3 ᠰᠠᠷ᠎ᠠ ᠶᠢᠨ 16 ᠠᠴᠠ 17 ᠤ ᠡᠳᠦᠷ ᠪᠤᠯᠳᠠᠯ᠎ᠠ᠂ ᠮᠠᠨ ᠤ ᠤᠷᠤᠨ ᠤ ᠠᠩᠬᠠᠳᠠᠭᠴᠢ ᠰᠡᠬᠡᠬᠡᠳᠡᠳ ᠤᠨ | ᠠᠮᠢᠳᠤᠷᠠᠯ ᠤᠨ ᠰᠡᠳᠦᠪᠳᠤ ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠦᠪᠦᠷ | ᠮᠤᠩᠭᠤᠯ ᠤᠨ ᠤᠷᠠᠯᠢᠭ ᠵᠦᠴᠦᠬᠡ ᠶᠢᠨ ᠬᠦᠷᠢᠶᠡᠯᠡᠩ ᠳᠤ ᠳᠤᠭᠯᠠᠪᠠ᠃ | ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ᠪᠦᠬᠦ | ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠨᠠᠶᠢᠳᠠᠪᠤᠷᠢᠵᠢᠭᠤᠯᠵᠤ᠂ ᠤᠯᠠᠨ | ᠲᠦᠮᠡᠨ ᠤ ᠰᠤᠶᠤᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠪᠡᠷᠳᠡᠬᠡᠨ ᠵᠠᠰᠬᠠᠤ ᠤᠷᠤᠨ ᠤ ᠰᠢ | ᠵᠦᠴᠦᠬᠡ ᠶᠢᠨ ᠵᠤᠬᠢᠶᠠᠨ ᠪᠦᠳᠦᠬᠡᠯᠳᠡ ᠶᠢᠨ ᠦᠷ᠎ᠠ ᠪᠦᠳᠦᠬᠡᠯ ᠢ ᠳᠡᠯᠬᠡᠨ ᠦᠵᠡᠬᠦᠯᠬᠦ ᠶᠢᠨ ᠲᠦᠯᠦᠬᠡ᠂ ᠦᠪᠡᠷᠳᠡᠬᠡᠨ | ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠬᠢᠨ ᠳᠤᠮᠤ ᠬᠡᠯᠪᠡᠷᠢ ᠶᠢᠨ ᠳᠠᠭᠤᠯᠠᠯᠳᠤ | ᠵᠦᠴᠦᠬᠡ ︽ᠳᠠᠯ᠎ᠠ ᠶᠢᠨ ᠮᠦᠷᠦᠬᠡᠳᠦᠯ︾ ᠢ ᠰᠤᠩᠭᠤᠵᠤ᠂ ᠦᠪᠡᠷᠳᠡᠬᠡᠨ ᠵᠠᠰᠠᠬᠤ ᠤᠷᠤᠨ ᠤ ᠰᠢᠯᠢᠳᠡᠭ | ᠵᠦᠴᠦᠬᠡ ᠪᠠᠷ ᠠᠷᠠᠳ ᠲᠤ ᠠᠰᠢᠭ ᠬᠦᠷᠳᠡᠬᠡᠬᠦ ᠳᠤᠭᠯᠠᠯᠳᠠ ᠳᠤ ᠤᠷᠤᠯᠴᠠᠭᠤᠯᠵᠠᠢ᠃ | ᠤᠢᠢᠯᠠᠭᠠᠭᠰᠠᠠ ᠢᠶᠠᠷ᠂ ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ | ᠪᠤᠭᠤᠳᠤ ᠬᠤᠳᠠ ᠶᠢᠨ ᠰᠤᠶᠤᠯ ᠳᠤᠭᠯᠠᠯᠳᠠ ᠶᠢᠨ ᠤᠷᠠᠯᠢᠭ ᠤᠨ ᠬᠢᠵᠠᠭᠠᠷᠳᠤ ᠺᠤᠮᠫᠠᠨᠢ ᠠᠴᠠ ᠦᠢᠯᠡᠳᠴᠦ᠂ ᠡᠨᠡ ᠨᠢ | ᠪᠤᠭᠤᠳᠤ ᠬᠤᠳᠠ ᠶᠢᠨ ᠠᠩᠬᠠᠳᠠᠭᠴᠢ ᠤᠯᠤᠰ ᠤᠨ ᠤᠷᠠᠯᠢᠭ ᠤᠨ ᠰᠠᠭᠤᠷᠢ ᠮᠦᠩᠬᠦ ᠶᠢᠨ ᠳᠡᠮᠵᠢᠯᠡᠭᠡ ᠶᠢᠨ ᠲᠦᠷᠦᠯ | ᠵᠦᠢᠯ ᠪᠤᠯᠤᠬᠰᠠᠨ ᠪᠠᠶᠢᠨ᠎ᠠ᠂ ᠳᠤᠰ ᠵᠦᠴᠦᠬᠡ ᠳᠤ ᠳᠡᠬᠡᠷ᠎ᠠ ᠵᠠᠭᠤᠨ ᠤ ᠵᠢᠷᠠ ᠳᠠᠯᠠᠭᠠᠳ ᠤᠨ ᠤ ᠦᠶ᠎ᠠ ᠶᠢᠨ ᠹᠠᠩ | ᠯᠠᠨ᠂ ᠵᠦᠩ ᠸᠧᠢ ᠭᠦᠸᠧ᠂ ᠵᠧᠦ ᠶᠢᠩ ᠵᠡᠷᠬᠡ ᠪᠡᠬᠡᠵᠢᠩ ᠤᠨ ᠰᠡᠬᠡᠬᠡᠳᠡᠨ ᠵᠠᠯᠠᠭᠤᠴᠤᠳ ᠡᠵᠢ ᠠᠪᠤ ᠬᠡᠷ | ᠨᠤᠳᠤᠭ ᠠᠴᠠ ᠪᠠᠨ ᠰᠠᠯᠵᠤ ᠵᠠᠯᠠᠭᠤ ᠨᠠᠰᠤᠨ ᠤ ᠬᠦᠰᠡᠯ ᠡᠷᠡᠮᠡᠯᠵᠡᠯ ᠢ ᠡᠪᠦᠷᠯᠡᠵᠦ ᠦᠪᠦᠷ ᠮᠤᠩᠭᠤᠯ ᠤᠨ ᠳᠠᠯ᠎ᠠ | ᠨᠤᠳᠤᠭ ᠲᠤ ᠢᠷᠡᠭᠰᠡᠨ ᠦᠯᠢᠬᠡᠷ ᠢ ᠳᠤᠭᠠᠴᠢᠵᠠᠢ᠃ ᠳᠡᠳᠡ ᠳᠠᠯ᠎ᠠ ᠨᠤᠳᠤᠭ ᠤᠨ ᠰᠠᠯᠬᠢ ᠪᠤᠷᠤᠭᠠᠨ ᠴᠠᠰᠤ | ᠰᠢᠭᠤᠷᠭᠠᠨ ᠳᠤ ᠳᠠᠪᠳᠠᠭᠳᠠᠵᠤ᠂ ᠮᠠᠯᠴᠢᠳ ᠤᠨ ᠠᠭᠤᠤ ᠬᠠᠶᠢᠷ᠎ᠠ ᠬᠠᠯᠠᠮᠵᠢ ᠶᠢᠨ ᠳᠤᠤᠷ᠎ᠠ ᠦᠰᠦᠨ ᠪᠤᠶᠢᠵᠢᠵᠤ᠂ | ᠦᠷᠬᠡᠨ ᠠᠭᠤᠳᠠᠮ ᠳᠠᠯ᠎ᠠ ᠨᠤᠳᠤᠭ ᠨᠢ ᠳᠡᠳᠡᠨ ᠤ ᠬᠤᠶᠠᠳᠡᠬᠢ ᠡᠬᠡ ᠨᠤᠳᠤᠭ ᠨᠢ ᠪᠤᠯᠪᠠ᠃ 2016 ᠤᠨ ᠤ | ᠵᠢᠯ ᠤᠨ ᠰᠡᠬᠦᠯᠴᠢ ᠪᠠᠷ ︽ᠳᠠᠯ᠎ᠠ ᠶᠢᠨ ᠮᠦᠷᠦᠬᠡᠳᠦᠯ︾ ᠢ ᠪᠤᠭᠤᠳᠤ ᠶᠢᠨ ᠲᠤᠮᠤ ᠵᠦᠴᠦᠬᠡ ᠶᠢᠨ ᠬᠦᠷᠢᠶᠡᠯᠡᠩ ᠳᠤ | ᠵᠠᠯᠭᠠᠪᠡᠷ 4 ᠳᠠᠯᠠᠪᠠᠢ ᠳᠤᠭᠯᠠᠵᠤ ᠨᠡᠶᠢᠬᠡᠮ ᠤᠨ ᠡᠯ᠎ᠡ ᠡᠳᠡᠬᠡᠳ ᠤᠨ ᠬᠠᠯᠠᠭᠤᠨ ᠬᠦᠷᠢᠶᠡᠯᠡᠯ ᠦᠨᠳᠦᠷ ᠦᠨᠡᠯᠡᠯᠳᠡ ᠶᠢ | ᠤᠯᠤᠭᠰᠠᠨ ᠪᠠᠶᠢᠨ᠎ᠠ᠃ |