ᠯᠢ ᠵᠢᠢ ᠾᠧᠩ : ᠦᠪᠦᠷ ᠮᠤᠩᠭᠤᠯ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠡ ᠪᠠᠶᠢᠳᠠᠯ ᠢ ᠪᠦᠬᠦ ᠳᠠᠯ᠎ᠠ ᠪᠠᠷ ᠡᠬᠦᠳᠰᠦᠬᠡᠢ
ᠨᠡᠶᠢᠲᠡᠯᠡᠭᠰᠡᠨ ᠴᠠᠭ᠄
2018-04-11
      ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠰᠢᠨ᠎ᠡ ᠴᠠᠭ ᠦᠶ᠎ᠡ ᠶᠢᠨ ︽ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ︾ ᠤ ᠠᠵᠢᠯ ᠤᠨ ᠶᠠᠷᠦᠩᠬᠡᠢ ᠭᠠᠷᠳᠠᠴᠠ ᠮᠦᠨ᠂ ᠮᠠᠨ ᠤ ᠤᠯᠤᠰ ᠤᠨ ︽ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ︾ ᠤ ᠬᠦᠭᠵᠢᠯᠳᠡ ᠶᠢᠨ ᠶᠠᠪᠤᠴᠠ ᠳᠤ ᠴᠠᠭ ᠡᠷᠡᠨ ᠢ ᠵᠠᠭᠠᠬᠯᠠᠬᠰᠠᠨ ᠬᠦᠰᠢᠶ᠎ᠠ ᠳᠤᠷᠠᠰᠬᠠᠯ ᠤᠨ ᠠᠴᠢ ᠬᠤᠯᠪᠤᠬᠳᠠᠯ ᠲᠠᠢ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠶᠡᠷᠦᠩᠬᠡᠢ ᠱᠦᠵᠢ ᠰᠢ ᠶᠢᠨ ᠫᠢᠩ ᠤᠨ ︽ᠬᠦᠳᠡᠭᠡ ᠠᠵᠥ ᠠᠬᠤᠢ᠂ ᠬᠦᠳᠡᠭᠡ ᠳᠤᠰᠬᠤᠨ᠂ ᠳᠠᠷᠢᠶᠠᠴᠢᠨ︾ ᠤ ᠦᠵᠡᠯ ᠰᠠᠨᠠᠭ᠎ᠠ᠂ ᠤᠨᠴᠠᠭᠠᠢᠢᠯᠠᠨ ᠮᠠᠨ ᠤ ᠤᠷᠤᠨ ᠳᠤ ᠳᠤᠷᠠᠳᠤᠨ ᠭᠠᠷᠭᠠᠭᠰᠠᠨ ︽ᠮᠠᠯ ᠠᠵᠥ ᠠᠬᠤᠢ ᠳᠠᠷᠢᠶᠠᠯᠠᠩ ᠪᠤᠯᠤᠨ ᠮᠠᠯᠵᠢᠬᠤ ᠤᠷᠤᠨ ᠤ ᠠᠵᠢᠯ ᠢ ᠰᠠᠶᠢᠳᠤᠷ ᠬᠢᠬᠦ ᠳᠤ ᠬᠦᠴᠦᠯᠡᠬᠦ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠳᠤᠤᠱᠯᠠᠭᠤᠯᠵᠥ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠳᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠥ᠂ ᠮᠠᠯ ᠠᠵᠥ ᠠᠬᠤᠢ ᠳᠠᠷᠢᠶᠠᠯᠠᠩ ᠪᠤᠯᠤᠨ ᠮᠠᠯᠵᠢᠬᠤ ᠳᠠᠷᠢᠶᠠᠯᠠᠬᠤ ᠤᠷᠤᠨ ᠢ ᠤᠷᠢᠳᠠᠪᠡᠷ ᠬᠦᠭᠵᠢᠬᠦᠯᠬᠦ ᠶᠢ ᠤᠳᠤᠬᠢᠴᠢᠯᠠᠬᠰᠠᠨ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢᠨ ᠴᠢᠬᠤᠯᠠ ᠵᠠᠷᠴᠢᠮ ᠪᠤᠯᠭᠠᠵᠥ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢ ᠪᠦᠳᠦᠬᠡᠨ ᠪᠠᠶᠢᠭᠤᠯᠵᠥ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤᠪᠡᠷ ᠳᠡᠷᠬᠡᠯᠰᠢᠬᠦᠯᠬᠦ︾ ᠶᠢᠨ ᠴᠢᠬᠤᠯᠠ ᠡᠬᠦᠷᠬᠡ ᠪᠤᠯᠭᠠᠵᠥ᠂ ᠨᠠᠮ ᠤᠨ ᠳᠦᠪ ᠬᠤᠷᠢᠶ᠎ᠠ ᠶᠢᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ᠂ ᠭᠤᠤᠯ ᠳᠠᠭᠠᠷᠢᠯᠳᠠ ᠶᠢᠨ ᠴᠢᠭᠯᠡᠯ ᠢᠶᠠᠨ ᠪᠠᠳᠤ ᠡᠵᠡᠮᠳᠡᠵᠥ᠂ ᠭᠤᠤᠯ ᠭᠤᠬᠴᠤᠭ᠎ᠠ ᠶᠢ ᠠᠳᠬᠤᠵᠥ᠂ ᠵᠠᠩᠬᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠥ᠂ ᠦᠪᠦᠷ ᠮᠤᠩᠭᠤᠯ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠰᠢᠨ᠎ᠡ ᠪᠠᠶᠢᠳᠠᠯ ᠢ ᠪᠦᠬᠦ ᠳᠠᠯ᠎ᠠ ᠪᠠᠷ ᠡᠬᠦᠳᠰᠦᠬᠡᠢ᠃      ᠠᠵᠥ ᠦᠢᠯᠡᠰ ᠤᠨ ᠬᠦᠭᠵᠢᠯᠳᠡ ᠳᠤ ᠠᠩᠬᠠᠷᠤᠯ ᠢᠶᠠᠨ ᠳᠦᠪᠯᠡᠷᠡᠬᠦᠯᠵᠥ᠂ ᠬᠦᠭᠵᠢᠯᠳᠡ ᠶᠢᠨ ᠶᠠᠰᠤ ᠴᠢᠨᠠᠷ ᠢ ᠳᠡᠬᠡᠭᠰᠢᠯᠡᠬᠦᠯᠵᠥ᠂ ᠮᠠᠯ ᠠᠵᠥ ᠠᠬᠤᠢ ᠳᠠᠷᠢᠶᠠᠯᠠᠩ ᠤᠨ ᠳᠤᠮᠤ ᠤᠷᠤᠨ ᠠᠴᠠ ᠮᠠᠯ ᠠᠵᠥ ᠠᠬᠤᠢ ᠳᠠᠷᠢᠶᠠᠯᠠᠩ ᠤᠨ ᠬᠦᠴᠦᠷᠬᠡᠭ ᠤᠷᠤᠨ ᠪᠤᠯᠬᠤ ᠶᠢ ᠳᠦᠷᠬᠡᠪᠴᠢᠯᠡᠨ ᠪᠡᠶᠡᠯᠡᠬᠦᠯᠦᠨ᠎ᠡ᠃ ᠦᠪᠦᠷ ᠮᠤᠩᠭᠤᠯ ᠤᠨ ᠭᠠᠵᠠᠷ ᠰᠢᠷᠦᠢ ᠦᠩ ᠰᠢᠮᠡᠯᠢᠭ᠂ ᠨᠤᠳᠤᠭ ᠪᠡᠯᠴᠢᠭᠡᠷ ᠦᠷᠬᠡᠨ ᠠᠭᠤᠳᠠᠮ᠂ ᠠᠭᠤᠷ ᠠᠮᠢᠰᠬᠤᠯ ᠤᠨ ᠨᠦᠬᠦᠴᠡᠯ ᠰᠠᠶᠢᠨ᠂ ᠮᠠᠯ ᠠᠵᠥ ᠠᠬᠤᠢ ᠳᠠᠷᠢᠶᠠᠯᠠᠩ ᠤᠨ ᠤᠨᠴᠠᠯᠢᠭ ᠳᠤᠪᠤᠶᠢᠮ᠎ᠠ ᠶᠤᠮ᠂ ᠦᠢᠷ᠎ᠠ ᠶᠢᠨ ᠵᠢᠯ ᠤᠨ ᠳᠤᠷᠰᠢ ᠠᠮᠤ ᠪᠤᠳᠠᠭᠠᠨ ᠤ ᠤᠨᠠᠯᠳᠠ ᠳᠤᠬᠳᠠᠭᠤᠨ ᠢᠶᠠᠷ 550 ᠳ᠋ᠦᠩᠰᠢᠭᠤᠷ ᠵᠢᠩ ᠳᠤ ᠬᠦᠷᠴᠤ᠂ ᠮᠠᠯ ᠤᠨ ᠳᠤᠭ᠎ᠠ ᠳᠤᠬᠳᠠᠭᠤᠨ ᠢᠶᠠᠷ 1.3 ᠳ᠋ᠦᠩᠰᠢᠭᠤᠷ ᠲᠤ ᠬᠦᠷᠴᠤ᠂ ᠵᠢᠯ ᠳᠤᠮᠳᠠᠴᠢ ᠶᠢᠨ ᠭᠠᠳᠠᠬᠰᠢ ᠭᠠᠷᠭᠠᠵᠦ ᠪᠠᠶᠢᠭ᠎ᠠ ᠳᠠᠸᠠᠷ ᠤᠨ ᠠᠮᠤ 250 ᠳ᠋ᠦᠩᠰᠢᠭᠤᠷ ᠵᠢᠩ᠂ ᠦᠨᠢᠶᠡᠨ ᠰᠦ 500 ᠳᠦᠮᠡᠨ ᠳᠤᠨ᠂ ᠮᠢᠬᠠᠨ ᠤ ᠳᠦᠷᠦᠯ 150 ᠳᠦᠮᠡᠨ ᠳᠤᠨ ᠳᠤ ᠬᠦᠷᠴᠤ᠂ ᠤᠯᠤᠰ ᠤᠨ ᠠᠮᠤ ᠪᠤᠳᠠᠭᠠᠨ ᠤ ᠭᠤᠤᠯ ᠤᠨᠠᠯᠳᠠ ᠶᠢᠨ ᠤᠷᠤᠨ ᠪᠠ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠬᠠᠩᠭᠠᠯᠭ᠎ᠠ ᠶᠢᠨ ᠰᠠᠭᠤᠷᠢᠨ ᠪᠤᠯᠤᠨ᠎ᠡ᠃      ᠬᠦᠲᠡᠭᠡ ᠲᠤᠰᠬᠤᠨ ᠢ ᠬᠦᠭᠵᠢᠭᠦᠯᠦᠨ ᠮᠠᠠᠲᠤᠭᠤᠯᠬᠤ ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠬᠦ ᠳᠤ ᠡᠷᠬᠡᠪᠰᠢ ᠤᠯᠤᠰ ᠤᠨ ᠠᠮᠤ ᠪᠤᠲᠠᠭᠠᠠ ᠤ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠪᠠᠷ ᠴᠢᠷᠮᠠᠶᠢᠵᠦ᠂ ᠶᠠᠰᠤ ᠴᠢᠨᠠᠷ ᠢ ᠲᠡᠭᠡᠭᠰᠢᠯᠡᠭᠦᠯᠬᠦ ᠤᠲᠤᠷᠢᠲᠤᠮᠵᠢ ᠶᠢ ᠲᠤᠪᠤᠶᠢᠯᠭᠠᠠ᠂ ᠠᠵᠦ ᠦᠢᠯᠡᠰ ᠢ ᠴᠡᠴᠡᠭᠯᠡᠭᠦᠯᠦᠨ ᠬᠦᠭᠵᠢᠭᠦᠯᠬᠦ ᠶᠢ ᠬᠦᠴᠦᠲᠠᠢ ᠠᠬᠢᠭᠤᠯᠵᠦ᠂ ᠮᠠᠯ ᠠᠵᠦ ᠠᠬᠤᠢ ᠲᠠᠷᠢᠶᠠᠯᠠᠩ ᠤᠨ ᠬᠦᠴᠦᠷᠭᠡᠭ ᠤᠷᠤᠨ ᠢ ᠲᠦᠷᠭᠡᠡ ᠪᠦᠲᠦᠭᠡᠡ ᠪᠠᠶᠢᠭᠤᠯᠤᠨ᠎ᠠ᠃ ᠲᠠᠷᠢᠶᠠᠠ ᠭᠠᠵᠠᠷ ᠪᠤᠯᠤᠨ ᠨᠤᠲᠤᠭ ᠪᠡᠯᠴᠢᠭᠡᠷ ᠤᠨ ᠤᠯᠠᠭᠠᠠ ᠱᠤᠭᠤᠮ ᠢ ᠴᠢᠩᠭ᠎ᠠ ᠰᠠᠬᠢᠵᠦ᠂ ᠦᠨᠢᠲᠠ ᠶᠢᠨ ᠦᠨᠲᠦᠰᠦᠨ ᠲᠠᠷᠢᠶᠠᠠ ᠭᠠᠵᠠᠷ ᠪᠤᠯᠤᠨ ᠦᠨᠲᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠦᠷᠢᠮ ᠢ ᠨᠠᠶᠢᠲᠠᠪᠤᠷᠢᠵᠢᠭᠤᠯᠤᠨ᠂ ᠲᠠᠷᠢᠶᠠᠠ ᠭᠠᠵᠠᠷ ᠤᠨ ᠶᠠᠰᠤ ᠴᠢᠨᠠᠷ᠂ ᠨᠤᠲᠤᠭ ᠪᠡᠯᠴᠢᠭᠡᠷ ᠤᠨ ᠶᠠᠰᠤ ᠴᠢᠨᠠᠷ ᠢ ᠬᠠᠮᠠᠭᠠᠯᠠᠵᠦ ᠲᠡᠭᠡᠭᠰᠢᠯᠡᠭᠦᠯᠬᠦ ᠠᠵᠢᠯᠯᠠᠭ᠎ᠠ ᠦᠷᠨᠢᠬᠦᠯᠵᠦ᠂ ᠮᠠᠯ ᠠᠵᠦ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠴᠢᠲᠠᠪᠤᠷᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠠ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠤ ᠶᠠᠰᠤ ᠴᠢᠨᠠᠷ ᠪᠤᠯᠤᠨ ᠢᠲᠡᠭᠡᠡ ᠤ ᠠᠮᠤᠷ ᠲᠦᠪᠰᠢᠨ ᠤ ᠪᠠᠷᠢᠮᠵᠢᠶ᠎ᠠ ᠶᠢᠨ ᠰᠢᠰᠲ᠋ᠧᠮ ᠢ ᠲᠦᠷᠭᠡᠡ ᠪᠠᠶᠢᠭᠤᠯᠵᠦ᠂ ᠲᠠᠪᠠᠭᠤᠯᠢᠭᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠤ ᠠᠵᠦ ᠦᠢᠯᠡᠰ ᠤᠨ ᠪᠦᠰᠡ ᠶᠢᠨ ᠪᠦᠲᠦᠭᠡᠡ ᠪᠠᠶᠢᠭᠤᠯᠤᠯᠲᠠ ᠶᠢ ᠰᠠᠶᠢᠲᠤᠷ ᠠᠳᠬᠤᠵᠦ᠂ ᠰᠦ ᠮᠢᠬ᠎ᠠ ᠨᠤᠯᠤᠤᠷ ᠠᠮᠤ ᠪᠤᠲᠠᠭ᠎ᠠ ᠲᠤᠰᠤ ᠪᠤᠯᠤᠨ ᠤᠢ ᠰᠢᠭᠤᠢ ᠡᠯᠡᠰᠦ ᠡᠪᠡᠰᠦᠨ ᠡᠮ ᠤᠨ ᠮᠠᠲ᠋ᠧᠷᠢᠶᠠᠯ ᠵᠡᠷᠭᠡ ᠲᠠᠪᠠᠭᠤᠯᠢᠭᠳᠤ ᠤᠨᠴᠠᠯᠢᠠᠠᠲᠦ ᠠᠵᠦ ᠦᠢᠯᠡᠰ ᠢ ᠪᠤᠶᠢᠵᠢᠭᠤᠯᠤᠠ᠂ ᠮᠠᠯᠵᠢᠬᠤ ᠲᠠᠷᠢᠶᠠᠯᠠᠬᠤ ᠤᠷᠤᠨ ᠤ ᠨᠢᠭᠡᠲᠦᠭᠡᠷ ᠬᠤᠶᠠᠲᠤᠭᠠᠷ ᠭᠤᠷᠪᠠᠲᠤᠭᠠᠷ ᠠᠵᠦ ᠦᠢᠯᠡᠰ ᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠦ᠂ ᠠᠵᠦ ᠦᠢᠯᠡᠰ ᠢᠶᠠᠷ ᠲᠤᠰᠬᠤᠨ ᠢ ᠮᠠᠠᠲᠤᠭᠤᠯᠤᠠ ᠬᠤᠰᠢᠭᠤ ᠰᠢᠶᠠᠠ ᠢ ᠬᠦᠴᠦᠷᠭᠡᠭᠵᠢᠭᠦᠯᠬᠦ ᠠᠵᠢᠯᠯᠠᠭ᠎ᠠ ᠪᠠ ︽ᠢᠨᠲ᠋ᠧᠷ ᠰᠦᠯᠵᠢᠶ᠎ᠠ + ᠮᠠᠯ ᠠᠵᠦ ᠠᠬᠤᠢ ᠲᠠᠷᠢᠶᠠᠯᠠᠩ︾ ᠤᠨ ᠠᠵᠢᠯᠯᠠᠭ᠎ᠠ ᠶᠢ ᠭᠡᠷᠡᠭᠵᠢᠭᠦᠯᠵᠦ᠂ ᠨᠡᠩ ᠤᠯᠠᠠ ︽ᠠᠯᠲᠠᠠ ᠱᠤᠰᠢᠭ᠎ᠠ ᠫᠠᠶᠢᠰᠠ ᠢᠯᠡᠷᠭᠡᠶᠢᠯᠡᠯ︾ ᠢ ᠡᠭᠦᠳᠴᠤ᠂ ᠨᠡᠩ ᠤᠯᠠᠠ ᠨᠡᠩ ᠰᠢᠨ᠎ᠠ ᠠᠵᠦ ᠠᠬᠤᠢ ᠶᠢᠨ ᠨᠡᠮᠡᠭᠲᠡᠯ ᠤᠨ ᠴᠡᠭ ᠢ ᠪᠤᠶᠢᠵᠢᠭᠤᠯᠤᠨ᠎ᠠ᠃      ᠮᠠᠯᠵᠢᠬᠤ ᠲᠠᠷᠢᠶᠠᠯᠠᠬᠤ ᠤᠷᠤᠨ ᠤ ᠦᠨᠲᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠲᠡᠷᠵᠢᠭᠦᠯᠵᠦ᠂ ᠭᠠᠵᠠᠷ ᠰᠢᠷᠤᠢ ᠶᠢᠨ ᠡᠵᠡᠩᠨᠡᠯᠲᠡ ᠶᠢᠨ ᠡᠷᠭᠡ ᠶᠢ ᠨᠤᠲᠠᠯᠠᠵᠦ ᠲᠡᠩᠰᠠᠯᠠᠠ ᠦᠨᠡᠮᠯᠡᠯ ᠤᠯᠭᠤᠬᠤ ᠪᠠ ᠨᠤᠲᠤᠭ ᠪᠡᠯᠴᠢᠭᠡᠷ ᠤᠨ ᠲᠠᠭᠠᠭᠠᠴᠢᠯᠠᠯᠲᠠ ᠶᠢᠨ ᠡᠷᠭᠡ ᠶᠢ ᠨᠤᠲᠠᠯᠠᠬᠤ ᠠᠵᠢᠯ ᠢ ᠰᠠᠶᠢᠲᠤᠷ ᠬᠢᠵᠦ᠂ ᠤᠯᠠᠠ ᠵᠦᠢᠯ ᠤᠨ ᠬᠡᠯᠪᠡᠷᠢ ᠲᠠᠢ ᠵᠤᠬᠢᠰᠲᠠᠢ ᠬᠡᠪᠴᠢᠶᠡᠵᠢᠭᠰᠡᠡ ᠡᠵᠡᠩᠨᠡᠯᠲᠡ ᠶᠢ ᠬᠦᠭᠵᠢᠭᠦᠯᠵᠦ᠂ ᠰᠢᠨ᠎ᠠ ᠮᠠᠶᠢᠭ ᠤᠨ ᠮᠠᠯ ᠠᠵᠦ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠵᠦ᠂ ᠲᠠᠷᠢᠶᠠᠴᠢᠨ ᠪᠠ ᠠᠵᠦ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠳᠤ ᠲᠤᠭᠲᠠᠴᠠ ᠶᠢ ᠲᠡᠭᠦᠯᠲᠡᠷᠵᠢᠭᠦᠯᠵᠦ᠂ ᠭᠠᠴᠠᠭ᠎ᠠ ᠲᠤᠰᠬᠤᠨ ᠤ ᠨᠡᠶᠢᠲᠡ ᠶᠢᠨ ᠠᠵᠦ ᠠᠬᠤᠢ ᠶᠢ ᠪᠤᠵᠠᠭᠠᠢᠢᠷᠠᠭᠤᠯᠵᠦ᠂ ᠮᠠᠯᠴᠢᠨ ᠲᠠᠷᠢᠶᠠᠴᠢᠠ ᠡᠷᠦᠭᠡ ᠪᠤᠯᠤᠨ ᠤᠲᠤ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠬᠦᠭᠵᠢᠯᠲᠠ ᠶᠢ ᠤᠷᠭᠠᠨᠢᠭ ᠢᠶᠠᠷ ᠵᠠᠯᠭᠠᠭᠤᠯᠬᠤ ᠶᠢ ᠪᠡᠶᠡᠯᠡᠭᠦᠯᠦᠨ᠎ᠡ᠃      ᠠᠮᠢ ᠠᠬᠤᠢ ᠤᠷᠤᠰᠢᠨ ᠰᠠᠭᠤᠬᠤ ᠳᠤ ᠲᠠᠭᠠᠯᠠᠮᠵᠢᠲᠠᠢ ᠪᠠᠶᠢᠬᠤ ᠳᠤ ᠠᠩᠬᠠᠷᠤᠯ ᠢᠶᠠᠨ ᠳᠦᠪᠯᠡᠷᠡᠬᠦᠯᠵᠥ᠂ ᠪᠤᠬᠢᠷᠳᠤᠯ ᠦᠭᠡᠢ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠂ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠪᠤᠯᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠲᠤ ᠪᠠᠬᠢ ᠴᠤᠬᠴᠠᠯᠠᠨ᠎ᠠ᠃ ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠲᠦ ᠶᠢᠨ ᠲᠠᠯᠠᠪᠠᠢ ᠪᠠᠷ ᠬᠠᠮᠤᠭ ᠶᠡᠭᠡ ᠠᠮᠢ ᠠᠬᠤᠢ ᠶᠢᠨ ᠴᠢᠳᠠᠮᠵᠢ ᠶᠢᠨ ᠤᠷᠤᠨ ᠪᠤᠯᠬᠤ ᠪᠦᠭᠡᠳ ᠪᠠᠰᠠ ᠮᠠᠨ ᠤ ᠤᠯᠤᠰ ᠤᠨ ᠤᠮᠠᠷᠠᠲᠦ ᠶᠢᠨ ᠲᠠᠯᠠᠪᠠᠢ ᠪᠠᠷ ᠬᠠᠮᠤᠭ ᠶᠡᠭᠡ ᠮᠠᠯ ᠠᠵᠥ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠨ ᠪᠤᠯᠤᠨ᠎ᠠ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠤ ᠬᠤᠭᠤᠷᠤᠨᠳᠤ ᠮᠠᠰᠢ ᠴᠢᠩᠭ᠎ᠠ ᠲᠦᠰᠢᠭᠯᠡᠯᠴᠡᠨ ᠤᠷᠤᠰᠢᠬᠤ ᠬᠠᠷᠢᠴᠠᠭ᠎ᠠ ᠲᠠᠢ ᠪᠠᠶᠢᠳᠠᠭ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ᠂ ᠡᠷᠬᠡᠪᠰᠢ ᠮᠠᠨ ᠤ ᠤᠯᠤᠰ ᠤᠨ ᠤᠮᠠᠷᠠᠲᠦ ᠶᠢᠨ ᠴᠢᠬᠤᠯᠠ ᠪᠤᠯᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠶᠢᠨ ᠲᠤᠭᠤᠷᠢᠨ ᠳᠤ᠂ ᠠᠮᠢ ᠠᠬᠤᠢ ᠤᠷᠤᠰᠢᠨ ᠰᠠᠭᠤᠬᠤ ᠳᠤ ᠳᠠᠭᠠᠯᠠᠮᠵᠢᠲᠠᠢ ᠪᠠᠶᠢᠬᠤ ᠪᠠᠷ ᠵᠠᠩᠬᠢᠯᠠᠭ᠎ᠠ ᠪᠤᠯᠭᠠᠵᠤ᠂ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠵᠤ᠂ ᠦᠵᠡᠰᠭᠦᠯᠡᠩᠲᠦ ᠰᠠᠶᠢᠬᠠᠨ ᠪᠤᠯᠤᠨ ᠬᠦᠭᠵᠢᠯᠲᠡ ᠶᠢᠨ ᠬᠤᠤᠰ ᠢᠯᠠᠯᠲᠠ᠂ ᠠᠮᠢ ᠠᠬᠤᠢ ᠭᠤᠶᠢᠲᠠ ᠰᠠᠶᠢᠬᠠᠨ ᠪᠤᠯᠤᠨ ᠠᠷᠠᠳ ᠲᠦᠮᠡᠨ ᠪᠠᠶᠠᠨ ᠴᠢᠨᠡᠭᠡᠯᠢᠭ ᠪᠠᠶᠢᠬᠤ ᠶᠢ ᠬᠠᠷᠢᠯᠴᠠᠨ ᠨᠢᠭᠡᠲᠦᠭᠦᠯᠬᠦ ᠶᠢ ᠴᠢᠷᠮᠠᠶᠢᠨ ᠪᠡᠶᠡᠯᠡᠬᠦᠯᠦᠨ᠎ᠡ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠨ ᠵᠠᠰᠠᠬᠤ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠲᠠᠷᠢᠶᠠᠨ ᠭᠠᠵᠠᠷ ᠨᠤᠳᠤᠬ ᠪᠡᠯᠴᠢᠭᠡᠷ ᠤᠢ ᠰᠢᠭᠤᠢ ᠭᠤᠤᠯ ᠮᠦᠷᠡᠨ ᠨᠠᠭᠤᠷ ᠪᠦᠷᠢᠳᠤ ᠶᠢ ᠰᠡᠷᠭᠦᠭᠡᠨ ᠰᠠᠶᠢᠵᠢᠷᠠᠭᠤᠯᠬᠤ ᠲᠦᠷᠢᠮ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠬᠡᠷ ᠰᠡᠷᠬᠦᠭᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠦᠯᠯᠡᠷᠬᠡᠭᠵᠢᠯ᠂ ᠡᠯᠡᠰᠦᠷᠬᠡᠭᠵᠢᠯ᠂ ᠤᠰᠤ ᠬᠦᠷᠦᠰᠤᠨ ᠤ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠳᠠ ᠪᠠ ᠬᠦᠳᠡᠭᠡ ᠠᠵᠤ ᠠᠬᠤᠢ ᠶᠢᠨ ᠪᠤᠬᠢᠷᠳᠤᠯ ᠦᠭᠡᠢ ᠬᠦᠭᠵᠢᠯᠲᠡ ᠶᠢᠨ ᠠᠵᠢᠯᠯᠠᠭ᠎ᠠ ᠶᠢ ᠦᠷᠨᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠨᠢᠭᠦᠯᠵᠦ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠦᠯᠦᠭᠡᠯᠡᠵᠦ ᠪᠠᠶᠢᠭ᠎ᠠ ᠳᠤᠲᠠᠭᠤᠳᠠᠯ ᠢ ᠬᠦᠴᠦᠯᠡᠨ ᠨᠦᠬᠦᠪᠦᠷᠢᠯᠡᠵᠦ᠂ ᠤᠷᠤᠰᠢᠨ ᠰᠠᠭᠤᠷᠢᠰᠢᠵᠤ ᠦᠢᠯᠡᠰ ᠪᠤᠰᠬᠠᠬᠤ ᠳᠤ ᠲᠠᠭᠠᠯᠠᠮᠵᠢᠲᠠᠢ ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ᠢ ᠲᠦᠷᠭᠡᠳᠭᠡᠨ ᠪᠦᠲᠦᠭᠡᠨ ᠪᠠᠶᠢᠭᠤᠯᠤᠨ᠎ᠠ᠃ ᠤᠨᠴᠠᠭᠠᠢᠢᠯᠠᠨ ᠡᠬᠢ ᠪᠠᠶᠠᠯᠢᠭ ᠢ ᠬᠤᠷᠤᠭᠳᠠᠭᠤᠯᠬᠤ ᠳᠤ ᠬᠡᠲᠦᠷᠬᠡᠢ ᠲᠦᠰᠢᠭᠯᠡᠬᠦ ᠬᠦᠭᠵᠢᠯᠲᠡ ᠶᠢᠨ ᠵᠠᠭᠪᠤᠷ ᠢ ᠡᠷᠡᠰ ᠦᠭᠡᠷᠡᠴᠢᠯᠡᠵᠦ᠂ ᠪᠤᠬᠢᠷᠳᠤᠯ ᠦᠭᠡᠢ ᠠᠮᠢ ᠠᠬᠤᠢ ᠪᠠᠷ ᠤᠳᠤᠷᠢᠳᠤᠮᠵᠢ ᠪᠤᠯᠭᠠᠭᠰᠠᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠤᠯᠤᠨ ᠪᠤᠬᠢᠷᠳᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠬᠦᠭᠵᠢᠯᠳᠠ ᠶᠢᠨ ᠠᠵᠤ ᠦᠢᠯᠡᠰ ᠤᠨ ᠰᠢᠰᠲ᠋ᠧᠮ᠂ ᠰᠢᠨᠵᠢᠯᠡᠬᠦ ᠤᠬᠠᠭᠠᠨᠴᠢ ᠲᠤᠬᠢᠷᠠᠮᠵᠢᠲᠠᠢ ᠳᠡᠰ ᠳᠠᠷᠠᠭᠠᠯᠠᠯ ᠲᠠᠢ ᠤᠷᠤᠨ ᠵᠠᠢ ᠶᠢᠨ ᠪᠠᠶᠢᠷᠢᠰᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠮᠢ ᠠᠬᠤᠢ ᠶᠢᠨ ᠠᠵᠦ ᠦᠢᠯᠡᠰ ᠢ ᠢᠳᠡᠪᠬᠢᠲᠡᠢ ᠬᠦᠭᠵᠢᠭᠦᠯᠵᠦ᠂ ᠪᠤᠬᠢᠷᠳᠤᠯ ᠦᠭᠡᠢ ᠠᠵᠤ ᠠᠬᠤᠢ ᠶᠢ ᠪᠤᠵᠠᠭᠠᠢᠢᠷᠠᠭᠤᠯᠵᠤ᠂ ᠭᠠᠵᠠᠷ ᠰᠢᠷᠤᠢ ᠠᠴᠠ ᠠᠯᠲᠠᠨ ᠵᠤᠭᠤᠰ ᠤᠷᠭᠤᠭᠤᠯᠵᠤ᠂ ᠠᠮᠢ ᠠᠬᠤᠢ ᠶᠢ ᠡᠳ᠋ ᠤᠨ ᠬᠡᠰᠢᠭᠲᠡᠨ ᠪᠤᠯᠭᠠᠨ ᠬᠤᠪᠢᠷᠠᠭᠤᠯᠵᠤ᠂  ︽ᠤᠷᠠᠨ ᠪᠤᠯᠵᠤᠮᠤᠷ ᠵᠢᠷᠬᠢᠨ ᠲᠤᠩᠭᠤᠳᠤᠭᠠᠳ ᠤᠰᠤᠨ ᠪᠤᠯᠤᠷ ᠭᠤᠤᠯ ᠲᠤᠨᠤᠯᠵᠠᠭᠰᠠᠨ︾ ᠦᠵᠡᠰᠬᠦᠯᠡᠩᠳᠤ  ᠰᠠᠶᠢᠬᠠᠨ ᠦᠵᠡᠮᠵᠢ ᠶᠢ ᠦᠶ᠎ᠡ ᠶᠢᠨ ᠦᠶ᠎ᠡ ᠳᠤ ᠤᠯᠠᠮᠵᠢᠯᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号