3 ᠰᠠᠷ᠎ᠠ ᠶᠢᠨ 16 ᠠᠴᠠ 17 ᠤ ᠡᠳᠦᠷ ᠪᠤᠯᠳᠠᠯ᠎ᠠ᠂ ᠮᠠᠨ ᠤ ᠤᠷᠤᠨ ᠤ ᠠᠩᠬᠠᠳᠠᠭᠴᠢ ᠰᠡᠬᠡᠬᠡᠳᠡᠳ ᠤᠨ ᠠᠮᠢᠳᠤᠷᠠᠯ ᠤᠨ ᠰᠡᠳᠦᠪᠳᠤ ᠲᠤᠮᠤ | ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠦᠪᠦᠷ ᠮᠤᠩᠭᠤᠯ ᠤᠨ ᠤᠷᠠᠯᠢᠭ ᠵᠦᠴᠦᠬᠡ ᠶᠢᠨ ᠬᠦᠷᠢᠶᠡᠯᠡᠩ ᠳᠤ ᠳᠤᠭᠯᠠᠪᠠ᠃ | ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠳᠤᠤᠱᠯᠠᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ | ᠰᠠᠨᠠᠭ᠎ᠠ ᠶᠢ ᠬᠦᠨᠵᠡᠬᠡᠢ ᠰᠤᠷᠤᠯᠴᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠵᠤ᠂ ᠦᠪᠡᠷᠳᠡᠬᠡᠨ ᠵᠠᠰᠬᠠᠤ | ᠤᠷᠤᠨ ᠤ ᠰᠢ ᠵᠦᠴᠦᠬᠡ ᠶᠢᠨ ᠵᠤᠬᠢᠶᠠᠨ ᠪᠦᠳᠦᠬᠡᠯᠳᠡ ᠶᠢᠨ ᠦᠷ᠎ᠠ ᠪᠦᠳᠦᠬᠡᠯ ᠢ ᠳᠡᠯᠬᠡᠨ ᠦᠵᠡᠬᠦᠯᠬᠦ ᠶᠢᠨ ᠲᠦᠯᠦᠬᠡ᠂ ᠦᠪᠡᠷᠳᠡᠬᠡᠨ ᠵᠠᠰᠬᠠᠤ ᠤᠷᠤᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠬᠢᠨ ᠳᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠰᠤᠩᠭᠤᠵᠤ᠂ | ᠦᠪᠡᠷᠳᠡᠬᠡᠨ ᠵᠠᠰᠠᠬᠤ ᠤᠷᠤᠨ ᠤ ᠰᠢᠯᠢᠳᠡᠭ ᠵᠦᠴᠦᠬᠡ ᠪᠠᠷ ᠠᠷᠠᠳ ᠲᠤ ᠠᠰᠢᠭ ᠬᠦᠷᠳᠡᠬᠡᠬᠦ ᠳᠤᠭᠯᠠᠯᠳᠠ ᠳᠤ ᠤᠷᠤᠯᠴᠠᠭᠤᠯᠵᠠᠢ᠃ | ᠤᠢᠢᠯᠠᠭᠠᠭᠰᠠᠠ ᠢᠶᠠᠷ᠂ ᠲᠤᠮᠤ ᠬᠡᠯᠪᠡᠷᠢ ᠶᠢᠨ ᠳᠠᠭᠤᠯᠠᠯᠳᠤ ᠵᠦᠴᠦᠬᠡ ︽ᠳᠠᠯ᠎ᠠ ᠶᠢᠨ ᠮᠦᠷᠦᠬᠡᠳᠦᠯ︾ ᠢ ᠪᠤᠭᠤᠳᠤ ᠬᠤᠳᠠ ᠶᠢᠨ ᠰᠤᠶᠤᠯ | ᠳᠤᠭᠯᠠᠯᠳᠠ ᠶᠢᠨ ᠤᠷᠠᠯᠢᠭ ᠤᠨ ᠬᠢᠵᠠᠭᠠᠷᠳᠤ ᠺᠤᠮᠫᠠᠨᠢ ᠠᠴᠠ ᠦᠢᠯᠡᠳᠴᠦ᠂ ᠡᠨᠡ ᠨᠢ ᠪᠤᠭᠤᠳᠤ ᠬᠤᠳᠠ ᠶᠢᠨ ᠠᠩᠬᠠᠳᠠᠭᠴᠢ ᠤᠯᠤᠰ ᠤᠨ ᠤᠷᠠᠯᠢᠭ ᠤᠨ ᠰᠠᠭᠤᠷᠢ | ᠮᠦᠩᠬᠦ ᠶᠢᠨ ᠳᠡᠮᠵᠢᠯᠡᠭᠡ ᠶᠢᠨ ᠲᠦᠷᠦᠯ ᠵᠦᠢᠯ ᠪᠤᠯᠤᠬᠰᠠᠨ ᠪᠠᠶᠢᠨ᠎ᠠ᠂ ᠳᠤᠰ ᠵᠦᠴᠦᠬᠡ ᠳᠤ ᠳᠡᠬᠡᠷ᠎ᠠ ᠵᠠᠭᠤᠨ ᠤ ᠵᠢᠷᠠ ᠳᠠᠯᠠᠭᠠᠳ ᠤᠨ ᠤ ᠦᠶ᠎ᠠ ᠶᠢᠨ ᠹᠠᠩ | ᠯᠠᠨ᠂ ᠵᠦᠩ ᠸᠧᠢ ᠭᠦᠸᠧ᠂ ᠵᠧᠦ ᠶᠢᠩ ᠵᠡᠷᠬᠡ ᠪᠡᠬᠡᠵᠢᠩ ᠤᠨ ᠰᠡᠬᠡᠬᠡᠳᠡᠨ ᠵᠠᠯᠠᠭᠤᠴᠤᠳ ᠡᠵᠢ ᠠᠪᠤ ᠬᠡᠷ ᠨᠤᠳᠤᠭ ᠠᠴᠠ ᠪᠠᠨ ᠰᠠᠯᠵᠤ ᠵᠠᠯᠠᠭᠤ ᠨᠠᠰᠤᠨ ᠤ | ᠬᠦᠰᠡᠯ ᠡᠷᠡᠮᠡᠯᠵᠡᠯ ᠢ ᠡᠪᠦᠷᠯᠡᠵᠦ ᠦᠪᠦᠷ ᠮᠤᠩᠭᠤᠯ ᠤᠨ ᠳᠠᠯ᠎ᠠ ᠨᠤᠳᠤᠭ ᠲᠤ ᠢᠷᠡᠭᠰᠡᠨ ᠦᠯᠢᠬᠡᠷ ᠢ ᠳᠤᠭᠠᠴᠢᠵᠠᠢ᠃ ᠳᠡᠳᠡ ᠳᠠᠯ᠎ᠠ ᠨᠤᠳᠤᠭ ᠤᠨ ᠰᠠᠯᠬᠢ | ᠪᠤᠷᠤᠭᠠᠨ ᠴᠠᠰᠤ ᠰᠢᠭᠤᠷᠭᠠᠨ ᠳᠤ ᠳᠠᠪᠳᠠᠭᠳᠠᠵᠤ᠂ ᠮᠠᠯᠴᠢᠳ ᠤᠨ ᠠᠭᠤᠤ ᠬᠠᠶᠢᠷ᠎ᠠ ᠬᠠᠯᠠᠮᠵᠢ ᠶᠢᠨ ᠳᠤᠤᠷ᠎ᠠ ᠦᠰᠦᠨ ᠪᠤᠶᠢᠵᠢᠵᠤ᠂ ᠦᠷᠬᠡᠨ ᠠᠭᠤᠳᠠᠮ ᠳᠠᠯ᠎ᠠ | ᠨᠤᠳᠤᠭ ᠨᠢ ᠳᠡᠳᠡᠨ ᠤ ᠬᠤᠶᠠᠳᠡᠬᠢ ᠡᠬᠡ ᠨᠤᠳᠤᠭ ᠨᠢ ᠪᠤᠯᠪᠠ᠃ 2016 ᠤᠨ ᠤ ᠵᠢᠯ ᠤᠨ ᠰᠡᠬᠦᠯᠴᠢ ᠪᠠᠷ ︽ᠳᠠᠯ᠎ᠠ ᠶᠢᠨ ᠮᠦᠷᠦᠬᠡᠳᠦᠯ︾ ᠢ ᠪᠤᠭᠤᠳᠤ ᠶᠢᠨ | ᠲᠤᠮᠤ ᠵᠦᠴᠦᠬᠡ ᠶᠢᠨ ᠬᠦᠷᠢᠶᠡᠯᠡᠩ ᠳᠤ ᠵᠠᠯᠭᠠᠪᠡᠷ 4 ᠳᠠᠯᠠᠪᠠᠢ ᠳᠤᠭᠯᠠᠵᠤ ᠨᠡᠶᠢᠬᠡᠮ ᠤᠨ ᠡᠯ᠎ᠡ ᠡᠳᠡᠬᠡᠳ ᠤᠨ ᠬᠠᠯᠠᠭᠤᠨ ᠬᠦᠷᠢᠶᠡᠯᠡᠯ ᠦᠨᠳᠦᠷ ᠦᠨᠡᠯᠡᠯᠳᠡ ᠶᠢ | ᠤᠯᠤᠭᠰᠠᠨ ᠪᠠᠶᠢᠨ᠎ᠠ᠃ |