ᠰᠢᠨᠬᠤᠧᠠ ᠨᠧᠲ ᠬᠦᠬᠡᠬᠤᠲᠠ ᠶᠢᠨ 4 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ ︵ᠯᠢ ᠴᠢᠶᠠᠨ | ᠬᠤᠤ ᠸᠧᠨ ᠲᠢᠩ︶ ᠥᠪᠦᠷ ᠮᠣᠩᠭᠤᠯ ᠤᠨ ᠥᠪᠡᠷᠲᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠲᠢᠩᠬᠢᠮ ᠠᠴᠠ ᠤᠶᠢᠯᠠᠭᠠᠭᠰᠠᠨ ᠢᠶᠠᠷ᠂ 16 ᠤ ᠡᠳᠦᠷ ᠠᠴᠠ ᠤᠷᠤᠨ ᠳᠠᠶᠠᠭᠠᠷ ᠤᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠠᠭᠠᠨ ᠬᠦᠷᠬᠦ ᠴᠠᠭ ᠲᠤ ᠲᠤᠬᠢᠷᠠᠭᠤᠯᠤᠯᠲᠠ ᠬᠢᠵᠡᠢ᠃ | ᠡᠬᠦᠨ ᠳᠤ᠂ ᠪᠠᠭ᠎ᠠ ᠰᠤᠷᠭᠠᠭᠤᠯᠢ 08᠄ 00 ᠴᠠᠭ ᠠᠴᠠ ᠡᠷᠳᠡ ᠪᠠᠶᠢᠵᠤ ᠪᠤᠯᠬᠤ ᠦᠬᠡᠢ᠂ ᠠᠩᠬ᠎ᠠ ᠳᠤᠮᠳᠠᠳᠤ 07 | ᠄ 50 ᠴᠠᠭ ᠠᠴᠠ ᠡᠷᠳᠡ ᠪᠠᠶᠢᠵᠤ ᠪᠤᠯᠬᠤ ᠦᠬᠡᠢ᠂ ᠦᠨᠳᠦᠷ ᠳᠤᠮᠳᠠᠳᠤ 07᠄ 30 ᠴᠠᠭ ᠠᠴᠠ ᠡᠷᠳᠡ ᠪᠠᠶᠢᠵᠤ | ᠪᠤᠯᠬᠤ ᠦᠬᠡᠢ᠂ ᠬᠦᠢᠲᠠᠨ ᠴᠠᠭ ᠠᠭᠠᠷ ᠲᠠᠢ ᠪᠦᠰᠡ ᠨᠤᠲᠤᠭ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ | ᠤᠯᠠᠷᠢᠯ ᠬᠢᠬᠡᠳ ᠴᠠᠭ ᠠᠭᠠᠷ ᠤᠨ ᠬᠤᠪᠢᠷᠠᠯᠲᠠ ᠶᠢ ᠦᠨᠳᠦᠰᠦᠯᠡᠵᠤ ᠰᠤᠷᠭᠠᠭᠤᠯᠢ ᠳᠤ ᠬᠦᠷᠬᠦ᠂ ᠪᠤᠴᠠᠬᠤ ᠴᠠᠭ ᠢᠶᠠᠨ | ᠵᠣᠬᠢᠰᠲᠠᠢ ᠲᠤᠬᠢᠷᠠᠭᠤᠯᠵᠤ ᠪᠤᠯᠤᠨ᠎ᠠ᠃ | ᠡᠬᠦᠨ ᠠᠴᠠ ᠭᠠᠳᠠᠨ᠎ᠠ ᠰᠤᠷᠤᠭᠴᠢᠳ ᠤᠨ ᠰᠤᠷᠭᠠᠭᠤᠯᠢ ᠳᠠᠭᠠᠨ ᠪᠠᠶᠢᠬᠤ ᠴᠠᠭ ᠲᠤ ᠴᠤ ᠲᠤᠳᠤᠷᠬᠠᠢ | ᠲᠤᠭᠳᠠᠭᠠᠯ ᠭᠠᠷᠭᠠᠭᠰᠠᠨ ᠪᠠᠶᠢᠨ᠎ᠠ᠃ ᠪᠠᠶᠢᠷᠢ ᠳᠤ ᠰᠠᠭᠤᠬᠰᠠᠨ ᠦᠬᠡᠢ ᠰᠤᠷᠤᠭᠴᠢᠳ ᠤᠨ ᠰᠤᠷᠭᠠᠭᠤᠯᠢ ᠳᠠᠭᠠᠨ | ᠲᠦᠪᠯᠡᠷᠡᠭᠦᠯᠦᠨ ᠰᠤᠷᠤᠯᠴᠠᠬᠤ ᠴᠠᠭ ᠢ ᠪᠠᠭ᠎ᠠ ᠰᠤᠷᠭᠠᠭᠤᠯᠢ 6 ᠴᠠᠭ ᠠᠴᠠ᠂ ᠠᠩᠬ᠎ᠠ ᠳᠤᠮᠳᠠᠳᠤ 7 ᠴᠠᠭ ᠠᠴᠠ᠂ | ᠦᠨᠳᠦᠷ ᠳᠤᠮᠳᠠᠳᠤ ᠶᠢ 8 ᠴᠠᠭ ᠠᠴᠠ ᠬᠡᠲᠦᠷᠡᠬᠦᠯᠬᠦ ᠦᠬᠡᠢ ᠪᠦᠬᠡᠳ ᠰᠤᠷᠤᠭᠴᠢᠳ ᠤᠨ ᠦᠳᠡ ᠠᠴᠠ ᠬᠤᠶᠢᠰᠢᠬᠢ | ᠰᠤᠷᠭᠠᠭᠤᠯᠢ ᠲᠠᠷᠬᠠᠬᠤ ᠴᠠᠭ ᠨᠢ ᠪᠠᠭ᠎ᠠ ᠰᠤᠷᠭᠠᠭᠤᠯᠢ 17᠄ 30 ᠴᠠᠭ ᠠᠴᠠ᠂ ᠠᠩᠬ᠎ᠠ ᠳᠤᠮᠳᠠᠳᠤ 18᠄ 00 | ᠴᠠᠭ ᠠᠴᠠ᠂ ᠦᠨᠳᠦᠷ ᠳᠤᠮᠳᠠᠳᠤ 18᠄ 30 ᠴᠠᠭ ᠠᠴᠠ ᠬᠤᠶᠢᠰᠢ ᠪᠠᠶᠢᠵᠤ ᠪᠤᠯᠬᠤ ᠦᠬᠡᠢ᠃ ᠳᠠᠭᠠᠤ ᠳᠤ ᠨᠢ | ᠪᠠᠶᠢᠷᠢ ᠳᠤ ᠰᠠᠭᠤᠬᠰᠠᠨ ᠦᠬᠡᠢ ᠰᠤᠷᠤᠭᠴᠢᠳ ᠢ ᠵᠣᠬᠢᠶᠠᠨ ᠪᠠᠶᠢᠭᠤᠯᠵᠤ ᠤᠷᠤᠢ ᠶᠢᠨ ᠳᠠᠪᠲᠠᠯᠭ᠎ᠠ ᠳᠤ ᠤᠷᠤᠭᠤᠯᠬᠤ | ᠪᠤᠶᠤ ᠰᠤᠷᠭᠠᠭᠤᠯᠢ ᠳᠤ ᠬᠦᠷᠬᠦ ᠲᠤᠬᠳᠠᠬᠰᠠᠨ ᠴᠠᠭ ᠠᠴᠠ ᠡᠮᠦᠨ᠎ᠠ ᠪᠠᠶᠢᠷᠢ ᠳᠤ ᠰᠠᠭᠤᠭᠰᠠᠨ ᠰᠤᠷᠤᠭᠴᠢᠳ ᠢ | ᠵᠣᠬᠢᠶᠠᠨ ᠪᠠᠶᠢᠭᠤᠯᠵᠤ ᠬᠢᠴᠢᠶᠠᠯ ᠤᠷᠤᠬᠤ ᠶᠢ ᠬᠤᠷᠢᠬᠯᠠᠨ᠎ᠠ᠃ | |