᠂ ᠰᠤᠷᠭᠠᠨ ᠬᠦᠮᠦᠵᠢᠯ᠂ ᠰᠤᠶᠤᠯ᠂ ᠪᠡᠶ᠎ᠡ ᠶᠢᠨ ᠲᠠᠮᠢᠷ ᠵᠡᠷᠭᠡ ᠳᠠᠬᠢ ᠦᠢᠯᠡᠴᠢᠯᠡᠭᠡᠨ ᠤ ᠬᠠᠨᠭ᠍ᠭᠠᠯᠭ᠎ᠠ ᠪᠠᠨ ᠨᠡᠮᠡᠭᠳᠡᠬᠦᠯᠬᠦ ᠶᠢ ᠲᠡᠮᠵᠢᠨ᠎ᠡ᠃      ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠨᠭ᠍ᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠬᠦᠯᠵᠤ᠂ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠬᠢᠴᠢᠯᠠᠭᠰᠠᠨ ᠠᠷᠭ᠎ᠠ ᠪᠠᠷᠢᠯ ᠢ ᠬᠡᠷᠡᠭᠯᠡᠨ᠂ ᠬᠡᠦᠭᠡᠳ ᠢ ᠨᠠᠶᠢᠳᠠᠵᠤ ᠬᠦᠮᠦᠵᠢᠬᠦᠯᠬᠦ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ ᠤᠨ ᠠᠬᠠᠮᠠᠳ ᠢ ᠵᠠᠪᠠᠯ ᠰᠠᠨᠠᠭ᠎ᠠ ᠠᠮᠤᠷ ᠰᠡᠳᠬᠢᠯ ᠲᠠᠶᠢᠪᠤᠭᠤ ᠪᠤᠯᠭᠠᠬᠤ ᠬᠡᠷᠡᠭᠳᠠᠢ᠃      17. ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ ᠲᠠᠬᠢᠨ 40 ᠲᠦᠬᠦᠷᠢᠭ ᠨᠡᠮᠡᠭᠳᠡᠬᠦᠯᠦᠨ᠎ᠡ      ᠡᠷᠡᠬᠦᠯ ᠡᠩᠭᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠡ᠃ ᠦᠨᠳᠦᠰᠦᠨ ᠡᠮᠨᠡᠯᠭᠡ ᠶᠢᠨ ᠲᠠᠭᠠᠳᠬᠠᠯ ᠪᠠ ᠬᠦᠨᠳᠤ ᠡᠪᠡᠳᠴᠢᠨ ᠤ ᠲᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ ᠲᠡᠭᠡᠭᠰᠢᠯᠡᠬᠦᠯᠵᠤ᠂ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠦᠮᠦᠨ ᠲᠤᠮᠳᠠᠴᠢ ᠶᠢᠨ ᠡᠳ᠋ ᠤᠨ ᠵᠠᠰᠠᠭ ᠤᠨ ᠨᠦᠬᠦᠪᠤᠷᠢ ᠶᠢᠨ ᠪᠠᠷᠢᠮᠵᠢᠶ᠎ᠠ ᠶᠢ ᠲᠠᠬᠢᠨ 40 ᠲᠦᠬᠦᠷᠢᠭ ᠨᠡᠮᠡᠭᠳᠡᠬᠦᠯᠵᠤ᠂ ᠬᠠᠭᠠᠰ ᠢ ᠨᠢ ᠬᠦᠨᠳᠤ ᠡᠪᠡᠳᠴᠢᠨ ᠤ ᠲᠠᠭᠠᠳᠬᠠᠯ ᠳᠤ ᠬᠡᠷᠡᠭᠯᠡᠨ᠎ᠡ᠃ ᠮᠤᠵᠢ ᠠᠯᠤᠰᠯᠠᠨ ᠤᠨᠳᠤᠤ ᠭᠠᠵᠠᠷ ᠡᠮᠨᠡᠬᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠬᠡᠪᠴᠢᠶ᠎ᠡ ᠶᠢ ᠦᠷᠭᠡᠳᠭᠡᠵᠤ᠂ ᠦᠨᠳᠦᠰᠦᠨ ᠱᠠᠳᠤᠨ ᠤ ᠡᠮᠨᠡᠯᠭᠡ ᠶᠢᠨ ᠬᠤᠷᠢᠶ᠎ᠠ ᠪᠠ ᠭᠠᠳᠠᠭᠰᠢ ᠭᠠᠷᠤᠭᠰᠠᠨ ᠬᠦᠯᠦᠰᠦᠨ ᠠᠵᠢᠯᠴᠢᠨ᠂ ᠭᠠᠳᠠᠷ ᠤᠷᠤᠨ ᠠᠴᠠ ᠢᠷᠡᠵᠤ ᠠᠵᠢᠯ ᠤᠯᠵᠤ ᠠᠳᠠᠯ ᠦᠢᠯᠡᠰ ᠴᠤᠭᠴᠠᠯᠠᠭᠰᠠᠳ ᠵᠡᠷᠭᠡ ᠶᠢ ᠴᠦᠮ ᠡᠨᠡ ᠬᠡᠪᠴᠢᠶᠡᠨ ᠳᠤ ᠤᠷᠤᠭᠤᠯᠤᠨ᠎ᠠ᠃      18. ᠭᠠᠳᠠᠷ ᠣᠷᠣᠨ ᠠᠴᠠ ᠢᠷᠡᠵᠦ ᠠᠵᠢᠯ ᠭᠦᠳᠡᠯᠮᠦᠷᠢ ᠭᠢᠵᠦ ᠪᠠᠶᠢᠭ᠎ᠠ ᠭᠦᠮᠦᠰ ᠢ ᠪᠠᠳᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ      ᠦᠪᠤᠩᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ ᠶᠢᠨ ᠪᠡᠷᠭᠡ ᠰᠡᠳᠦᠪ ᠢ ᠰᠢᠢᠳᠪᠦᠷᠢᠯᠡᠬᠦ ᠰᠢᠨ᠎ᠡ ᠨᠢᠭᠡᠨ ᠡᠭᠡᠯᠵᠢ ᠶᠢᠨ ᠭᠤᠷᠪᠠᠨ ᠵᠢᠯ ᠤᠨ ᠲᠦᠯᠦᠪᠯᠡᠭᠡ ᠶᠢ ᠡᠬᠢᠯᠡᠬᠦᠯᠵᠦ᠂ ᠡᠨᠡ ᠵᠢᠯ 580 ᠲᠦᠮᠡᠨ ᠢᠵᠢ ᠤᠷᠤᠨ ᠰᠠᠭᠤᠴᠠ ᠶᠢ ᠦᠭᠡᠷᠡᠴᠢᠯᠡᠬᠦ ᠠᠵᠢᠯ ᠢ ᠡᠬᠢᠯᠡᠬᠦᠯᠦᠨ᠎ᠡ᠃ ᠨᠠᠶᠢᠳᠡ ᠶᠢᠨ ᠲᠦᠷᠢᠶᠡᠰᠦᠨ ᠤᠷᠤᠨ ᠰᠠᠭᠤᠴᠠ ᠶᠢ ᠪᠠᠳᠤᠯᠠᠬᠤ ᠡᠷᠴᠢᠮ ᠢᠶᠠᠨ ᠴᠢᠩᠭᠠᠷᠠᠭᠤᠯᠵᠦ᠂ ᠣᠷᠤᠯᠭ᠎ᠠ ᠪᠠᠭᠠᠲᠠᠢ ᠪᠦᠬᠡᠳ ᠣᠷᠤᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢᠨ ᠪᠠᠳᠤᠯᠠᠬᠤ ᠶᠤᠰᠤᠳᠡᠢ ᠶᠢ ᠨᠢ ᠴᠦᠮ ᠪᠠᠳᠤᠯᠠᠵᠦ᠂ ᠨᠦᠬᠦᠴᠡᠯ ᠳᠤ ᠨᠡᠶᠢᠴᠡᠬᠦ ᠰᠢᠨ᠎ᠡ ᠪᠠᠷ ᠠᠵᠢᠯ ᠤᠯᠤᠬᠰᠠᠨ ᠤᠷᠤᠨ ᠰᠠᠭᠤᠴᠠ ᠦᠭᠡᠢ ᠠᠵᠢᠯᠳᠠᠨ ᠠᠵᠢᠯᠴᠢᠨ᠂ ᠭᠠᠳᠠᠷ ᠣᠷᠣᠨ ᠠᠴᠠ ᠢᠷᠡᠵᠦ ᠠᠵᠢᠯ ᠭᠦᠳᠡᠯᠮᠦᠷᠢ ᠭᠢᠵᠦ ᠪᠠᠶᠢᠭ᠎ᠠ ᠭᠦᠮᠦᠰ ᠢ ᠪᠠᠳᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠰᠠᠭᠤᠭᠠᠯᠢ ᠠᠷᠠᠳ ᠤᠨ ᠦᠪᠡᠷ ᠢᠶᠠᠨ ᠰᠠᠭᠤᠬᠤ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠲᠡᠮᠵᠢᠵᠦ᠂ ᠤᠷᠤᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠲᠡᠯᠭᠡᠬᠦᠷ ᠢ ᠪᠤᠶᠢᠵᠢᠭᠤᠯᠵᠦ᠂ ᠬᠠᠮᠳᠤ ᠪᠠᠷ ᠦᠮᠴᠢᠯᠡᠬᠦ ᠦᠮᠴᠢᠯᠡᠯ ᠤᠨ ᠡᠷᠬᠡ ᠲᠠᠢ ᠤᠷᠤᠨ ᠰᠠᠭᠤᠴᠠ ᠶᠢ ᠬᠦᠭᠵᠢᠬᠦᠯᠦᠨ᠎ᠡ᠃      19. ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠠᠰᠠᠷᠠᠮᠵᠢ ᠬᠠᠷᠠᠭᠠᠯᠵᠠᠯ ᠵᠡᠷᠭᠡ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ᠎ᠡ      ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠠᠰᠠᠷᠠᠮᠵᠢ ᠬᠠᠷᠠᠭᠠᠯᠵᠠᠯ ᠵᠡᠷᠭᠡ ᠶᠢᠨ ᠪᠠᠷᠢᠮᠵᠢᠶ᠎ᠠ ᠶᠢ ᠲᠤᠬᠳᠠᠭᠤᠨ ᠢᠶᠠᠷ ᠲᠡᠭᠡᠭᠰᠢᠯᠡᠬᠦᠯᠦᠨ᠎ᠡ᠃ ᠬᠦᠮᠦᠨ ᠠᠮᠠ ᠶᠢᠨ ᠨᠠᠰᠤᠵᠢᠯᠳᠠ ᠶᠢᠨ ᠠᠰᠠᠭᠤᠳᠠᠯ ᠢ ᠢᠳᠡᠪᠬᠢᠳᠡᠢ ᠠᠷᠭᠠᠴᠠᠵᠦ᠂ ᠭᠡᠷ ᠲᠤᠨᠢ ᠠᠰᠠᠷᠠᠬᠤ᠂ ᠨᠡᠶᠢᠭᠡᠮ ᠲᠤᠭᠤᠷᠢᠬ ᠲᠤ ᠠᠰᠠᠷᠠᠬᠤ ᠪᠠ ᠲᠤᠰᠠᠯᠠᠯᠴᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢ ᠬᠦᠭᠵᠢᠬᠦᠯᠵᠦ᠂ ᠡᠮᠨᠡᠬᠦ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠦ᠂ ᠨᠠᠰᠤᠳᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠴᠡᠷᠢᠭ ᠤᠨ ᠪᠠ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢ ᠠᠰᠠᠷᠠᠵᠦ ᠬᠠᠷᠠᠭᠠᠯᠵᠠᠬᠤ ᠠᠵᠢᠯ ᠢ ᠰᠠᠶᠢᠳᠤᠷ ᠬᠢᠨ᠎ᠡ᠃ ᠵᠡᠮᠳᠡᠭᠴᠤᠳ ᠤᠨ ᠡᠷᠡᠬᠦᠯᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠨᠡᠶᠢᠳᠡ ᠶᠢᠨ ᠠᠰᠠᠷᠠᠮᠵᠢ ᠶᠢᠨ ᠪᠠ ᠨᠢᠬᠦᠯᠡᠰᠦᠩᠬᠦᠢ ᠶᠢᠨ ᠦᠢᠯᠡᠰ ᠤᠨ ᠬᠦᠭᠵᠢᠯᠳᠡ ᠶᠢ ᠲᠡᠮᠵᠢᠨ᠎ᠡ᠃      20. ᠭᠤᠤᠯᠲᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠲᠦ ᠪᠤᠲᠠᠰ ︵PM2.5︶ ᠤᠨ ᠦᠳᠭᠡᠴᠠ ᠶᠢ ᠦᠷᠬᠦᠯᠵᠢᠯᠡᠨ ᠪᠠᠭᠤᠷᠠᠭᠤᠯᠤᠨ᠎ᠠ      ᠴᠡᠯᠮᠡᠭ ᠠᠭᠠᠷ ᠢ ᠬᠠᠮᠠᠭᠠᠯᠠᠬᠤ ᠪᠠᠶᠢᠯᠳᠤᠭᠠᠨ ᠤ ᠦᠷ᠎ᠠ ᠪᠦᠳᠤᠭᠡᠯ ᠢ ᠪᠠᠬᠢᠵᠢᠬᠦᠯᠤᠨ᠎ᠠ᠂ ᠡᠨᠡ ᠵᠢᠯ ᠬᠦᠬᠦᠷ ᠤᠨ ᠲᠠᠪᠬᠤᠷ ᠢᠰᠦᠯ᠂ ᠠᠽᠤᠲ ᠤᠨ ᠢᠰᠦᠮᠡᠭ ᠤᠨ ᠭᠠᠲᠠᠭᠰᠢᠯᠠᠭᠤᠯᠤᠯᠲᠠ ᠶᠢ 3% ᠪᠠᠷ ᠪᠠᠭᠤᠷᠠᠭᠤᠯᠵᠤ᠂ ᠭᠤᠤᠯᠲᠠᠯᠭ᠎ᠠ ᠲᠠᠢ ᠭᠠᠵᠠᠷ ᠤᠷᠤᠨ ᠤ ᠵᠢᠵᠢᠭ ᠮᠦᠬᠦᠯᠢᠭᠲᠦ ᠪᠤᠲᠠᠰ ︵PM2.5︶ ᠤᠨ ᠦᠳᠭᠡᠴᠠ ᠶᠢ ᠦᠷᠬᠦᠯᠵᠢᠯᠡᠨ ᠪᠠᠭᠤᠷᠠᠭᠤᠯᠤᠨ᠎ᠠ᠃
ᠢᠷᠡᠯᠲᠡ᠄ ᠠᠷᠠᠳ ᠤᠨ ᠰᠥᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ