ᠬᠥᠬᠡᠬᠤᠲᠠ ᠠᠵᠤ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠤ ᠬᠥᠭᠵᠢᠯᠲᠡ  ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/4/23
ᠵᠣᠴᠢᠨ  ᠄ ᠬᠥᠬᠡᠬᠤᠲᠠ  ᠶᠢᠨ ᠠᠵᠤ ᠠᠬᠤᠢ ᠪᠣᠯᠣᠨ ᠮᠡᠳᠡᠭᠡ ᠵᠠᠩᠭᠢᠴᠢᠯᠠᠯᠲᠠ  ᠶᠢᠨ ᠵᠥᠪᠯᠡᠯ  ᠤᠨ ᠳᠡᠳ᠋ ᠡᠷᠬᠢᠯᠡᠭᠴᠢ ᠭᠥᠸᠧ ᠶᠥᠩ ᠽᠠᠢ  ᠂ ᠠᠵᠤ ᠠᠬᠤᠢ  ᠶᠢᠨ ᠡᠷᠭᠢᠯᠲᠡ  ᠶᠢᠨ ᠰᠠᠯᠠᠭ᠎ᠠ  ᠶᠢᠨ ᠰᠠᠯᠠᠭᠠᠨ ᠳᠠᠷᠤᠭ᠎ᠠ ᠵᠠᠩ ᠫᠧᠩ     ﹇ᠬᠠᠮᠢᠶᠠᠷᠤᠭᠴᠢ﹈ ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠥᠯᠵᠢᠶ᠎ᠡ ᠪᠠ  ᠬᠥᠬᠡᠬᠤᠲᠠ ᠶᠢᠨ ᠷᠠᠳᠢᠣ᠋ ᠨᠡᠪᠲᠡᠷᠡᠭᠦᠯᠭᠡ ᠲᠧᠯᠸᠢᠰ ᠬᠤᠷᠢᠶᠠᠨ ᠤ ᠤᠳᠬ᠎ᠠ ᠤᠷᠠᠯᠢᠭ ᠤᠨ ᠨᠡᠪᠲᠡᠷᠡᠭᠦᠯᠭᠡ  ᠠᠴᠠ ᠬᠠᠮᠲᠤᠷᠠᠨ ᠡᠷᠬᠢᠯᠡᠪᠡ  ᠃ ᠰᠦᠯᠵᠢᠶᠡᠨ ᠤ ᠨᠥᠬᠦᠳ ᠰᠦᠯᠵᠢᠶᠡᠨ ᠳᠡᠭᠡᠷ᠎ᠡ ᠦᠭᠡ ᠦᠯᠡᠳᠡᠭᠡᠵᠦ ᠮᠠᠨ  ᠤ ᠰᠡᠳᠦᠪ  ᠲᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ  ᠃      ﹇ᠬᠥᠲᠥᠯᠥᠭᠴᠢ﹈ ᠶᠡᠷᠥᠩᠬᠡᠢ ᠱᠦᠵᠢ ᠰᠢ ᠶᠢᠨ ᠫᠢᠩ ᠨᠠᠮ  ᠤᠨ ᠠᠷᠪᠠ ᠶᠢᠰᠦᠳᠦᠭᠡᠷ ᠬᠤᠷᠠᠯ  ᠤᠨ ᠮᠡᠳᠡᠭᠦᠯᠦᠯᠲᠡ  ᠳᠡᠭᠡᠨ ᠮᠠᠨ  ᠤ ᠤᠯᠤᠰ  ᠤᠨ ᠠᠵᠤ ᠠᠬᠤᠢ ᠨᠢᠭᠡᠨᠲᠡ ᠦᠨᠳᠦᠷ ᠬᠤᠷᠳᠤᠴᠠᠲᠤ ᠥᠰᠥᠯᠲᠡ ᠶᠢᠨ ᠱᠠᠲᠤ  ᠠᠴᠠ ᠦᠨᠳᠦᠷ ᠴᠢᠨᠰᠠᠭᠠᠲᠤ ᠬᠥᠭᠵᠢᠯᠲᠡ  ᠶᠢᠨ ᠱᠠᠲᠤᠨ  ᠳᠤ ᠰᠢᠯᠵᠢᠨ ᠣᠷᠣᠪᠠ ᠭᠡᠵᠦ ᠲᠣᠳᠣᠷᠬᠠᠢ  ᠵᠢᠭᠠᠨ  ᠭᠠᠷᠭᠠᠭᠰᠠᠨ ᠪᠢᠯᠡ  ᠃ ᠬᠥᠬᠡᠬᠤᠲᠠ ᠨᠢ ᠥᠪᠥᠷ ᠮᠣᠩᠭᠤᠯ  ᠤᠨ ᠥᠪᠡᠷᠳᠡᠭᠡᠨ ᠵᠠᠰᠠᠬᠤ ᠣᠷᠣᠨ  ᠤ ᠲᠥᠪ ᠪᠣᠯᠣᠭᠰᠠᠨ  ᠤ ᠬᠤᠪᠢ  ᠳᠤ ᠠᠵᠤ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠤ ᠬᠥᠭᠵᠢᠯᠲᠡ  ᠶᠢ ᠲᠦᠯᠬᠢᠨ ᠠᠬᠢᠭᠤᠯᠬᠤ ᠨᠢ ᠮᠠᠨ  ᠤ ᠬᠤᠲᠠ  ᠶᠢᠨ ᠢᠷᠡᠭᠡᠳᠦᠢ ᠶᠢᠨ ᠬᠡᠳᠦᠨ ᠵᠢᠯ  ᠤᠨ ᠠᠵᠤ ᠠᠬᠤᠢ  ᠶᠢᠨ ᠬᠥᠭᠵᠢᠯᠲᠡ  ᠶᠢᠨ ᠴᠢᠬᠤᠯᠠ ᠡᠭᠦᠷᠭᠡ ᠪᠣᠯᠬᠤ ᠶᠤᠮ  ᠃      ﹇ᠬᠥᠲᠥᠯᠥᠭᠴᠢ﹈ ᠮᠠᠨ  ᠤ ᠬᠤᠲᠠ  ᠶᠢᠨ ᠣᠳᠣᠬᠢ ᠠᠵᠤ ᠦᠢᠯᠡᠳᠪᠦᠷᠢ ᠶᠢᠨ ᠠᠵᠣ ᠠᠬᠤᠢ ᠶᠢᠨ ᠬᠥᠭᠵᠢᠯᠲᠡ  ᠶᠢᠨ ᠪᠠᠶᠢᠳᠠᠯ ᠶᠠᠮᠠᠷ ᠵᠡᠷᠭᠡ ᠪᠤᠢ  ︖      ﹇ᠵᠣᠴᠢᠨ  ﹈ ᠣᠷᠴᠢᠮ  ᠤᠨ ᠵᠢᠯ  ᠤᠳ  ᠲᠤ  ᠂ ᠬᠥᠬᠡᠬᠤᠲᠠ  ᠶᠢᠨ ᠠᠵᠤ ᠦᠢᠯᠡᠰ  ᠤᠨ ᠬᠥᠭᠵᠢᠯᠲᠡ ᠨᠢ ᠠᠵᠤ ᠠᠬᠤᠢ  ᠂ ᠨᠡᠶᠢᠬᠡᠮ  ᠤᠨ ᠳᠠᠰᠤᠷᠠᠯᠲᠠ ᠦᠭᠡᠢ ᠬᠥᠭᠵᠢᠯᠲᠡ  ᠶᠢ ᠳᠠᠭᠠᠯᠳᠤᠨ  ᠴᠢᠨᠠᠷ  ᠤᠨ ᠦᠰᠦᠷᠦᠯᠲᠡ ᠲᠠᠢ ᠪᠣᠯᠪᠠ  ᠃ 2017ᠣᠨ  ᠳᠤ  ᠂ ᠬᠤᠲᠠ  ᠶᠢᠨ ᠨᠠᠮ  ᠤᠨ ᠬᠤᠷᠢᠶ᠎ᠠ  ᠂ ᠵᠠᠰᠠᠭ  ᠤᠨ ᠣᠷᠳᠣᠨ  ᠤ  ﹇ᠲᠣᠭᠲᠠᠭᠤᠨ ᠤ ᠳᠣᠮᠳᠠ ᠤᠷᠤᠭᠰᠢᠯᠠᠬᠤ  ﹈ ᠶᠡᠷᠦᠩᠬᠡᠢ ᠱᠠᠭᠠᠷᠳᠠᠯᠭ᠎ᠠ ᠶᠣᠰᠣᠭᠠᠷ  ᠂ ᠠᠷᠭ᠎ᠠ ᠪᠥᠬᠦᠨ  ᠢ ᠰᠦᠪᠡᠭᠴᠢᠯᠡᠨ ᠨᠡᠮᠡᠭᠳᠡᠯ  ᠢ ᠲᠣᠭᠲᠠᠭᠤᠨ ᠪᠠᠶᠢᠯᠭᠠᠵᠤ  ᠂ ᠪᠥᠬᠦ ᠬᠦᠴᠦ  ᠪᠠᠷ  ᠢᠶᠠᠨ ᠬᠡᠯᠪᠡᠷᠢ  ᠶᠢᠨ ᠬᠤᠪᠢᠷᠠᠭᠤᠯᠤᠯᠲᠠ  ᠶᠢ ᠠᠬᠢᠭᠤᠯᠤᠭᠠᠳ ᠪᠥᠬᠦ ᠬᠤᠲᠠ  ᠶᠢᠨ ᠠᠵᠤ ᠦᠢᠯᠡᠳᠪᠦᠷᠢ  ᠶᠢᠨ ᠠᠵᠤ ᠠᠬᠤᠢ  ᠶᠢᠨ ᠬᠥᠭᠵᠢᠯᠲᠡ ᠶᠢ ᠲᠣᠭᠲᠠᠭᠤᠨ  ᠢᠶᠠᠷ ᠤᠷᠤᠭᠰᠢᠯᠠᠨ ᠳᠠᠪᠰᠢᠭᠤᠯᠵᠤ ᠲᠣᠭᠲᠠᠭᠤᠨ  ᠢᠶᠠᠷ ᠴᠢᠨᠠᠷ ᠴᠢᠨᠰᠠᠭ᠎ᠠ  ᠪᠠᠨ ᠳᠡᠭᠡᠭᠰᠢᠯᠡᠭᠦᠯᠦᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ  ᠂ ᠠᠵᠤ ᠦᠢᠯᠡᠳᠪᠦᠷᠢ  ᠶᠢᠨ ᠠᠵᠤ ᠠᠬᠤᠢ ᠪᠠ ᠮᠡᠳᠡᠭᠡ ᠵᠠᠩᠭᠢᠴᠢᠯᠠᠯᠲᠠ  ᠶᠢᠨ ᠬᠥᠭᠵᠢᠯᠲᠡ ᠢᠯᠡᠳᠳᠡ ᠠᠮᠵᠢᠯᠲᠠ ᠣᠯᠪᠠ  ᠃ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ  ᠤᠨ ᠪᠥᠬᠦ ᠵᠢᠯ  ᠤᠨ ᠠᠵᠤ ᠦᠢᠯᠡᠳᠪᠦᠷᠢ  ᠶᠢᠨ ᠦᠢᠯᠡᠳᠬᠦᠨ  ᠤ  ᠥᠷᠲᠡᠭ  1346.8 ᠳ᠋ᠦᠩᠰᠢᠭᠤᠷ ᠲᠥᠭᠦᠷᠢᠭ ᠬᠦᠷᠴᠦ  ᠂ ᠠᠳᠠᠯᠢ ᠬᠤᠭᠤᠴᠠᠭᠠᠨ ᠠᠴᠠ 10.2 %  ᠢᠶᠠᠷ ᠨᠡᠮᠡᠭᠳᠡᠵᠦ  ᠂ ᠣᠷᠴᠢᠮ  ᠤᠨ ᠭᠤᠷᠪᠠᠨ ᠵᠢᠯ  ᠳᠤ ᠠᠳᠠᠯᠢ ᠬᠤᠭᠤᠴᠠᠭᠠᠨ ᠤ ᠥᠰᠥᠯᠲᠡ  ᠪᠠᠷ ᠬᠠᠮᠤᠭ ᠬᠤᠷᠳᠤᠨ ᠪᠠᠶᠢᠵᠤ᠂ ᠠᠵᠤ ᠦᠢᠯᠡᠳᠪᠦᠷᠢ  ᠶᠢᠨ ᠠᠵᠤ ᠠᠬᠤᠢ  ᠶᠢᠨ ᠶᠡᠷᠥᠩᠬᠡᠢ ᠬᠡᠮᠵᠢᠶ᠎ᠡ  ᠪᠠᠷ ᠣᠷᠣᠨ  ᠤ ᠡᠮᠥᠨ᠎ᠡ ᠭᠤᠷᠪᠠ  ᠳᠤ ᠣᠷᠣᠪᠠ  ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 6.1 % ᠢᠶᠠᠷ ᠨᠡᠮᠡᠭᠳᠡᠵᠦ  ᠂ ᠪᠥᠬᠦ ᠣᠷᠣᠨ  ᠤ ᠳᠤᠮᠳᠠᠴᠢ ᠲᠦᠪᠰᠢᠨ  ᠠᠴᠠ 3 ᠵᠠᠭᠤᠨ  ᠤ ᠴᠡᠭ  ᠳᠠᠪᠠᠵᠤ ᠣᠷᠣᠨ  ᠤ ᠲᠡᠷᠢᠭᠦᠨ ᠪᠠᠶᠢᠷᠢᠨ  ᠳᠤ ᠣᠷᠣᠪᠠ  ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 15 ᠨᠡᠮᠡᠭᠳᠡᠵᠦ  ᠂ ᠠᠵᠤ ᠦᠢᠯᠡᠳᠪᠦᠷᠢ  ᠶᠢᠨ ᠬᠥᠭᠵᠢᠯᠲᠡ  ᠶᠢᠨ ᠠᠵᠤ ᠠᠬᠤᠢ  ᠶᠢᠨ ᠦᠷ᠎ᠡ ᠠᠰᠢᠭ  ᠂ ᠨᠡᠷᠡᠲᠦ ᠲᠡᠮᠲᠡᠭᠲᠦ  ᠶᠢᠨ ᠦᠢᠯᠡᠳᠦᠯ ᠪᠠ ᠪᠣᠬᠢᠷᠳᠠᠯ ᠦᠭᠡᠢ  ᠶᠢᠨ ᠦᠷ᠎ᠡ ᠠᠰᠢᠭ ᠲᠣᠭᠲᠠᠭᠤᠨ  ᠢᠶᠠᠷ ᠳᠡᠭᠡᠭᠰᠢᠯᠡᠪᠡ  ᠃      ᠪᠢᠳᠠᠨ ᠬᠤᠲᠠ  ᠶᠢᠨ ᠨᠠᠮ  ᠤᠨ ᠬᠤᠷᠢᠶ᠎ᠠ  ᠂ ᠵᠠᠰᠠᠭ  ᠤᠨ ᠣᠷᠳᠣᠨ  ᠤ ᠠᠵᠢᠯ  ᠤᠨ ᠪᠠᠶᠢᠷᠢᠰᠢᠭᠤᠯᠤᠯᠲᠠ ᠶᠣᠰᠣᠭᠠᠷ  ᠂  ︽ ᠬᠥᠬᠡᠬᠤᠲᠠ  ᠶᠢᠨ ᠠᠵᠤ ᠠᠬᠤᠢ ᠪᠣᠯᠣᠨ ᠮᠡᠳᠡᠭᠡ ᠵᠠᠩᠭᠢᠴᠢᠯᠠᠯᠲᠠ  ᠶᠢᠨ ᠵᠥᠪᠯᠡᠯ  ᠤᠨ ᠠᠵᠤ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠤ ᠬᠥᠭᠵᠢᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠶᠢ ᠬᠡᠷᠡᠭᠵᠢᠭᠦᠯᠬᠦ ᠲᠥᠰᠥᠯ︾  ᠢ ᠲᠣᠭᠲᠠᠭᠠᠵᠤ  ᠂ ᠠᠵᠤ ᠦᠢᠯᠡᠳᠪᠦᠷᠢ  ᠪᠠᠷ ᠬᠤᠲᠠ  ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ  ᠪᠠᠷ ᠪᠣᠳᠠᠲᠤ ᠴᠣᠭᠴᠠᠲᠤ ᠠᠵᠤ ᠠᠬᠤᠢ  ᠢ ᠬᠥᠭᠵᠢᠭᠦᠯᠬᠦ  ᠶᠢ ᠲᠦᠯᠬᠢᠨ ᠬᠡᠷᠡᠭᠵᠢᠭᠦᠯᠬᠦ  ᠪᠠᠷ ᠳᠠᠮᠵᠢᠵᠤ᠂ ᠠᠵᠤ ᠦᠢᠯᠡᠰ  ᠤᠨ ᠪᠦᠲᠦᠴᠡ  ᠶᠢ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠶᠢ ᠭᠤᠣᠯᠳᠠᠯᠭ᠎ᠠ ᠪᠣᠯᠭᠠᠵᠤ  ᠂ ᠰᠢᠨ᠎ᠡ ᠠᠵᠤ ᠦᠢᠯᠡᠰ  ᠂ ᠰᠢᠨ᠎ᠡ ᠬᠥᠳᠡᠯᠭᠡᠬᠦ ᠬᠦᠴᠦ᠂ ᠰᠢᠨ᠎ᠡ ᠨᠡᠮᠡᠭᠳᠡᠯ ᠲᠤᠶᠢᠯ  ᠢ ᠶᠡᠬᠡᠪᠡᠷ ᠪᠣᠶᠢᠵᠢᠭᠤᠯᠵᠤ  ᠂ ᠣᠷᠣᠨ  ᠤ ᠲᠥᠪ ᠪᠦᠬᠦᠢ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠳᠪᠦᠷᠢᠯᠡᠯ  ᠤᠨ ᠰᠢᠰᠲ᠋ᠧᠮᠵᠢ  ᠶᠢ ᠪᠦᠷᠢᠯᠳᠦᠭᠦᠯᠦᠨ᠎ᠡ  ᠃      ﹇ᠬᠥᠲᠥᠯᠥᠭᠴᠢ﹈ ᠬᠤᠲᠠ  ᠶᠢᠨ ᠠᠵᠤ ᠦᠢᠯᠡᠳᠪᠦᠷᠢ  ᠶᠢᠨ ᠠᠵᠤ ᠠᠬᠤᠢ ᠶᠢᠨ ᠦᠨᠳᠦᠷ ᠴᠢᠨᠰᠠᠭᠠᠲᠤ ᠬᠦᠭᠵᠢᠯᠲᠡ  ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠲᠠᠯ᠎ᠠ  ᠪᠠᠷ ᠮᠠᠨ  ᠤ  ᠠᠵᠢᠯ  ᠤᠨ ᠭᠤᠣᠯ ᠰᠡᠳᠬᠢᠮᠵᠢ ᠶᠠᠭᠤ ᠪᠣᠢ  ︖      ﹇ᠵᠣᠴᠢᠨ  ﹈   ﹇ᠰᠢᠨ᠎ᠡ  ᠶᠢ ᠡᠭᠦᠳᠬᠦ  ᠂ ᠵᠣᠬᠢᠴᠠᠩᠭᠤᠢ  ᠂ ᠪᠣᠬᠢᠷᠲᠤᠯ ᠦᠭᠡᠢ  ᠂ ᠴᠢᠯᠦᠭᠡᠲᠡᠢ  ᠂ ᠬᠠᠮᠲᠤ  ᠪᠠᠷ ᠡᠳ᠋ᠯᠡᠬᠦ﹈ ᠲᠠᠪᠤᠨ ᠶᠡᠭᠡ ᠬᠥᠭᠵᠢᠯᠲᠡ  ᠶᠢᠨ ᠣᠨᠣᠯᠵᠢᠬᠤᠨ  ᠢ ᠭᠤᠶᠢᠪᠢᠰᠢ ᠦᠭᠡᠢ ᠵᠢᠷᠤᠮᠯᠠᠨ  ᠂ ᠬᠠᠩᠭᠠᠯᠭ᠎ᠠ  ᠶᠢᠨ ᠰᠢᠰᠲ᠋ᠧᠮᠵᠢ  ᠶᠢᠨ ᠴᠢᠨᠠᠷ  ᠢ ᠳᠡᠭᠡᠭᠰᠢᠯᠡᠭᠦᠯᠬᠦ  ᠪᠠᠷ ᠭᠤᠣᠯᠳᠠᠯᠭ᠎ᠠ ᠪᠣᠯᠭᠠᠵᠤ  ᠂ ᠳᠣᠲᠣᠭᠠᠳᠤ ᠬᠥᠳᠡᠯᠭᠡᠬᠦ ᠬᠦᠴᠦᠨ  ᠢ ᠤᠷᠮᠠᠰᠢᠭᠤᠯᠬᠤ ᠪᠠ ᠬᠥᠭᠵᠢᠯᠲᠡ  ᠶᠢᠨ ᠣᠷᠴᠢᠨ ᠲᠣᠭᠤᠷᠢᠨ  ᠢ  ᠰᠠᠶᠢᠵᠢᠷᠠᠭᠤᠯᠬᠤ    ᠶᠢ ᠪᠠᠷᠢᠮᠲᠠᠯᠠᠵᠤ  ᠂ ᠦᠢᠯᠡᠳᠬᠦ ᠦᠢᠯᠡᠰ ᠤᠨ ᠬᠥᠭᠵᠢᠨ ᠮᠠᠨᠳᠤᠬᠤ  ᠶᠢ ᠪᠥᠬᠦ ᠲᠠᠯ᠎ᠠ  ᠪᠠᠷ ᠲᠦᠯᠬᠢᠨ ᠠᠬᠢᠭᠤᠯᠤᠨ᠎ᠠ  ᠃ ᠨᠡᠮᠡᠭᠳᠡᠯ  ᠤᠨ ᠬᠡᠮᠵᠢᠶ᠎ᠡ ᠶᠢᠨ ᠦᠰᠦᠷᠦᠯᠲᠡ ᠪᠠ ᠨᠥᠭᠡᠴᠡ  ᠶᠢᠨ ᠬᠤᠪᠢᠰᠤᠯᠲᠠ  ᠶᠢ ᠵᠡᠷᠭᠡ  ᠳᠤ ᠨᠢ ᠬᠥᠭᠵᠢᠭᠦᠯᠬᠦ  ᠶᠢ ᠪᠠᠷᠢᠮᠲᠠᠯᠠᠵᠤ  ᠂ ᠰᠢᠨ᠎ᠡ ᠬᠠᠭᠤᠴᠢᠨ ᠬᠥᠳᠡᠯᠭᠡᠬᠦ ᠬᠦᠴᠦ ᠶᠢ ᠯᠠᠪᠳᠠᠭᠤᠨ ᠵᠠᠯᠭᠠᠭᠤᠯᠤᠨ᠎ᠠ  ᠃ ᠰᠢᠨ᠎ᠡ  ᠶᠢ ᠡᠭᠦᠳᠬᠦ  ᠪᠠᠷ ᠬᠥᠳᠡᠯᠭᠡᠭᠦᠷ ᠪᠣᠯᠭᠠᠬᠤ ᠪᠠ ᠪᠡᠯᠡ ᠣᠷᠤᠭᠤᠯᠤᠯᠲᠠ  ᠪᠠᠷ ᠤᠷᠤᠭᠰᠢ ᠲᠠᠲᠠᠬᠤ  ᠶᠢ ᠤᠶᠠᠯᠳᠤᠭᠤᠯᠤᠨ ᠠᠵᠤ ᠦᠢᠯᠡᠳᠪᠦᠷᠢ  ᠶᠢᠨ ᠠᠵᠤ ᠠᠬᠤᠢ  ᠶᠢᠨ ᠲᠣᠭᠲᠠᠪᠤᠷᠢᠲᠤ  ᠬᠥᠭᠵᠢᠯᠲᠡ  ᠶᠢ ᠪᠡᠶᠡᠯᠡᠭᠦᠯᠦᠨ᠎ᠡ  ᠃ ᠠᠵᠤ ᠦᠢᠯᠡᠰ  ᠤᠨ ᠬᠥᠭᠵᠢᠯᠲᠡ ᠪᠣᠯᠣᠨ ᠠᠮᠤᠷ ᠲᠥᠪᠰᠢᠨ ᠪᠣᠬᠢᠷᠲᠤᠯ ᠦᠭᠡᠢ  ᠶᠢ ᠬᠠᠮᠲᠤ  ᠳᠤ ᠨᠢ ᠪᠠᠷᠢᠮᠲᠠᠯᠠᠵᠤ  ᠂ ᠠᠵᠤ ᠠᠬᠤᠢ  ᠶᠢᠨ ᠦᠷ᠎ᠡ ᠠᠰᠢᠭ ᠪᠠ ᠨᠡᠶᠢᠬᠡᠮ  ᠤᠨ ᠦᠷ᠎ᠡ ᠠᠰᠢᠭ ᠢ ᠳᠡᠭᠡᠭᠰᠢᠯᠡᠭᠦᠯᠦᠨ᠎ᠡ  ᠃ ᠲᠠᠪᠤᠨ ᠵᠢᠯ  ᠤᠨ ᠴᠢᠷᠮᠠᠶᠢᠯᠭ᠎ᠠ  ᠪᠠᠷ ᠳᠠᠮᠵᠢᠨ  ᠂ ᠠᠵᠤ ᠦᠢᠯᠡᠳᠪᠦᠷᠢᠯᠡᠯ  ᠤᠨ ᠶᠡᠷᠥᠩᠬᠡᠢ ᠬᠡᠮᠵᠢᠶ᠎ᠡ   ᠶᠢ ᠳᠠᠬᠢᠨ  ᠢᠶᠠᠷ ᠥᠰᠭᠡᠬᠦ  ᠪᠠᠷ ᠴᠢᠷᠮᠠᠶᠢᠵᠤ  ᠂ ᠠᠵᠤ ᠦᠢᠯᠡᠰ ᠬᠦᠴᠦᠷᠬᠡᠭ  ᠂ ᠠᠵᠤ ᠠᠬᠤᠶᠢᠯᠠᠯ ᠬᠦᠴᠦᠷᠬᠡᠭ  ᠂ ᠰᠢᠨ᠎ᠡ  ᠶᠢ ᠡᠭᠦᠳᠬᠦ ᠴᠢᠳᠠᠪᠤᠷᠢ  ᠪᠠᠷ ᠴᠢᠩᠭ᠎ᠠ  ᠂ ᠦᠷᠭᠦᠯᠵᠢᠯᠡᠨ ᠬᠥᠭᠵᠢᠬᠦ ᠴᠢᠳᠠᠪᠤᠷᠢ  ᠪᠠᠷ ᠴᠢᠩᠭ᠎ᠠ ᠮᠦᠷᠲᠡᠭᠡᠨ ᠬᠦᠭᠵᠢᠯᠲᠡ ᠶᠢᠨ ᠣᠷᠴᠢᠨ ᠲᠣᠭᠤᠷᠢᠨ ᠰᠢᠯᠢᠳᠡᠭ᠂ ᠠᠵᠣ ᠦᠢᠯᠡᠰ ᠤᠨ ᠪᠠᠶᠢᠷᠢᠰᠢᠭᠤᠯᠣᠯᠲᠠ  ᠰᠢᠯᠢᠳᠡᠭ᠂ ᠪᠣᠬᠢᠷᠳᠣᠯ ᠦᠭᠡᠢ ᠬᠦᠭᠵᠢᠯᠲᠡ ᠶᠢᠨ ᠬᠢᠷᠢ ᠲᠦᠪᠰᠢᠨ ᠦᠨᠳᠦᠷ᠂ ᠠᠶᠣᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠦᠨᠳᠦᠷ ᠬᠦᠭᠵᠢᠯᠲᠡ ᠶᠢᠨ ᠪᠠᠶᠢᠳᠠᠯ ᠢ ᠪᠣᠢ ᠪᠣᠯᠭᠠᠬᠤ ᠪᠠᠷ ᠪᠠᠶᠢᠨ᠎ᠠ᠃      ﹇ᠬᠥᠲᠥᠯᠥᠭᠴᠢ﹈ ᠰᠠᠶ᠋ᠢ ᠶᠢᠨ ᠳᠣᠷᠠᠳᠣᠭᠰᠠᠨ  ᠡᠨᠡᠬᠦ ᠬᠦᠭᠵᠢᠯᠲᠡ ᠶᠢᠨ ᠪᠠᠶᠢᠳᠠᠯ ᠢ ᠬᠡᠷᠬᠢᠨ ᠪᠣᠢ ᠪᠣᠯᠭᠠᠬᠤ ᠲᠣᠬᠠᠢ ᠪᠣᠳᠠᠲᠠᠢ ᠠᠵᠢᠯ ᠤᠨ ᠰᠡᠳᠬᠢᠮᠵᠢ ᠪᠠᠨ ᠲᠠᠨᠢᠯᠴᠠᠭᠤᠯᠣᠭᠠᠳ ᠥᠭᠭᠦᠨ᠎ᠡ ᠦᠦ︖        ﹇ᠵᠣᠴᠢᠨ  ﹈ ᠨᠢᠭᠡ ᠳᠤ᠂ ᠭᠤᠣᠯᠯᠠᠬᠤ ᠠᠵᠣ ᠦᠢᠯᠡᠰ ᠤᠨ ᠦᠷᠢᠰᠦᠯᠳᠦᠬᠦ ᠬᠦᠴᠦᠨ ᠢ ᠴᠢᠩᠭᠠᠳᠬᠠᠨ᠎ᠠ᠃ ᠰᠦ ᠶᠢᠨ ᠦᠢᠯᠡᠰ᠂ ᠭᠡᠷᠡᠯ ᠢᠶᠠᠷ ᠴᠠᠬᠢᠯᠭᠠᠨ ᠭᠠᠷᠭᠠᠬᠤ᠂ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ᠂ ᠰᠢᠨ᠎ᠡ ᠡᠨᠧᠷᠭᠢ ᠶᠢᠨ ᠲᠡᠷᠭᠡ ᠵᠡᠷᠭᠡ ᠭᠤᠣᠯᠯᠠᠬᠤ ᠠᠵᠣ ᠦᠢᠯᠡᠰ ᠢ ᠪᠦᠯᠦᠭᠵᠢᠭᠰᠡᠨ ᠠᠵᠣ ᠦᠢᠯᠡᠰᠵᠢᠭᠰᠡᠨ ᠬᠡᠯᠬᠢᠶᠡᠵᠢᠯ ᠪᠣᠯᠭᠠᠨ ᠬᠦᠭᠵᠢᠭᠦᠯᠵᠦ᠂ 2 —3 ᠳᠡᠯᠡᠬᠡᠢ ᠶᠢᠨ ᠴᠢᠨᠠᠷᠲᠠᠢ ᠦᠢᠯᠡᠳᠬᠦ ᠠᠵᠣ ᠦᠢᠯᠡᠰ ᠤᠨ ᠰᠠᠭᠤᠷᠢᠨ ᠭᠠᠵᠠᠷ ᠪᠠᠶᠢᠭᠤᠯᠵᠣ᠂ ᠭᠤᠣᠯᠯᠠᠬᠤ ᠠᠵᠣ ᠦᠢᠯᠡᠰ ᠤᠨ ᠴᠢᠨᠠᠷ ᠴᠢᠨᠰᠠᠭ᠎ᠠ ᠶᠢᠨ ᠦᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠨᠦᠯᠦᠭᠡᠯᠡᠬᠦ ᠬᠦᠴᠦᠨ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ  ᠃ ᠬᠤᠶᠠᠷ ᠲᠤ᠂ ᠶᠡᠭᠡ ᠳᠣᠮᠳᠠ ᠪᠠᠭ᠎ᠠ ᠠᠵᠣ ᠠᠬᠤᠶᠢᠯᠠᠯ ᠤᠨ ᠬᠤᠯᠪᠣᠭᠠᠯᠠᠨ ᠬᠦᠳᠡᠯᠦᠯᠴᠡᠬᠦ ᠬᠦᠭᠵᠢᠯᠲᠡ ᠶᠢᠨ ᠠᠵᠣ ᠦᠢᠯᠡᠰᠵᠢᠭᠰᠡᠨ ᠬᠡᠯᠬᠢᠶᠡᠵᠢᠯ ᠤᠨ ᠰᠢᠰᠲ᠋ᠧᠮᠵᠢ ᠶᠢ ᠴᠢᠩᠭᠠᠳᠬᠠᠨ᠎ᠠ᠃ ᠡᠯ᠎ᠡ ᠠᠵᠢᠯ ᠲᠦᠷᠦᠯ ᠤᠨ ᠳᠣᠲᠣᠷᠠᠬᠢ 20 ᠭᠠᠷᠣᠢ ᠲᠣᠯᠣᠭᠠᠶᠢᠯᠠᠭᠴᠢ ᠠᠵᠣ ᠠᠬᠤᠶᠢᠯᠠᠯ ᠢ ᠵᠠᠭᠤᠨ ᠳ᠋ᠦᠩᠰᠢᠭᠤᠷ ᠤᠨ ᠠᠵᠣ ᠠᠬᠤᠶᠢᠯᠠᠯ ᠲᠡᠰᠢ ᠳᠡᠰ ᠳᠡᠪᠰᠢᠬᠦ ᠶᠢ ᠲᠦᠯᠬᠢᠨ ᠠᠬᠢᠭᠤᠯᠵᠣ᠂ ᠡᠳᠡᠭᠡᠷ ᠠᠵᠣ ᠠᠬᠤᠶᠢᠯᠠᠯ ᠳᠤ ᠵᠣᠬᠢᠴᠠᠯᠳᠣᠭᠰᠠᠨ ᠳᠣᠮᠲᠠ ᠪᠠᠭ᠎ᠠ ᠠᠵᠣ ᠠᠬᠤᠶᠢᠯᠠᠯ ᠤᠨ ᠪᠦᠯᠦᠭ ᠴᠣᠭᠴᠠ ᠶᠢ ᠲᠦᠬᠦᠷᠵᠢᠭᠦᠯᠦᠨ᠂ ᠨᠢᠭᠡ ᠪᠦᠯᠦᠭ ᠲᠣᠰᠠᠬᠠᠶᠢᠵᠢᠵᠣ ᠨᠠᠷᠢᠯᠢᠭᠵᠢᠭᠰᠠᠨ ᠥᠪᠡᠷᠮᠢᠴᠡ ᠣᠨᠴᠠᠯᠢᠭ ᠪᠦᠭᠦᠢ ᠰᠢᠨ᠎ᠡ ᠬᠡᠯᠪᠡᠷᠢ ᠶᠢᠨ ᠳᠣᠮᠳᠠ ᠪᠠᠭ᠎ᠠ ᠠᠵᠣ ᠠᠬᠤᠶᠢᠯᠠᠯ ᠢ ᠳᠡᠮᠵᠢᠬᠦ ᠪᠠᠷ ᠳᠠᠮᠵᠢᠵᠣ  ᠂ ᠲᠣᠯᠣᠭᠠᠶᠢᠯᠠᠭᠴᠢ ᠠᠵᠣ ᠠᠬᠤᠶᠢᠯᠠᠯ ᠢᠶᠠᠷ ᠬᠦᠲᠦᠯᠦᠭᠦᠯᠦᠭᠰᠡᠨ᠂ ᠳᠣᠮᠳᠠ ᠪᠠᠭ᠎ᠠ ᠠᠵᠣ ᠠᠬᠤᠶᠢᠯᠠᠯ ᠢᠶᠠᠷ ᠨᠦᠬᠦᠪᠦᠷᠢ ᠬᠦᠴᠦᠨ ᠪᠣᠯᠭᠠᠭᠰᠠᠨ‌ᠠᠵᠣ ᠦᠢᠯᠡᠰ ᠤᠨ ᠬᠡᠯᠬᠢᠶᠡᠲᠦ ᠬᠦᠭᠵᠢᠯᠲᠡ ᠶᠢ ᠪᠣᠢ ᠪᠣᠯᠭᠠᠵᠣ᠂ ᠠᠵᠣ ᠠᠬᠤᠶᠢᠯᠠᠯ ᠤᠨ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ  ᠃ ᠭᠤᠷᠪᠠ ᠳᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠪᠠ ᠨᠡᠷᠡᠲᠦ ᠲᠡᠮᠳᠡᠭᠳᠦ ᠶᠢᠨ ᠰᠢᠨ᠎ᠡ ᠶᠢ ᠡᠭᠦᠳᠬᠦ ᠴᠢᠳᠠᠪᠣᠷᠢ ᠶᠢ ᠴᠢᠩᠭᠠᠳᠬᠠᠨ᠎ᠠ᠃ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠢᠱᠢᠶᠡᠴᠢ ᠠᠵᠣ ᠠᠬᠤᠶᠢᠯᠠᠯ᠂ ᠠᠵᠣ ᠠᠬᠤᠶᠢᠯᠠᠯ ᠤᠨ ᠮᠡᠷᠭᠡᠵᠢᠯ ᠤᠨ ᠲᠥᠪ᠂ ᠣᠶᠣᠨᠲᠣ ᠦᠢᠯᠡᠳᠪᠦᠷᠢ᠂ ᠪᠣᠬᠢᠷᠳᠣᠯ ᠦᠭᠡᠢ ᠦᠢᠯᠡᠳᠪᠦᠷᠢ ᠵᠡᠷᠭᠡ ᠪᠠᠷ ᠠᠴᠢᠶᠠᠯᠠᠭᠴᠢ ᠪᠣᠯᠭᠠᠭᠰᠠᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ  ᠪᠠᠶᠢᠭᠤᠯᠬᠤ ᠶᠢ ᠲᠦᠯᠬᠢᠨ ᠠᠬᠢᠭᠤᠯᠵᠣ᠂ ᠰᠢᠨ᠎ᠡ ᠶᠢ ᠡᠭᠦᠳᠬᠦ ᠴᠢᠳᠠᠪᠣᠷᠢᠲᠠᠨ᠂ ᠣᠷᠣᠭᠤᠯᠣᠯᠲᠠ᠂ ᠦᠷ᠎ᠡ ᠪᠦᠲᠦᠭᠡᠯ ᠤᠨ ᠢᠯᠡᠳᠲᠡ ᠳᠡᠭᠡᠭᠰᠢᠯᠡᠯᠲᠡ ᠶᠢ ᠪᠠᠶᠡᠯᠡᠭᠦᠯᠦᠨ᠎ᠡ︔ ᠦᠢᠯᠡᠳᠬᠦᠨ ᠤ ᠰᠢᠨ᠎ᠡ ᠶᠢ ᠡᠭᠦᠳᠬᠦ᠂ ᠨᠡᠷᠡᠲᠦ ᠲᠡᠮᠳᠡᠭᠲᠦ ᠶᠢᠨ ᠰᠢᠨ᠎ᠡ ᠶᠢ ᠡᠭᠦᠳᠬᠦ ᠪᠠ ᠬᠠᠮᠢᠶᠠᠷᠣᠯᠲᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠣ᠂ ᠥᠪᠡᠷ ᠤᠨ ᠭᠡᠰᠡᠨ ᠨᠡᠷᠡᠲᠦ ᠲᠡᠮᠳᠡᠭᠲᠦ᠂ ᠨᠡᠷᠡᠲᠦ ᠲᠠᠸᠠᠷ ᠤᠨ ᠲᠡᠮᠳᠡᠭ ᠢ ᠪᠣᠢ ᠪᠣᠯᠭᠠᠵᠣ᠂ ᠮᠠᠨ ᠤ ᠬᠤᠲᠠ ᠶᠢᠨ ᠦᠢᠯᠡᠳᠬᠦ ᠦᠢᠯᠡᠰ ᠤᠨ ᠨᠡᠷᠡᠲᠦ ᠲᠡᠮᠳᠡᠭᠲᠦ ᠶᠢᠨ ᠦᠷᠲᠡᠭ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢ ᠪᠠᠶᠡᠯᠡᠭᠦᠯᠦᠨ᠎ᠡ  ᠃ ᠳᠥᠷᠪᠡ ᠳᠤ᠂ ᠠᠵᠣ ᠦᠢᠯᠡᠰ  ᠤᠨ ᠦᠷᠭᠦᠯᠵᠢᠯᠡᠨ ᠬᠦᠭᠵᠢᠬᠦ ᠴᠢᠳᠠᠪᠣᠷᠢ ᠶᠢ ᠴᠢᠩᠭᠠᠳᠬᠠᠨ᠎ᠠ᠃ ᠲᠦᠷᠦᠯ ᠵᠦᠢᠯ ᠤᠨ ᠬᠤᠳᠠᠯᠳᠣᠭᠠᠴᠢᠨ ᠢ ᠣᠷᠢᠬᠤ ᠪᠠ ᠪᠠᠶᠢᠭᠤᠯᠣᠯᠲᠠ ᠶᠢ ᠴᠢᠩᠭ᠎ᠠ ᠠᠳᠬᠤᠵᠣ᠂ ᠰᠢᠨᠵᠢᠯᠡᠬᠦ ᠣᠬᠠᠭᠠᠨᠴᠢ ᠪᠠᠷ ᠬᠤᠳᠠᠯᠳᠣᠭᠠᠴᠢᠨ ᠢ ᠣᠷᠢᠬᠤ ᠣᠶᠢᠯᠠᠭᠠᠭᠳᠠᠬᠤᠨ ᠢ ᠴᠢᠩᠭᠠᠳᠬᠠᠵᠣ᠂ ᠬᠤᠳᠠᠯᠳᠣᠭᠠᠴᠢᠨ ᠢ ᠣᠷᠢᠬᠤ ᠰᠡᠳᠬᠢᠮᠵᠢ ᠪᠠᠨ ᠲᠡᠭᠦᠯᠳᠡᠷᠵᠢᠭᠦᠯᠵᠦ᠂ ᠬᠤᠳᠠᠯᠳᠣᠭᠠᠴᠢᠨ ᠢ ᠣᠷᠢᠬᠤ ᠴᠢᠭᠯᠡᠯ ᠢᠶᠠᠨ ᠵᠥᠪ ᠰᠣᠩᠭᠤᠨ᠂ ᠬᠤᠳᠠᠯᠳᠣᠭᠠᠴᠢᠨ ᠢ ᠣᠷᠢᠬᠤ ᠬᠡᠯᠪᠡᠷᠢ ᠪᠠᠨ ᠥᠭᠡᠷᠡᠴᠢᠯᠡᠵᠦ᠂ ᠬᠤᠳᠠᠯᠳᠣᠭᠠᠴᠢᠨ ᠢ ᠣᠷᠢᠬᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ ᠲᠠᠪᠤ ᠳᠤ᠂ ᠠᠵᠣ ᠦᠢᠯᠡᠳᠪᠦᠷᠢ ᠶᠢᠨ ᠬᠦᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ  ᠃ ᠠᠵᠣ ᠦᠢᠯᠡᠳᠪᠦᠷᠢ ᠶᠢ ᠬᠦᠭᠵᠢᠭᠦᠯᠬᠦ ᠪᠠ ᠪᠣᠳᠠᠲᠣ ᠴᠣᠭᠴᠠᠲᠣ ᠠᠵᠣ ᠠᠬᠤᠢ ᠶᠢ ᠰᠡᠷᠭᠦᠭᠡᠨ ᠮᠠᠨᠳᠣᠭᠤᠯᠬᠤ ᠣᠬᠠᠮᠰᠠᠷ ᠢ ᠠᠳᠬᠤᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠢᠯᠡᠴᠢᠯᠡᠭᠡᠨ ᠤ ᠠᠵᠣ ᠠᠬᠤᠶᠢᠯᠠᠯ ᠤᠨ ᠬᠦᠭᠵᠢᠯᠲᠡ ᠪᠠ ᠦᠢᠯᠡᠴᠢᠯᠡᠭᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠬᠢᠷᠢ ᠲᠦᠪᠰᠢᠨ ᠬᠢᠭᠡᠳ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠣᠯᠯᠠᠬᠤ ᠠᠵᠣ ᠦᠢᠯᠡᠰ ᠪᠠ ᠠᠵᠣ ᠠᠬᠤᠶᠢᠯᠠᠯ ᠤᠨ ᠬᠦᠭᠵᠢᠯᠲᠡ ᠶᠢᠨ ᠲᠦᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠬᠢᠭᠤᠯᠣᠨ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠠᠵᠣ ᠦᠢᠯᠡᠳᠪᠦᠷᠢ ᠶᠢᠨ ᠰᠢᠰᠲ᠋ᠧᠮᠵᠢ ᠶᠢ ᠪᠠᠶᠢᠭᠤᠯᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠨ᠎ᠠ  ᠃ ᠵᠢᠷᠭᠤᠭ᠎ᠠ ᠳᠤ᠂ ᠠᠵᠣ ᠦᠢᠯᠡᠳᠪᠦᠷᠢ ᠶᠢᠨ ᠠᠵᠣ ᠦᠢᠯᠡᠰ ᠤᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ᠎ᠡ᠃ ᠣᠳᠣᠬᠢᠴᠢᠯᠠᠭᠰᠠᠨ ᠠᠵᠣ ᠦᠢᠯᠡᠳᠪᠦᠷᠢ ᠶᠢᠨ ᠰᠢᠰᠲ᠋ᠧᠮᠵᠢ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠡᠯ᠎ᠡ ᠠᠵᠣ ᠦᠢᠯᠡᠳᠪᠦᠷᠢ ᠶᠢᠨ ᠬᠦᠷᠢᠶᠡᠯᠡᠩ ᠤᠨ ᠠᠵᠣ ᠦᠢᠯᠡᠰ ᠤᠨ ᠪᠠᠶᠢᠷᠢ ᠲᠣᠭᠲᠠᠭᠠᠯᠲᠠ ᠳᠤ ᠰᠢᠯᠢᠳᠡᠭᠵᠢᠭᠦᠯᠬᠦ ᠲᠣᠬᠢᠷᠠᠭᠤᠯᠣᠯᠲᠠ ᠬᠢᠵᠦ᠂ ᠨᠢᠭᠡ ᠪᠦᠯᠦᠭ ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠣᠨ ᠰᠢᠯᠢᠳᠡᠭᠵᠢᠭᠦᠯᠵᠦ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠠᠵᠣ ᠦᠢᠯᠡᠳᠪᠦᠷᠢ ᠶᠢᠨ ᠬᠦᠷᠢᠶᠡᠯᠡᠩ ᠢ ᠬᠡᠯᠪᠡᠷᠢ ᠶᠢ ᠨᠢ ᠬᠤᠪᠢᠷᠠᠭᠤᠯᠣᠨ᠂ ᠨᠢᠭᠡ ᠪᠦᠯᠦᠭ ᠣᠷᠴᠢᠨ ᠲᠣᠭᠤᠷᠢᠨ ᠢ ᠬᠠᠮᠠᠭᠠᠯᠠᠬᠤ ᠪᠠ ᠠᠮᠣᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ ᠶᠢ ᠨᠡᠭᠦᠯᠭᠡᠵᠦ᠂ ᠨᠢᠭᠡ ᠪᠦᠯᠦᠭ ᠳᠠᠪᠠᠭᠤᠯᠢᠭ ᠣᠨᠴᠠᠯᠢᠭ ᠪᠦᠬᠦᠢ ᠠᠵᠣ ᠦᠢᠯᠡᠰ ᠤᠨ ﹇ᠬᠥᠷᠢᠶᠡᠯᠡᠩ  ᠤᠨ ᠳᠣᠲᠣᠷᠠᠬᠢ ᠬᠥᠷᠢᠶᠡᠯᠡᠩ﹈ ᠢ ᠪᠠᠶᠢᠭᠤᠯᠵᠣ᠂ ᠠᠵᠣ ᠦᠢᠯᠡᠰ ᠤᠨ ᠪᠦᠯᠦᠭᠵᠢᠯ ᠤᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠥᠪ ᠬᠤᠲᠠ ᠶᠢᠨ ᠠᠵᠣ ᠦᠢᠯᠡᠰ ᠤᠨ ᠬᠦᠭᠵᠢᠯᠲᠡ ᠶᠢᠨ ᠴᠢᠭᠯᠡᠯ ᠳᠤ ᠵᠣᠬᠢᠴᠠᠭᠰᠠᠨ ᠠᠵᠣ ᠦᠢᠯᠡᠰ ᠤᠨ ᠪᠠᠶᠢᠷᠢᠰᠢᠭᠤᠯᠣᠯᠲᠠ ᠶᠢᠨ ᠰᠢᠨ᠎ᠡ ᠰᠢᠰᠲ᠋ᠧᠮᠵᠢ  ᠶᠢ ᠪᠣᠢ ᠪᠣᠯᠭᠠᠨ᠎ᠠ  ᠃ ᠳᠣᠯᠤᠭ᠎ᠠ ᠳᠤ᠂ ᠠᠵᠣ ᠦᠢᠯᠡᠳᠪᠦᠷᠢ ᠶᠢᠨ ᠪᠣᠬᠢᠷᠳᠣᠯ ᠦᠭᠡᠢ ᠬᠦᠭᠵᠢᠯᠲᠡ ᠶᠢᠨ ᠬᠢᠷᠢ ᠲᠦᠪᠰᠢᠨ ᠢ ᠰᠢᠯᠢᠳᠡᠭᠵᠢᠭᠦᠯᠦᠨ᠎ᠡ᠃ ᠦᠢᠯᠡᠳᠪᠦᠷᠢᠯᠡᠬᠦ ᠶᠠᠪᠣᠴᠠ ᠳᠠᠬᠢ ᠴᠡᠪᠡᠷᠰᠢᠭᠦᠯᠦᠯᠲᠡ᠂ ᠡᠨᠧᠷᠭᠢ ᠶᠢᠨ ᠪᠦᠲᠦᠴᠡ ᠶᠢᠨ ᠪᠣᠬᠢᠷᠳᠣᠯ ᠦᠭᠡᠢ ᠪᠠᠶᠢᠬᠤ ᠪᠠ ᠡᠨᠧᠷᠭᠢ ᠶᠢᠨ ᠠᠰᠢᠭᠯᠠᠯᠲᠠ ᠶᠢᠨ ᠦᠨᠳᠦᠷ ᠪᠦᠲᠦᠮᠵᠢᠲᠡᠢ ᠪᠠᠶᠢᠬᠤ ᠶᠢ ᠠᠬᠢᠭᠤᠯᠵᠣ᠂ ᠨᠢᠭᠡᠴᠢ ᠪᠦᠲᠦᠭᠡᠭᠳᠡᠭᠦᠨ ᠤ ᠡᠨᠧᠷᠭᠢ ᠶᠢᠨ ᠬᠤᠷᠣᠭᠳᠠᠯ ᠪᠣᠳᠠᠰ ᠤᠨ ᠬᠤᠷᠣᠭᠳᠠᠯ ᠵᠢᠴᠢ ᠪᠣᠬᠢᠷᠳᠣᠯ ᠪᠣᠳᠠᠰ ᠤᠨ ᠭᠠᠳᠠᠭᠰᠢᠭᠤᠯᠣᠯᠲᠠ ᠶᠢ ᠦᠷᠭᠦᠯᠵᠢᠯᠡᠨ ᠪᠠᠭᠤᠷᠠᠭᠤᠯᠵᠣ᠂  ᠪᠣᠬᠢᠷᠳᠣᠯ ᠦᠭᠡᠢ ᠦᠢᠯᠡᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠣ᠂ ᠠᠵᠣ ᠦᠢᠯᠡᠳᠪᠦᠷᠢ ᠶᠢᠨ ᠬᠦᠭᠵᠢᠯᠲᠡ ᠪᠠ ᠠᠮᠢ ᠠᠬᠤᠢ ᠶᠢᠨ ᠪᠣᠯᠪᠠᠰᠣᠨ ᠤ ᠬᠠᠷᠢᠯᠴᠠᠨ ᠠᠬᠢᠭᠤᠯᠵᠣ ᠡᠶ᠎ᠡ ᠨᠠᠶᠢᠷᠠᠮᠳᠠᠭᠤ ᠬᠦᠭᠵᠢᠬᠦ ᠶᠢ ᠪᠡᠶᠡᠯᠡᠭᠦᠯᠦᠨ᠎ᠡ  ᠃       ﹇ᠬᠥᠲᠥᠯᠥᠭᠴᠢ﹈ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠬᠤ  ᠳᠤ ᠪᠠᠨ ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠶᠢ ᠲᠦᠯᠬᠢᠨ ᠠᠬᠢᠭᠤᠯᠵᠣ᠂ ᠭᠤᠣᠯᠳᠠᠯᠭ᠎ᠠ ᠪᠠᠨ ᠠᠵᠣ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠣ ᠳᠡᠰ ᠳᠡᠪᠰᠢᠭᠦᠯᠬᠦ ᠶᠢ ᠠᠬᠢᠭᠤᠯᠬᠤ ᠳᠤ ᠲᠠᠯᠪᠢᠬᠤ ᠬᠡᠷᠡᠭᠲᠡᠢ ᠭᠡᠰᠡᠨ ᠪᠠᠶᠢᠨ᠎ᠠ᠃ ᠲᠡᠭᠡᠪᠡᠯ᠂ ᠪᠢᠳᠡᠨ ᠳᠤ ᠠᠵᠣ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠵᠣ ᠳᠡᠰ ᠳᠡᠪᠰᠢᠭᠦᠯᠬᠦ ᠶᠢ ᠠᠬᠢᠭᠤᠯᠬᠤ ᠲᠠᠯ᠎ᠠ  ᠪᠠᠷ ᠬᠡᠷᠬᠢᠨ ᠬᠢᠬᠦ ᠲᠣᠬᠠᠢ ᠲᠠᠨᠢᠯᠴᠠᠭᠤᠯᠤᠭᠠᠳ ᠥᠭᠬᠦ ᠦᠦ︖    ﹇ᠵᠣᠴᠢᠨ﹈  ᠮᠠᠨ ᠤ ᠣᠷᠣᠨ ᠤ ᠠᠵᠣ ᠦᠢᠯᠡᠳᠪᠦᠷᠢ ᠶᠢᠨ ᠠᠵᠣ ᠠᠬᠤᠢ ᠶᠢᠨ ᠬᠦᠭᠵᠢᠯᠲᠡ ᠶᠢᠨ ᠣᠳᠣᠬᠢ ᠪᠠᠶᠢᠳᠠᠯ ᠳᠤ ᠬᠠᠨᠳᠣᠭᠤᠯᠵᠣ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠣᠷᠢ ᠭᠠᠷᠭᠠᠭᠰᠠᠨ ᠪᠠᠶᠢᠨ᠎ᠠ᠃ ᠲᠣᠬᠠᠶᠢᠯᠠᠪᠠᠯ ᠳᠠᠪᠠᠭᠤᠯᠢᠭ ᠳᠤ ᠪᠠᠨ ᠰᠠᠭᠤᠷᠢᠯᠠᠨ ᠳᠠᠯᠳᠠ ᠬᠦᠴᠦᠨ ᠢᠶᠠᠨ ᠠᠭᠤᠳᠠᠯᠵᠣ᠂  ᠰᠠᠶᠢᠨᠲᠠᠢ ᠲᠠᠯ᠎ᠠ  ᠪᠠᠨ ᠪᠠᠳᠠᠷᠠᠭᠤᠯᠣᠨ ᠳᠤᠲᠠᠭᠳᠠᠯ ᠢᠶᠠᠨ ᠨᠦᠬᠦᠪᠦᠷᠢᠯᠡᠵᠦ᠂  ᠣᠯᠠᠮᠵᠢᠯᠠᠯᠲᠣ ᠠᠵᠣ ᠦᠢᠯᠡᠰ ᠣᠯᠠᠨ ᠰᠢᠨ᠎ᠡ ᠪᠠᠷ ᠬᠥᠭᠵᠢᠭᠰᠡᠨ ᠠᠵᠣ ᠦᠢᠯᠡᠰ ᠴᠦᠬᠡᠨ᠂ ᠳᠣᠣᠷᠠᠳᠣ ᠳᠡᠰ ᠤᠨ ᠠᠵᠣ ᠦᠢᠯᠡᠰ ᠣᠯᠠᠨ  ᠂ ᠳᠡᠭᠡᠳᠦ ᠳᠡᠰ ᠤᠨ ᠠᠵᠣ ᠦᠢᠯᠡᠰ ᠴᠦᠬᠡᠨ᠂ ᠡᠬᠢ ᠪᠠᠶᠠᠯᠢᠭ ᠤᠨ ᠬᠡᠯᠪᠡᠷᠢ ᠶᠢᠨ ᠠᠵᠣ ᠦᠢᠯᠡᠰ ᠣᠯᠠᠨ  ᠂ ᠦᠨᠳᠦᠷ  ᠳᠠᠭᠠᠯᠲᠠ ᠦᠷᠲᠡᠭ ᠪᠦᠬᠦᠢ ᠠᠵᠣ ᠦᠢᠯᠡᠰ ᠴᠦᠬᠡᠨ᠂  ᠬᠦᠳᠡᠯᠮᠦᠷᠢ ᠬᠦᠴᠦ ᠲᠥᠪᠯᠡᠷᠡᠭᠰᠡᠨ ᠬᠡᠯᠪᠡᠷᠢ ᠶᠢᠨ ᠠᠵᠣ ᠦᠢᠯᠡᠰ ᠣᠯᠠᠨ᠂  ᠪᠡᠯᠡ ᠮᠦᠩᠭᠦ ᠰᠢᠨᠵᠢᠯᠡᠭᠡ ᠮᠡᠷᠭᠡᠵᠢᠯ  ᠲᠥᠪᠯᠡᠷᠡᠭᠰᠡᠨ  ᠠᠵᠣ ᠦᠢᠯᠡᠰ ᠴᠦᠬᠡᠨ ᠪᠠᠶᠢᠬᠤ ᠪᠠᠶᠢᠳᠠᠯ ᠢ ᠴᠢᠷᠮᠠᠶᠢᠨ ᠬᠤᠪᠢᠷᠠᠭᠤᠯᠵᠣ᠂ ᠣᠯᠠᠨ ᠡᠰᠢᠵᠢᠨ ᠬᠦᠭᠵᠢᠵᠦ ᠣᠯᠠᠨ ᠲᠦᠢᠯ ᠢᠶᠠᠷ ᠲᠣᠯᠭᠠᠭᠤᠷᠢᠯᠠᠭᠤᠯᠣᠭᠰᠠᠨ ᠣᠳᠣ ᠦᠶ᠎ᠡ ᠶᠢᠨ ᠠᠵᠣ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠡᠢ᠃ ᠣᠯᠠᠮᠵᠢᠯᠠᠯᠲᠣ ᠠᠵᠣ ᠦᠢᠯᠡᠰ ᠢ ᠰᠢᠨ᠎ᠡ ᠮᠠᠶ᠋ᠢᠭ ᠤᠨ ᠠᠵᠣ ᠦᠢᠯᠡᠰ ᠪᠣᠯᠭᠠᠬᠤ ᠰᠡᠳᠬᠢᠮᠵᠢ ᠶᠣᠰᠣᠭᠠᠷ᠂ ᠠᠵᠣ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠰᠢᠨ᠎ᠡ ᠶᠢ ᠡᠭᠦᠳᠬᠦ ᠴᠢᠳᠠᠪᠣᠷᠢ ᠶᠢ ᠲᠠᠰᠣᠷᠠᠯᠲᠠ ᠦᠭᠡᠢ ᠴᠢᠩᠭᠠᠳᠬᠠᠵᠣ᠂ ᠠᠵᠣ ᠠᠬᠤᠶᠢᠯᠠᠯ ᠢ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠢᠯᠣᠭᠤᠳᠤᠨ ᠬᠦᠬᠢᠭᠦᠯᠵᠦ᠂ ᠴᠡᠪᠡᠷ ᠦᠢᠯᠡᠳᠪᠦᠷᠢᠯᠡᠯ ᠢ ᠶᠡᠭᠡ ᠬᠦᠴᠦᠨ ᠢᠶᠠᠷ ᠬᠦᠭᠵᠢᠭᠦᠯᠵᠦ  ᠂ ᠪᠣᠬᠢᠷᠳᠣᠯ ᠦᠭᠡᠢ ᠢᠳᠡᠭᠡᠨ᠂ ᠴᠠᠬᠢᠯᠭᠠᠨ ᠬᠦᠴᠦᠨ ᠤ ᠡᠨᠧᠷᠭᠢ᠂ ᠣᠳᠣᠬᠢᠴᠢᠯᠠᠭᠰᠠᠨ ᠬᠢᠮᠢ ᠶᠢᠨ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠣᠯᠠᠮᠵᠢᠯᠠᠯᠲᠣ ᠳᠠᠪᠠᠭᠤᠯᠢᠭ  ᠠᠵᠣ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠣᠯᠠᠮᠵᠢᠯᠠᠯᠲᠣ ᠠᠵᠣ ᠦᠢᠯᠡᠰ ᠤᠨ ︽ᠳᠥᠷᠪᠡᠨ ᠬᠡᠯᠪᠡᠷᠢ ᠬᠤᠪᠢᠷᠠᠭᠤᠯᠬᠤ︾ ᠶᠢ ᠲᠦᠯᠬᠢᠨ ᠠᠬᠢᠭᠤᠯᠵᠣ  ᠂ ᠦᠷᠢᠰᠦᠯᠳᠦᠭᠡᠨ ᠤ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠬᠢᠵᠢᠭᠦᠯᠦᠨ‌ᠥᠷᠭᠡᠳᠬᠡᠨ᠎ᠡ  ᠃ ᠣᠯᠠᠮᠵᠢᠯᠠᠯᠲᠣ ᠠᠵᠣ ᠦᠢᠯᠡᠰ ᠤᠨ ᠬᠦᠭᠵᠢᠯᠲᠡ ᠶᠢ ᠳᠡᠮᠵᠢᠬᠦ ᠵᠢᠯᠣᠭᠤᠳᠬᠤ ᠰᠠᠨᠠᠯ ᠢ ᠰᠣᠳᠣᠯᠣᠨ ᠲᠣᠭᠲᠠᠭᠠᠵᠣ᠂ ᠠᠵᠣ ᠦᠢᠯᠡᠰ ᠤᠨ ᠬᠦᠭᠵᠢᠯᠲᠡ ᠶᠢᠨ ᠰᠠᠭᠤᠷᠢ ᠪᠠ ᠰᠢᠨ᠎ᠡ ᠬᠠᠨᠳᠣᠰᠢ ᠶᠢ ᠦᠨᠳᠦᠰᠦᠯᠡᠵᠦ᠂ ᠣᠳᠣ ᠶᠢᠨ ᠪᠠᠶᠢᠭ᠎ᠠ ᠠᠰᠢᠭᠲᠠᠢ ᠲᠥᠷᠦ ᠶᠢᠨ ᠪᠣᠳᠣᠯᠭ᠎ᠠ ᠶᠢ ᠨᠢᠭᠡᠳᠬᠡᠨ ᠨᠡᠶᠢᠯᠡᠭᠦᠯᠦᠭᠰᠡᠨ ᠰᠠᠭᠤᠷᠢᠨ ᠳᠡᠭᠡᠷ᠎ᠡ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠣᠷᠢᠲᠠᠨ ᠤ ᠬᠡᠷᠡᠭᠯᠡᠯᠲᠡ᠂ ᠬᠤᠳᠠᠯᠳᠣᠭᠠᠴᠢᠨ ᠢ ᠣᠷᠢᠵᠣ ᠪᠡᠯᠡ ᠣᠷᠣᠭᠤᠯᠬᠤ᠂ ᠲᠦᠷᠦᠯ ᠵᠦᠢᠯ ᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠡᠯ᠎ᠡ ᠠᠵᠣ ᠦᠢᠯᠡᠰ ᠲᠠᠬᠢ ᠲᠦᠷᠥ ᠶᠢᠨ ᠪᠣᠳᠣᠯᠭ᠎ᠠ ᠶᠢᠨ ᠬᠦᠴᠦᠯᠡᠴᠡ ᠶᠢᠨ ᠴᠡᠭ ᠢ ᠲᠣᠳᠣᠷᠬᠠᠢ ᠪᠣᠯᠭᠠᠵᠣ᠂ ᠣᠯᠠᠮᠵᠢᠯᠠᠯᠲᠣ ᠠᠵᠣ ᠦᠢᠯᠡᠰ ᠤᠨ ᠬᠦᠭᠵᠢᠯᠲᠡ ᠶᠢ ᠪᠦᠬᠦ ᠲᠠᠯ᠎ᠠ ᠪᠠᠷ ᠳᠡᠮᠵᠢᠬᠦ ᠠᠵᠣ ᠦᠢᠯᠡᠰ ᠤᠨ ᠲᠥᠷᠦ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠣᠨ᠎ᠠ᠃ ᠡᠭᠦᠨ ᠤ ᠬᠠᠮᠲᠣ᠂ ᠴᠠᠬᠢᠯᠭᠠᠨ ᠬᠦᠴᠦᠨ ᠤ ᠥᠪᠡᠷ ᠤᠨ ᠦᠷᠲᠡᠭ ᠢ ᠪᠠᠭᠤᠷᠠᠭᠤᠯᠬᠤ᠂ ᠠᠵᠣ ᠠᠬᠤᠶᠢᠯᠠᠯ ᠤᠨ ᠮᠡᠷᠭᠡᠵᠢᠯ ᠤᠨ ᠲᠥᠪ ᠠᠴᠠ ᠱᠠᠩᠨᠠᠯ ᠬᠦᠬᠢᠭᠦᠯᠦᠯ ᠢ ᠨᠣᠲᠠᠯᠠᠨ ᠲᠣᠭᠲᠠᠭᠠᠬᠤ ᠵᠡᠷᠭᠡ ᠪᠦᠲᠦᠮᠵᠢᠲᠡᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠣᠯᠠᠮᠵᠢᠯᠠᠯᠲᠣ ᠠᠵᠣ ᠦᠢᠯᠡᠰ ᠤᠨ ᠴᠢᠨᠠᠷ ᠴᠢᠨᠰᠠᠭ᠎ᠠ ᠪᠠ ᠦᠷ᠎ᠡ ᠠᠰᠢᠭ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠣᠨ᠎ᠠ  ᠃      ᠨᠢᠭᠡ ᠳᠤ᠂ ᠰᠦ ᠶᠢᠨ ᠠᠵᠣ ᠦᠢᠯᠡᠰ ᠤᠨ ᠪᠦᠬᠦ ᠪᠦᠮᠪᠦᠷᠴᠡᠭ ᠶᠢᠨ ᠬᠡᠯᠪᠡᠷᠢ ᠶᠢᠨ ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠰᠦ ᠶᠢᠨ ᠦᠢᠯᠡᠳᠬᠦᠨ ᠢ ᠪᠣᠯᠪᠠᠰᠣᠷᠠᠭᠤᠯᠬᠤ ᠠᠵᠣ ᠦᠢᠯᠡᠰ ᠤᠨ ᠭᠤᠭᠴᠤᠭ᠎ᠠ ᠳᠠᠬᠢ ᠨᠠᠷᠢᠯᠢᠭᠵᠢᠭᠤᠯᠬᠤ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠣ᠂ ᠣᠶᠣᠨᠲᠣ ᠦᠢᠯᠡᠳᠪᠦᠷᠢᠯᠡᠯ᠂ ᠠᠵᠣ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢᠨ ᠠᠭᠤᠰᠣᠯᠴᠠᠯ᠂ ᠪᠣᠬᠢᠷᠳᠣᠯ ᠦᠭᠡᠢ ᠦᠢᠯᠡᠳᠪᠦᠷᠢᠯᠡᠬᠦ᠂ ᠣᠯᠠᠨ ᠣᠯᠣᠰ ᠤᠨ ᠴᠢᠨᠠᠷ ᠲᠠᠢ ᠦᠢᠯᠡᠳᠪᠦᠷᠢᠯᠡᠯ ᠤᠨ  ᠴᠢᠳᠠᠪᠬᠢ ᠶᠢᠨ ᠪᠠᠶᠢᠷᠢᠰᠢᠭᠤᠯᠣᠯᠲᠠ ᠵᠡᠷᠭᠡ ᠲᠠᠯ᠎ᠠ ᠪᠠᠷ ᠲᠦᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠬᠦᠴᠦᠯᠡᠴᠡ ᠶᠢ ᠨᠡᠮᠡᠭᠳᠡᠭᠦᠯᠵᠦ᠂ ᠪᠠᠶᠢᠯᠳᠣᠬᠤ ᠪᠣᠳᠣᠯᠭ᠎ᠠ ᠶᠢᠨ ᠦᠨᠳᠦᠷᠴᠡ ᠠᠴᠠ ᠰᠦ ᠶᠢᠨ ᠠᠵᠣ ᠦᠢᠯᠡᠰ ᠤᠨ ᠬᠦᠭᠵᠢᠯᠲᠡ ᠶᠢᠨ ᠰᠢᠨ᠎ᠡ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠦ ᠶᠢᠨ ᠦᠢᠯᠡᠰ ᠤᠨ ᠳᠡᠯᠡᠬᠡᠶᠢᠴᠢᠯᠡᠯᠲᠡ ᠶᠢᠨ ᠠᠬᠢᠴᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ ᠲᠦᠯᠬᠢᠨ ᠠᠬᠢᠭᠤᠯᠵᠣ᠂ ᠰᠦ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠪᠠ ᠰᠦ ᠶᠢᠨ ᠦᠢᠯᠡᠰ ᠤᠨ ᠪᠠᠷᠢᠮᠵᠢᠶᠠᠲᠣ ᠰᠢᠨ᠎ᠡ ᠶᠢ ᠡᠭᠦᠳᠬᠦ ᠲᠥᠪ ᠢ ᠪᠠᠶᠢᠭᠤᠯᠵᠣ᠂ ᠹᠦ᠋ ᠶᠥᠦ ᠰᠦ ᠶᠢᠨ ᠦᠢᠯᠡᠰ ᠪᠠ ᠱᠧᠩ ᠮᠦ ᠰᠦ ᠶᠢᠨ ᠦᠢᠯᠡᠰ ᠤᠨ ᠬᠤᠯᠪᠣᠭᠠᠯᠠᠯ᠂ ᠱᠧᠩ ᠮᠦ ᠳᠣᠣᠷ᠎ᠠ ᠳᠣᠯᠠᠭᠠᠨ ᠤ ᠰᠦ ᠶᠢᠨ ᠦᠢᠯᠡᠰ ᠵᠡᠷᠭᠡ ᠳᠡᠭᠡᠳᠦ ᠳᠡᠰ ᠤᠨ ᠰᠦ ᠶᠢᠨ ᠦᠢᠯᠡᠳᠬᠦᠨ ᠤ ᠲᠦᠷᠥᠯ ᠵᠦᠢᠯ ᠢ ᠬᠡᠷᠡᠭᠵᠢᠭᠦᠯᠦᠨ᠂ ᠢᠯᠢ᠂ ᠮᠧᠩ ᠨᠢᠦ ᠶᠢᠨ ᠣᠶᠣᠨᠲᠣ ᠦᠢᠯᠡᠳᠪᠦᠷᠢᠯᠡᠯ ᠤᠨ ᠶᠡᠷᠦᠩᠬᠡᠢ ᠬᠡᠷᠡᠭᠯᠡᠭᠡᠨ ᠤ ᠴᠢᠳᠠᠪᠣᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠣᠨ᠎ᠠ᠃ ᠲᠣᠯᠣᠭᠠᠶᠢᠯᠠᠭᠴᠢ ᠠᠵᠣ ᠦᠢᠯᠡᠰ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠣᠨ᠂ ᠣᠳᠣᠬᠢᠴᠢᠯᠠᠭᠰᠠᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠣᠯᠲᠠ ᠶᠢ ᠠᠬᠢᠭᠤᠯᠵᠣ᠂ ᠨᠠᠷᠢᠯᠢᠭᠵᠢᠭᠰᠠᠨ ᠲᠠᠷᠢᠶᠠᠯᠠᠩ ᠠᠵᠣ ᠠᠬᠤᠶᠢᠯᠠᠯ ᠤᠨ ᠬᠤᠯᠪᠣᠭᠠᠯᠠᠭᠰᠠᠨ ᠲᠣᠭᠲᠠᠴᠠ ᠶᠢ ᠪᠣᠢ ᠪᠣᠯᠭᠠᠨ᠂ ᠪᠦᠬᠦ ᠪᠦᠮᠪᠦᠷᠴᠡᠭ ᠤᠨ ᠰᠦ ᠶᠢᠨ ᠦᠢᠯᠡᠰ ᠤᠨ ᠡᠬᠢ ᠪᠠᠶᠠᠯᠢᠭ ᠤᠨ ᠨᠢᠭᠡᠲᠦᠯᠵᠢᠯ ᠢ ᠲᠦᠷᠭᠡᠳᠭᠡᠵᠦ᠂ ︽ᠳᠣᠮᠳᠠᠳᠣ ᠣᠯᠣᠰ ᠤᠨ ᠰᠦ ᠶᠢᠨ ᠬᠤᠲᠠ ᠶᠢᠨ ᠳᠡᠰ ᠳᠡᠪᠰᠢᠭᠰᠡᠨ ︵ᠰᠢᠨᠡᠴᠢᠯᠡᠭᠰᠡᠨ︶ ᠬᠡᠪ︾ ᠢ ᠴᠣᠭᠴᠠᠯᠠᠨ ᠪᠠᠶᠢᠭᠤᠯᠬᠤ ᠪᠠᠷ ᠪᠠᠶᠢᠨ᠎ᠠ᠃ 3 ᠰᠠᠷ᠎ᠠ ᠶᠢᠨ26 ᠤ ᠡᠳᠦᠷ᠂ ᠮᠠᠨ ᠤ ᠬᠤᠲᠠ ᠶᠢᠨ ᠵᠠᠰᠠᠭ ᠤᠨ ᠣᠷᠳᠣᠨ ᠠᠴᠠ ᠣᠨᠴᠠᠭᠠᠶᠢᠯᠠᠨ ᠰᠦ ᠶᠢᠨ ᠦᠢᠯᠡᠰ ᠤᠨ ᠳᠡᠰ ᠳᠡᠪᠰᠢᠬᠦ ᠰᠣᠳᠣᠯᠣᠨ ᠶᠠᠷᠢᠯᠴᠠᠬᠤ ᠬᠤᠷᠠᠯ ᠢ  ᠵᠣᠬᠢᠶᠠᠨ  ᠪᠠᠶᠢᠭᠤᠯᠣᠨ ᠬᠤᠷᠠᠯᠳᠣᠭᠤᠯᠵᠣ᠂  ᠲᠣᠰ ᠠᠵᠢᠯ ᠲᠦᠷᠥᠯ ᠤᠨ ᠳᠣᠲᠣᠷᠠᠬᠢ 7ᠨᠡᠷ᠎ᠡ ᠬᠦᠨᠳᠦᠲᠦ ᠲᠣᠰᠬᠠᠢ ᠮᠡᠷᠭᠡᠵᠢᠯᠲᠡᠨ ᠢ ᠣᠷᠢᠵᠣ᠂ ᠮᠠᠨ ᠤ ᠬᠤᠲᠠ ᠶᠢᠨ ᠰᠦ ᠶᠢᠨ ᠦᠢᠯᠡᠰ ᠤᠨ ᠳᠡᠰ ᠳᠡᠪᠰᠢᠯᠲᠡ   ᠳᠤ ᠨᠠᠷᠢᠯᠢᠭ ᠣᠨᠣᠪᠴᠢᠲᠠᠢ ᠰᠢᠨᠵᠢᠯᠡᠯᠲᠡ ᠬᠢᠯᠭᠡᠵᠦ᠂ ᠠᠷᠭ᠎ᠠ ᠪᠣᠳᠣᠯᠭ᠎ᠠ ᠳᠤᠷᠠᠳᠤᠭᠤᠯᠤᠨ᠂ ᠲᠣᠰᠬᠠᠢ ᠮᠡᠷᠭᠡᠵᠢᠯᠲᠡᠨ  ᠠᠴᠠ ᠰᠦ ᠶᠢᠨ ᠦᠢᠯᠡᠰ ᠤᠨ ᠳᠡᠰ ᠳᠡᠪᠰᠢᠬᠦ ᠲᠣᠬᠠᠢ ᠬᠠᠮᠤᠭ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠪᠦᠲᠦᠭᠡᠯᠴᠢ ᠴᠢᠨᠠᠷ ᠪᠦᠬᠦᠢ ᠰᠠᠨᠠᠯ ᠰᠠᠨᠠᠭᠤᠯᠭ᠎ᠠ  ᠳᠡᠪᠰᠢᠭᠦᠯᠦᠭᠰᠡᠨ ᠪᠠᠶᠢᠨ᠎ᠠ᠃       ᠬᠤᠶᠠᠷ ᠲᠤ᠂ ᠬᠢᠮᠢ ᠶᠢᠨ ᠦᠢᠯᠡᠳᠪᠦᠷᠢ  ᠶᠢᠨ ᠠᠵᠣ ᠦᠢᠯᠡᠰ ᠤᠨ ᠰᠢᠨ᠎ᠡ  ᠬᠡᠯᠪᠡᠷᠢ ᠲᠡᠰᠢ ᠬᠤᠪᠢᠷᠠᠬᠤ ᠶᠢ ᠲᠦᠯᠬᠢᠨ ᠠᠬᠢᠭᠤᠯᠣᠨ᠎ᠠ᠃ ᠲᠣᠭᠲᠠᠬᠤ ᠴᠢᠩ ᠱᠦᠢ ᠾᠧ ᠤᠨ ᠠᠵᠣ ᠠᠬᠤᠢ ᠶᠢᠨ ᠨᠡᠭᠡᠭᠡᠯᠲᠡᠲᠦ ᠣᠷᠣᠨ ᠤ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ ᠶᠢᠨ ᠠᠵᠣ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠲᠣᠭᠤᠷᠢᠨ ᠳᠤ ᠵᠢᠦ ᠲᠠᠢ ᠡᠨᠧᠷᠭᠢ ᠨᠡᠭᠦᠷᠡᠰᠦ ᠶᠢᠨ ᠦᠢᠯᠡᠳᠬᠦᠨ ᠤ ᠡᠲ᠋ᠢᠯ ᠠᠯᠺᠣᠣᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠣ᠂ ᠬᠡᠯᠬᠢᠶᠡᠵᠢᠯ ᠤᠨ ᠲᠦᠬᠦᠷᠵᠢᠭᠰᠡᠨ ᠲᠦᠷᠦᠯ ᠵᠦᠢᠯ ᠢ ᠢᠳᠡᠪᠬᠢᠲᠡᠢ ᠲᠠᠲᠠᠨ ᠣᠷᠣᠭᠤᠯᠵᠣ᠂  ᠾᠧᠩ ᠳ᠋ᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠭᠡᠳᠬᠡᠭᠦᠷ᠂ ᠯᠠᠨ ᠢᠥᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠬᠦᠷ ᠦᠭᠡᠶᠢᠳᠡᠭᠦᠯᠦᠭᠰᠡᠨ ᠰᠢᠪᠲᠣᠷ ᠤᠨ ᠣᠰᠣ ᠵᠡᠷᠭᠡ ᠨᠠᠷᠢᠯᠢᠭᠵᠢᠭᠰᠠᠨ ᠬᠢᠮᠢ ᠶᠢᠨ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ ᠶᠢᠨ ᠠᠵᠣ ᠦᠢᠯᠡᠰ ᠤᠨ ᠪᠦᠯᠦᠭᠵᠢᠯᠡᠯ ᠢ   ᠪᠠᠶᠢᠭᠤᠯᠣᠨ᠎ᠠ᠃             ᠭᠤᠷᠪᠠ ᠳᠤ᠂ ᠡᠨᠧᠷᠭᠢ ᠶᠢᠨ ᠠᠵᠣ ᠦᠢᠯᠡᠰ ᠤᠨ ᠴᠡᠪᠡᠷᠰᠢᠭᠦᠯᠦᠯᠲᠡ ᠶᠢᠨ  ᠬᠡᠯᠪᠡᠷᠢ ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠳ᠋ᠠ ᠲᠠᠩ ᠣᠯᠠᠨ ᠣᠯᠣᠰ ᠤᠨ ᠲᠣᠭᠲᠠᠬᠤ ᠳᠠᠬᠢ ᠴᠠᠬᠢᠯᠭᠠᠨ ᠭᠠᠷᠭᠠᠬᠤ ᠬᠢᠵᠠᠭᠠᠷᠲᠣ ᠬᠠᠷᠢᠭᠤᠴᠠᠯᠭᠠᠲᠣ ᠺᠣᠮᠫᠠᠨᠢ ᠶᠢᠨ ᠬᠡᠲᠦ ᠳᠣᠣᠷ᠎ᠠ ᠭᠠᠳᠠᠭᠰᠢᠯᠠᠭᠤᠯᠣᠯᠲᠠ ᠶᠢᠨ ᠥᠭᠡᠷᠡᠴᠢᠯᠡᠯᠲᠡ ᠪᠠ ᠲᠣᠭᠤᠰᠣ ᠰᠢᠷᠣᠢ ᠶᠢ ᠬᠠᠳᠠᠭᠠᠯᠠᠬᠤ ᠲᠠᠯᠠᠪᠣᠷ ᠢ ᠪᠢᠲᠡᠭᠦᠮᠵᠢᠯᠡᠬᠦ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠸᠠᠨ ᠵᠢᠥᠢ ᠰᠢᠨ᠎ᠡ ᠡᠨᠧᠷᠭᠢ ᠶᠢᠨ ᠬᠤᠶᠠᠳᠣᠭᠠᠷ ᠬᠤᠭᠤᠴᠠᠭ᠎ᠠ᠂ ᠱᠧᠩ ᠳ᠋ᠠ‌‍ᠰᠢᠨ᠎ᠡ ᠡᠨᠧᠷᠭᠢ ᠵᠡᠷᠭᠡ ᠰᠢᠨ᠎ᠡ ᠨᠠᠷᠠᠨ ᠤ ᠡᠨᠧᠷᠭᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ ᠬᠡᠷᠡᠭᠵᠢᠭᠦᠯᠵᠦ᠂ ᠰᠢᠶᠧ ᠰᠢᠨ‌ᠡᠨᠧᠷᠭᠢ ᠪᠠ ᠾᠥᠩ ᠲᠠᠢ ᠡᠨᠧᠷᠭᠢ  ᠵᠡᠷᠭᠡ ᠰᠠᠯᠬᠢᠨ ᠤ ᠬᠦᠴᠦᠨ ᠢᠶᠠᠷ ᠳᠣᠯᠠᠭᠠᠴᠠᠯᠭ᠎ᠠ ᠬᠠᠩᠭᠠᠬᠤ  ᠂ ᠰᠠᠯᠬᠢᠨ ᠤ ᠬᠦᠴᠦᠨ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠢ ᠢᠳᠡᠪᠬᠢᠲᠡᠢ ᠪᠣᠢ ᠪᠣᠯᠭᠠᠬᠤ ᠪᠠᠷ ᠴᠢᠷᠮᠠᠶᠢᠨ᠎ᠠ᠃ ᠣᠯᠣᠰ ᠤᠨ ᠣᠨᠴᠠ ᠦᠨᠳᠦᠷ ᠳᠠᠷᠣᠯᠲᠠᠲᠣ ᠴᠠᠬᠢᠯᠭᠠᠨ ᠤ ᠲᠣᠣᠷ ᠤᠨ ᠪᠦᠲᠦᠭᠡᠨ ᠪᠠᠶᠢᠭᠤᠯᠣᠯᠲᠠ ᠳᠤ ᠲᠦᠰᠢᠭᠯᠡᠵᠦ᠂ ᠴᠠᠬᠢᠯᠭᠠᠨ ᠬᠦᠴᠦᠨ ᠤ ᠭᠠᠳᠠᠭᠰᠢ ᠬᠦᠷᠭᠡᠬᠦ ᠴᠢᠳᠠᠪᠣᠷᠢ ᠶᠢ ᠢᠳᠡᠪᠬᠢᠲᠡᠢ ᠥᠷᠭᠡᠳᠬᠡᠵᠦ᠂ ᠭᠠᠯ ᠢᠶᠠᠷ ᠴᠠᠬᠢᠯᠭᠠᠨ ᠭᠠᠷᠭᠠᠬᠤ ᠶᠢ ᠡᠮᠬᠢ ᠴᠡᠭᠴᠡᠲᠡᠢ ᠬᠦᠭᠵᠢᠭᠦᠯᠵᠦ᠂ ᠮᠡᠷᠭᠡᠵᠢᠯ ᠪᠣᠯᠪᠠᠰᠣᠷᠠᠩᠭᠤᠢ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠷ ᠴᠢᠩᠭ᠎ᠠ ᠰᠠᠯᠬᠢᠨ ᠤ ᠬᠦᠴᠦᠨ ᠢᠶᠠᠷ ᠴᠠᠬᠢᠯᠭᠠᠨ ᠭᠠᠷᠭᠠᠬᠤ᠂ ᠭᠡᠷᠡᠯ ᠢᠶᠠᠷ ᠴᠠᠬᠢᠯᠭᠠᠨ ᠭᠠᠷᠭᠠᠬᠤ ᠪᠠ ᠪᠢᠣᠮᠠᠰ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢ ᠲᠦᠷᠭᠡᠳᠬᠡᠨ ᠬᠦᠭᠵᠢᠭᠦᠯᠵᠦ᠂ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠣᠨ᠎ᠠ᠃    ᠳᠥᠷᠪᠡ ᠳᠤ᠂ ᠥᠩᠭᠡᠲᠦ ᠲᠡᠮᠦᠷᠯᠢᠭ ᠤᠨ ᠠᠵᠣ ᠦᠢᠯᠡᠰ ‍ᠦᠨ‌ᠨᠠᠷᠢᠯᠢᠭᠵᠢᠭᠤᠯᠣᠯᠲᠠ ᠶᠢᠨ ᠬᠡᠯᠪᠡᠷᠢ ᠬᠤᠪᠢᠷᠠᠭᠤᠯᠣᠯᠲᠠ ᠶᠢ ᠲᠦᠯᠬᠢᠨ ᠠᠬᠢᠭᠤᠯᠣᠨ᠎ᠠ᠃ ᠭᠤᠸᠠᠩ ᠶᠢᠨ ᠭᠦᠩᠭᠡᠨᠴᠠᠭᠠᠨ ᠤ ᠦᠢᠯᠡᠰ ᠤᠨ 50 ᠲᠦᠮᠡᠨ ᠲᠣᠨ ᠭᠦᠩᠭᠡᠨᠴᠠᠭᠠᠨ ᠬᠠᠪᠲᠠᠰᠤ ᠴᠢᠳᠬᠤᠨ ᠬᠡᠪᠰᠢᠭᠦᠯᠬᠦ  ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠦᠨᠳᠦᠷ ᠬᠤᠷᠳᠤᠴᠠᠲᠤ ᠲᠡᠮᠦᠷ ᠵᠠᠮ᠂ ᠵᠢᠮᠲᠦ ᠵᠠᠮ ᠨᠡᠪᠲᠡᠷᠡᠯᠭᠡ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠵᠣ᠂ ᠳᠡᠭᠡᠳᠦ ᠲᠡᠰ ᠤᠨ ᠭᠦᠩᠭᠡᠨᠴᠠᠭᠠᠨ ᠮᠠᠲ᠋ᠧᠷᠢᠶᠠᠯ᠂ ᠡᠯᠧᠺᠲᠷᠣᠨ ᠭᠦᠩᠭᠡᠨᠴᠠᠭᠠᠨ ᠤ ᠢᠯᠲᠠᠰᠣ ᠵᠡᠷᠭᠡ ᠭᠦᠩᠭᠡᠨᠴᠠᠭᠠᠨ ᠢ ᠭᠦᠨᠵᠡᠭᠡᠶ ᠡᠳ᠋ᠰᠢᠭᠦᠯᠦᠭᠰᠡᠨ ᠦᠢᠯᠡᠳᠬᠦᠨ ᠢ ᠦᠷᠭᠦᠯᠵᠢᠯᠡᠨ ᠳᠡᠭᠡᠭᠰᠢᠯᠡᠭᠦᠯᠬᠦ ᠪᠠ ᠨᠡᠭᠡᠭᠡᠨ ᠭᠦᠭᠵᠢᠭᠦᠯᠵᠦ᠂ ᠥᠩᠭᠡᠲᠦ ᠲᠡᠮᠦᠷᠯᠢᠭ ᠤᠨ ᠠᠵᠤ ᠦᠢᠯᠡᠰ   ᠤᠨ ᠦᠨᠳᠦᠷ ᠨᠡᠮᠡᠭᠳᠡᠯ ᠦᠷᠳᠡᠭ᠂ ᠨᠠᠷᠢᠯᠢᠭᠵᠢᠭᠤᠯᠤᠯᠲᠠ ᠶᠢᠨ ᠬᠦᠭᠵᠢᠯᠲᠡ ᠶᠢ ᠪᠡᠶᠡᠯᠡᠭᠦᠯᠦᠨ᠎ᠡ᠃ ᠴᠢᠩ ᠱᠦᠢ ᠾᠧ ᠶᠢᠨ ᠲᠤᠰ ᠭᠠᠵᠠᠷ ᠤᠨ ᠬᠢᠨ ᠡᠯᠪᠡᠭ ᠳᠡᠯᠪᠡᠭ ᠬᠠᠳᠠᠨ ᠴᠠᠭᠠᠨ ᠴᠢᠯᠠᠭᠤᠯᠢᠭ ᠤᠨ ᠡᠬᠢ ᠪᠠᠶᠠᠯᠢᠭ ᠲᠤ ᠲᠦᠰᠢᠭᠯᠡᠨ᠂ ᠮᠠᠭᠨᠢ ᠬᠠᠶᠢᠯᠠᠭᠤᠯᠬᠤ᠂ ᠮᠠᠭᠨᠢ ᠶᠢᠨ ᠬᠠᠶᠢᠯᠤᠰᠢ  ᠪᠠ ᠳ᠋ᠣᠭᠠᠷᠲᠣ ᠪᠣᠯᠣᠳ ᠤᠨ  ᠠᠵᠣ ᠦᠢᠯᠡᠰ ᠵᠡᠷᠭᠡ ᠶᠢ ᠪᠣᠢ ᠪᠣᠯᠭᠠᠵᠣ ᠬᠦᠭᠵᠢᠭᠦᠯᠦᠨ᠎ᠡ᠃  ᠮᠠᠭᠨᠢ ᠶᠢᠨ ᠬᠠᠶᠢᠯᠤᠰᠢ᠂ ᠮᠠᠭᠨᠢ ᠶᠢᠨ ᠴᠢᠳᠬᠤᠮᠠᠯ ᠲᠣᠨᠤᠭ ᠪᠠ ᠳ᠋ᠣᠭᠠᠷᠲᠣ ᠪᠣᠯᠣᠳ ᠵᠡᠷᠭᠡ ᠮᠠᠭᠨᠢ ᠶᠢᠨ ᠠᠩᠬᠠᠨ  ᠤ ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠠᠰᠢᠭᠯᠠᠵᠤ᠂ ᠮᠠᠭᠨᠢ ᠶᠢᠨ ᠦᠢᠯᠡᠳᠬᠦᠨ ᠤ ᠠᠵᠤ ᠦᠢᠯᠡᠰ ᠤᠨ ᠪᠦᠯᠦᠭᠴᠢᠯᠡᠯ ᠢ ᠪᠠᠶᠢᠭᠤᠯᠤᠨ᠎ᠠ᠃ ᠴᠦᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ 2018 ᠣᠨ ᠪᠣᠯᠬᠤ ᠳᠤ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠴᠢᠯᠡᠯ ᠤᠨ ᠦᠢᠯᠡᠳᠬᠦᠨ ᠤ ᠦᠷᠳᠡᠭ ᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ︔ 2020 ᠣᠨ ᠪᠣᠯᠬᠤ ᠳᠤ ᠂ ᠴᠠᠬᠢᠯᠭᠠᠨ ᠬᠦᠴᠦᠨ ᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠥᠷᠲᠡᠭ ᠢ 400 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠥᠩᠭᠡᠲᠦ ᠲᠡᠮᠦᠷᠯᠢᠭ ᠤᠨ ᠠᠵᠤ ᠦᠢᠯᠡᠰ ᠤᠨ ᠦᠢᠯᠡᠳᠬᠦᠨ ᠤ ᠦᠷᠳᠡᠭ ᠢ 100 ᠳ᠋ᠦᠩᠰᠢᠭᠤᠷ ᠲᠥᠭᠦᠷᠢᠭ ᠲᠤ ᠬᠦᠷᠭᠡᠵᠦ᠂ ᠦᠢᠯᠡᠳᠬᠦᠨ ᠤ ᠬᠡᠯᠬᠢᠶᠡᠵᠢᠯ ᠢ ᠨᠡᠩ ᠨᠠᠷᠢᠯᠢᠭ᠂  ᠨᠡᠩ ᠳᠡᠭᠡᠳᠦ ᠳᠡᠰ ᠲᠡᠰᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ︔  2022 ᠣᠨ ᠪᠣᠯᠬᠤ ᠳᠤ᠂ ᠳᠡᠯᠡᠬᠡᠢ  ᠶᠢᠨ ᠲᠡᠰ  ᠤᠨ ᠣᠯᠠᠨ ᠣᠯᠣᠰ ᠤᠨ ᠴᠢᠨᠠᠷᠲᠠᠢ ᠰᠦ ᠶᠢᠨ ᠦᠢᠯᠡᠰ ᠤᠨ ᠪᠦᠯᠦᠭᠴᠢᠯᠡᠯ ᠪᠠ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠣᠨ᠂ ᠦᠢᠯᠡᠳᠬᠦᠨ ᠤ ᠦᠷᠲᠡᠭ ᠢ 2000 ᠳ᠋ᠦᠩᠰᠢᠭᠤᠷ ᠲᠥᠭᠦᠷᠢᠭ ᠠᠴᠠ ᠳᠠᠪᠠᠭᠤᠯᠵᠣ᠂  ᠢᠯᠢ᠂ ᠮᠧᠩ ᠨᠢᠦ ᠶᠢ ᠳᠡᠯᠡᠬᠡᠶ ᠶᠢᠨ ᠰᠦ ᠶᠢᠨ ᠦᠢᠯᠡᠰ ᠤᠨ ᠲᠠᠪᠤᠨ ᠬᠦᠴᠦᠷᠬᠡᠭ ᠲᠤ ᠣᠷᠣᠭᠤᠯᠣᠨ᠎ᠠ᠃      ﹇ᠬᠦᠲᠦᠯᠦᠭᠴᠢ﹈ ᠲᠠ ᠣᠳᠣ ᠮᠠᠨ ᠤ ᠬᠤᠲᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠬᠦᠭᠵᠢᠯᠲᠡ ᠶᠢᠨ ᠪᠠᠶᠢᠳᠠᠯ ᠪᠠ ᠳᠠᠷᠠᠭ᠎ᠠ ᠠᠯᠬᠤᠮ ᠤᠨ ᠠᠵᠢᠯ ᠤᠨ ᠡᠭᠦᠷᠭᠡ ᠶᠢ ᠲᠠᠨᠢᠯᠴᠠᠭᠤᠯᠣᠭᠠᠳ ᠥᠭᠭᠦᠨ᠎ᠡ ᠦᠦ︖      ﹇ᠵᠣᠴᠢᠨ﹈ 2017 ᠣᠨ ᠳᠤ ᠪᠦᠬᠦ ᠬᠤᠲᠠ ᠶᠢᠨ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠦᠢᠯᠡᠳᠬᠦᠨ ᠤ ᠦᠷᠲᠡᠭ ᠠᠳᠠᠯᠢ ᠬᠤᠭᠤᠴᠠᠭᠠᠨ ᠤ ᠬᠢ ᠠᠴᠠ9.8% ᠨᠡᠮᠡᠭᠳᠡᠵᠦ᠂ ᠪᠦᠬᠦ ᠬᠤᠲᠠ ᠶᠢᠨ ᠠᠵᠣ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠬᠤᠪᠢ ᠶᠢᠨ ᠵᠢᠩ28% ᠶᠢ ᠬᠡᠲᠦᠷᠴᠦ᠂ ᠥᠪᠡᠷᠲᠡᠭᠡᠨ ᠵᠠᠰᠠᠬᠤ ᠣᠷᠣᠨ ᠤ ᠳᠣᠮᠳᠠᠴᠢ ᠬᠢᠷᠢ ᠲᠦᠪᠰᠢᠨ ᠠᠴᠠ ᠵᠠᠭᠤᠨ ᠤ ᠠᠷᠪᠠ ᠣᠷᠴᠢᠮ ᠦᠨᠳᠦᠷ ᠪᠠᠶᠢᠵᠣ ᠂ ᠦᠢᠯᠡᠳᠬᠦᠨ ᠤ ᠦᠷᠲᠡᠭ ᠳᠠᠬᠢ ᠬᠠᠷᠢᠴᠠᠯ ᠪᠦᠬᠦ ᠣᠷᠣᠨ ᠳᠤ ᠨᠢᠭᠡᠳᠦᠭᠡᠷ ᠲᠤ ᠪᠠᠶᠢᠷᠢᠯᠠᠵᠠᠢ᠃ ᠪᠦᠬᠦ ᠵᠢᠯ ᠳᠤ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ36 ᠶᠢ ᠬᠡᠷᠡᠭᠵᠢᠭᠦᠯᠵᠦ᠂ ᠪᠦᠬᠦ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠠᠵᠣ ᠦᠢᠯᠡᠳᠪᠦᠷᠢ ᠶᠢᠨ ᠲᠦᠷᠦᠯ ᠵᠦᠢᠯ ᠤᠨ62% ᠶᠢ ᠡᠵᠡᠯᠡᠨ᠎ᠡ︔ ᠲᠣᠭᠲᠠᠮᠠᠯ ᠬᠦᠷᠦᠩᠭᠡ ᠶᠢᠨ ᠣᠷᠣᠭᠤᠯᠣᠯᠲᠠ ᠶᠢ133.1 ᠳ᠋ᠦᠩᠰᠢᠭᠤᠷ ᠲᠦᠭᠦᠷᠢᠭ ᠪᠡᠶᠡᠯᠡᠭᠦᠯᠵᠦ᠂ ᠪᠦᠬᠦ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠣᠷᠣᠭᠤᠯᠣᠯᠲᠠ ᠶᠢᠨ69.8%   ᠶᠢ ᠡᠵᠡᠯᠡᠵᠦ᠂ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠲᠦᠷᠦᠯ ᠵᠦᠢᠯ ᠤᠨ ᠪᠠᠶᠢᠭᠤᠯᠣᠯᠲᠠ ᠨᠢ ᠨᠢᠭᠡᠨᠲᠡ ᠠᠵᠣ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠣ ᠬᠦᠭᠵᠢᠭᠦᠯᠬᠦ ᠶᠢᠨ ᠲᠦᠯᠬᠢᠭᠴᠢ ᠬᠦᠴᠦᠨ ᠪᠣᠯᠣᠭᠰᠠᠨ ᠪᠠᠶᠢᠨ᠎ᠠ᠃ ᠪᠢᠳᠡ ᠳᠠᠷᠠᠭᠠᠴᠢ ᠶᠢᠨ ᠠᠵᠢᠯ ᠳᠣᠮᠳᠠ ᠪᠠᠨ  ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠪᠠᠷᠢᠮᠲᠠᠯᠠᠨ᠂ ᠠᠮᠢᠳᠣ ᠪᠣᠳᠠᠰ ᠤᠨ ᠡᠮ ᠡᠮᠨᠡᠯᠭᠡ᠂ ᠭᠡᠷᠡᠯ ᠤᠨ ᠴᠠᠬᠢᠯᠭᠠᠨ ᠤ ᠠᠵᠣ ᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠨᠢᠭᠡᠨ ᠦᠶ᠎ᠡ ᠶᠢᠨ ᠡᠯᠧᠺᠲᠷᠣᠨ ᠮᠡᠳᠡᠭᠡ ᠵᠠᠩᠭᠢ ᠵᠡᠷᠭᠡ ᠮᠡᠷᠭᠡᠵᠢᠯ ᠦᠨᠳᠦᠷ᠂ ᠡᠬᠢ ᠪᠠᠶᠠᠯᠢᠭ ᠤᠨ ᠬᠤᠷᠣᠭᠳᠠᠯ ᠪᠠᠭ᠎ᠠ᠂ ᠬᠦᠭᠵᠢᠯᠲᠡ ᠶᠢᠨ ᠳᠠᠯᠳᠠ ᠬᠦᠴᠦᠨ ᠶᠡᠭᠡ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ  ᠢ ᠰᠢᠢᠳᠪᠦᠷᠢᠯᠡᠵᠦ᠂ ᠭᠤᠣᠯᠯᠠᠬᠤ ᠦᠷᠢᠰᠦᠯᠳᠦᠭᠡᠨ ᠤ ᠬᠦᠴᠦᠨ ᠢ ᠳᠡᠭᠡᠭᠰᠢᠯᠡᠭᠦᠯᠦᠨ᠂ ᠠᠵᠣ ᠦᠢᠯᠡᠰ ᠤᠨ ᠬᠡᠪᠴᠢᠶ᠎ᠡ ᠶᠢ ᠦᠷᠭᠡᠳᠬᠡᠵᠦ᠂ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ︽ᠲᠠᠪᠣᠨ ᠳᠡᠰ ᠳᠡᠪᠰᠢᠯᠲᠡ︾ ᠶᠢ ᠲᠦᠯᠬᠢᠨ ᠠᠬᠢᠭᠤᠯᠵᠣ᠂ ᠨᠢᠭᠡ ᠪᠦᠯᠦᠭ ᠠᠵᠣ ᠦᠢᠯᠡᠰ ᠤᠨ ᠬᠡᠯᠬᠢᠶ᠎ᠡ ᠪᠦᠷᠢᠨ ᠲᠡᠭᠦᠯᠳᠡᠷ᠂ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ᠂ ᠥᠪᠡᠷᠮᠢᠴᠡ ᠣᠨᠴᠠᠯᠢᠭ ᠪᠦᠬᠦᠢ ᠪᠠᠶᠢᠯᠳᠣᠬᠤ ᠪᠣᠳᠣᠯᠭ᠎ᠠ   ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠲᠦᠪᠯᠡᠷᠡᠭᠰᠡᠨ ᠲᠣᠭᠤᠷᠢᠭ ᠢ ᠪᠠᠶᠢᠭᠤᠯᠣᠨ᠂ ᠮᠠᠨ ᠤ ᠬᠤᠲᠠ ᠶᠢᠨ ᠠᠵᠣ ᠦᠢᠯᠡᠳᠪᠦᠷᠢ ᠶᠢᠨ ᠥᠰᠥᠯᠲᠡ ᠶᠢᠨ ᠰᠢᠨ᠎ᠡ ᠬᠦᠳᠡᠯᠭᠡᠭᠦᠷ ᠢ ᠲᠦᠷᠭᠡᠳᠬᠡᠨ ᠪᠠᠶᠢᠭᠤᠯᠣᠨ᠎ᠠ᠃        ᠨᠢᠭᠡ ᠳᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠳᠡᠭᠡᠳᠦ ᠳᠡᠰ ᠲᠡᠰᠢ ᠳᠡᠰ ᠳᠡᠪᠰᠢᠬᠦ ᠶᠢ ᠲᠦᠯᠬᠢᠨ ᠠᠬᠢᠭᠤᠯᠣᠨ᠎ᠠ᠃ ᠤᠳᠤ ᠪᠠᠶᠢᠭ᠎ᠠ ᠠᠵᠤ ᠦᠢᠯᠡᠰ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠰᠢᠨ᠎ᠡ ᠶᠢ ᠡᠭᠦᠳᠬᠦ ᠬᠥᠳᠡᠯᠭᠡᠭᠦᠷ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠵᠢᠯᠣᠭᠤᠳᠣᠯᠭ᠎ᠠ ᠪᠣᠯᠭᠠᠵᠣ᠂ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠯᠲᠡ  ᠪᠠᠷ ᠲᠤᠯᠭᠠᠭᠤᠷᠢ ᠪᠣᠯᠭᠠᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠲᠠᠰᠤᠷᠠᠯᠲᠠ ᠦᠭᠡᠢ ᠵᠣᠷᠢᠭᠵᠢᠭᠤᠯᠵᠤ᠂ ᠠᠵᠢᠯ ᠲᠦᠷᠦᠯ ᠤᠨ ᠥᠷᠢᠰᠥᠯᠳᠦᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠫᠤᠰᠲ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ᠂ ᠫᠤᠰᠲ ᠳ᠋ᠣᠺᠲ᠋ᠣᠷ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠬᠤ ᠶᠢ ᠬᠦᠬᠢᠭᠦᠯᠵᠦ᠂  ᠬᠤᠲᠠ ᠶᠢᠨ ᠠᠵᠤ ᠠᠬᠤᠶᠢᠯᠠᠯ ᠪᠠ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠬᠤᠭᠤᠷᠣᠨᠳᠣ   ᠪᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠥᠷᠨᠢᠭᠦᠯᠬᠦ ᠪᠠᠷ ᠳᠡᠮᠵᠢᠵᠦ᠂ ᠲᠧᠭᠨᠢᠭ ᠮᠡᠷᠭᠡᠵᠢᠯ ᠢ ᠣᠷᠣᠭᠤᠯᠬᠤ ᠪᠠ ᠲᠦᠷᠦᠯ ᠵᠦᠢᠯ ᠤᠨ ᠣᠯᠠᠷᠢᠨ ᠬᠤᠪᠢᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠦᠢᠯᠡᠴᠢᠯᠡᠭᠡ ᠶᠢ ᠭᠠᠳᠠᠭᠰᠢ ᠲᠠᠭᠠᠭᠴᠢᠯᠠᠭᠤᠯᠬᠤ ᠠᠵᠢᠯ ᠢ ᠢᠳᠡᠪᠬᠢᠲᠡᠶ ᠥᠷᠨᠢᠭᠦᠯᠬᠦ ᠶᠢ ᠬᠦᠬᠢᠭᠦᠯᠵᠦ᠂ ᠰᠤᠳᠤᠯᠤᠨ ᠨᠡᠭᠡᠭᠡᠬᠦ ᠠᠵᠢᠯ ᠤᠨ ᠵᠠᠬ᠎ᠠ ᠳᠡᠯᠭᠡᠭᠦᠷᠴᠢᠯᠡᠯᠲᠡ ᠶᠢ ᠲᠦᠯᠬᠢᠨ ᠠᠬᠢᠭᠤᠯᠣᠨ᠎ᠠ︔  ᠰᠢᠨ᠎ᠡ ᠶᠢ ᠡᠭᠦᠳᠬᠦ ᠬᠡᠯᠪᠡᠷᠢ ᠶᠢᠨ ᠡᠮ ᠡᠮᠨᠡᠯᠭᠡ ᠶᠢᠨ ᠪᠠᠭᠠᠵᠢ ᠬᠡᠷᠡᠭᠰᠡᠯ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ᠂ ᠠᠵᠤ ᠦᠢᠯᠡᠰᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ  ᠤᠨ ᠲᠤᠰᠬᠠᠶ ᠠᠰᠢᠭ ᠭᠤᠶᠣᠴᠢᠯᠠᠬᠤ ︵ᠡᠷᠡᠮᠡᠯᠵᠡᠯᠬᠦ︶ ︵ᠫᠡᠲ᠋ᠧᠨ᠋ᠲ ᠤᠨ ᠡᠷᠭᠦᠳᠡᠯ ᠭᠠᠷᠭᠠᠬᠤ︶ ᠶᠢ ᠳᠡᠮᠵᠢᠵᠣ᠂ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠦᠨ᠎ᠡ᠃  ᠶᠢᠨ ᠢᠦᠢ ᠣᠯᠠᠨ ᠤᠯᠤᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ   ᠤᠨ ᠬᠦᠷᠢᠶᠡᠯᠡᠩ᠂   ᠶᠢᠨ ᠳ᠋ᠠ ᠸᠧᠶ ᠳᠠᠭᠠᠯᠲᠠ ᠢᠰᠬᠡᠬᠦᠷQ10 ᠤᠨ  ᠪᠦᠲᠦᠭᠡᠭᠳᠡᠬᠦᠨ ᠢ ᠥᠷᠭᠡᠳᠬᠡᠨ ᠪᠠᠶᠢᠭᠤᠯᠬᠤ᠂ ᠱᠧᠨ ᠶᠣᠸᠠᠨ ᠠᠮᠢᠳᠤ ᠪᠣᠳᠠᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ  ᠵᠡᠷᠭᠡ ᠲᠦᠷᠦᠯ ᠵᠦᠢᠯ ᠢ ᠲᠦᠷᠭᠡᠪᠴᠢᠯᠡᠨ ᠪᠠᠶᠢᠭᠤᠯᠵᠤ᠂ ᠠᠮᠢᠳᠤ ᠪᠣᠳᠠᠰ ᠤᠨ ᠸᠠᠺᠼᠢᠨ ︵ ᠬᠢᠵᠢᠭ  ᠤᠨ ᠲᠠᠷᠢᠯᠭ᠎ᠠ︶᠂ ᠠᠮᠢᠳᠤ ᠪᠣᠳᠠᠰ ᠤᠨ ᠡᠷᠡᠭᠦᠯᠵᠢᠯ ᠤᠨ ᠡᠳ᠋᠂ ᠬᠢᠲᠠᠳ ᠮᠣᠩᠭᠤᠯ ᠡᠮ᠂ ᠠᠮᠢᠳᠤ ᠪᠣᠳᠠᠰ ᠤᠨ ᠭᠤᠶᠣᠯᠠᠯ ᠤᠨ ᠡᠳ᠋ ᠵᠡᠷᠭᠡ ᠥᠨᠳᠥᠷ ᠨᠡᠮᠡᠯᠲᠡ ᠥᠷᠲᠡᠭ ᠪᠦᠬᠦᠢ ᠦᠢᠯᠡᠳᠬᠦᠨ ᠤ ᠬᠠᠷᠢᠴᠠᠯ   ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠤᠷᠢᠨᠭᠡᠷ ᠶᠡᠭᠡ ᠡᠷᠡᠭᠦᠯ ᠮᠠᠨᠳᠤ ᠶᠢᠨ ᠠᠵᠤ ᠦᠢᠯᠡᠰ ᠤᠨ ᠬᠦᠷᠢᠶᠡᠯᠡᠩ ᠪᠣᠯᠤᠨ ᠰᠠᠷᠠᠴᠢᠨ  ᠠᠮᠢᠳᠤ ᠪᠣᠳᠠᠰ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠢ ᠠᠩᠬ᠎ᠠ ᠠᠯᠬᠤᠮ ᠪᠠᠶᠢᠭᠤᠯᠤᠨ᠂ ᠡᠮ ᠦᠢᠯᠡᠳᠬᠦ ᠠᠵᠤ ᠦᠢᠯᠡᠰ ᠤᠨ ᠰᠢᠷᠢᠰ ︵ᠢᠵᠢ︶ ᠦᠢᠯᠡᠳᠬᠦᠨ ᠤ ᠦᠢᠯᠡᠳᠪᠦᠷᠢᠯᠡᠯ ᠤᠨ ᠨᠢᠭᠡ ᠴᠤᠭᠴᠠᠵᠢᠭᠤᠯᠬᠤ ᠠᠵᠤ ᠦᠢᠯᠡᠰ ᠤᠨ ᠪᠠᠶᠢᠷᠢᠯᠠᠭᠤᠯᠣᠯᠲᠠ   ᠶᠢ ᠪᠡᠶᠡᠯᠡᠭᠦᠯᠵᠦ᠂ ᠳᠡᠯᠡᠬᠡᠶ ᠶᠢᠨ ᠲᠡᠷᠢᠭᠦᠨ  ᠤ ᠠᠮᠢᠳᠠᠨ ᠤ ᠸᠢᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠪᠠᠷᠠᠭᠤᠨ ᠬᠡᠰᠡᠭ ᠤᠨ ᠭᠠᠵᠠᠷ ᠣᠷᠣᠨ ᠳᠤ ᠲᠡᠷᠢᠭᠦᠯᠡᠵᠦ ᠪᠠᠶᠢᠭ᠎ᠠ ᠭᠤᠣᠯ ᠡᠰ ︵ᠰᠲ᠋ᠧᠮ ᠡᠰ︶ ᠤᠨ ᠠᠵᠤ ᠦᠢᠯᠡᠰ ᠤᠨ ᠰᠠᠭᠤᠷᠢᠨ ᠭᠠᠵᠠᠷ ᠪᠣᠯᠤᠨ ᠬᠢᠲᠠᠳ ᠮᠣᠩᠭᠤᠯ ᠡᠮ   ᠢ ᠦᠢᠯᠡᠳᠪᠦᠷᠢᠯᠡᠬᠦ ᠰᠠᠭᠤᠷᠢᠨ ᠭᠠᠵᠠᠷ ᠶᠢ ᠪᠦᠬᠦ ᠬᠦᠴᠦᠨ ᠢᠶᠠᠷ ᠪᠠᠶᠢᠭᠤᠯᠣᠨ᠎ᠠ᠃    ᠬᠤᠶᠠᠷ ᠲᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶᠡᠵᠢᠯ ᠤᠨ ᠲᠡᠰ ᠳᠡᠪᠰᠢᠬᠦ ᠶᠢ ᠠᠬᠢᠭᠤᠯᠣᠨ᠎ᠠ᠃ ᠤᠯᠤᠰ ᠤᠨ ᠲᠠᠰ ᠤᠨ ᠭᠡᠷᠡᠯ ᠸᠣᠯᠲ ᠮᠠᠲ᠋ᠧᠷᠢᠶᠠᠯ  ︵ ᠭᠡᠷᠡᠯ ᠴᠡᠨᠡᠭᠲᠦ︶ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠳᠪᠦᠷᠢᠵᠢᠭᠦᠯᠦᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠤᠯᠠᠨ ᠲᠠᠯᠠᠰᠲᠤ᠂ ᠲᠠᠩ ᠲᠠᠯᠠᠰᠲᠤ ᠪᠣᠯᠤᠨ ᠴᠠᠬᠢᠭᠤᠷᠲᠤ ᠢᠯᠳᠠᠰᠣ ᠵᠡᠷᠭᠡ ᠳᠡᠭᠡᠳᠦ  ᠣᠷᠣᠰᠬᠠᠯ ᠤᠨ ᠠᠵᠣ ᠦᠢᠯᠡᠰ ᠤᠨ ᠲᠧᠭᠨᠢᠭ ᠮᠡᠷᠭᠡᠵᠢᠯ ᠤᠨ ᠲᠣᠨᠣᠭᠯᠠᠯ ᠢ ᠥᠭᠡᠷᠡᠴᠢᠯᠡᠨ ᠳᠡᠭᠡᠭᠰᠢᠯᠡᠭᠦᠯᠵᠦ᠂ ᠤᠯᠤᠰ ᠤᠨ ᠲᠠᠰ ᠤᠨ ᠲᠠᠯᠠᠰᠲᠤ ᠪᠡᠶᠡᠲᠦ ᠶᠢᠨ ᠤᠷᠭᠤᠯᠲᠠ ᠶᠢᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠣᠨ᠎ᠠ︔ ᠳᠡᠭᠡᠳᠦ᠂ ᠨᠠᠷᠢᠯᠢᠭ᠂  ᠣᠬᠢ ᠳᠤ ᠴᠢᠭᠯᠡᠭᠦᠯᠵᠦ᠂  ᠴᠡᠨᠡᠭ᠂ ᠲᠣᠨᠣᠭᠯᠠᠯ ᠵᠡᠷᠭᠡ ᠳᠤᠮᠳᠠ ᠤᠷᠤᠰᠬᠠᠯ ᠤᠨ ᠠᠵᠤ ᠦᠢᠯᠡᠰ ᠢ ᠦᠷᠭᠦᠯᠵᠢᠯᠡᠨ ᠰᠠᠶᠢᠲᠣᠷ ᠬᠢᠵᠦ᠂ ᠭᠡᠷᠡᠯ ᠢᠶᠠᠷ ᠴᠠᠬᠢᠯᠭᠠᠨ ᠭᠠᠷᠭᠠᠬᠤ ᠰᠢᠰᠲ᠋ᠧᠮᠵᠢ   ᠶᠢ  ᠣᠶᠣᠨᠵᠢᠭᠤᠯᠣᠨ ᠦᠢᠯᠡᠳᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠦᠩ ᠬᠤᠸᠠᠨ ᠭᠡᠷᠡᠯ ᠴᠡᠨᠡᠭ ᠤᠨ ᠳᠥᠷᠪᠡᠳᠦᠭᠡᠷ ᠬᠤᠭᠤᠴᠠᠭ᠎ᠠ᠂ ᠳᠥᠷᠪᠡᠳᠦᠭᠡᠷ ᠬᠤᠭᠤᠴᠠᠭᠠᠨ ᠤ ᠥᠷᠭᠡᠳᠬᠡᠬᠦ ᠲᠦᠷᠦᠯ ᠵᠦᠢᠯ ᠢ ᠪᠠᠶᠢᠭᠤᠯᠣᠨ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠵᠦᠩ ᠬᠤᠸᠠᠨ ᠭᠡᠷᠡᠯ ᠴᠡᠨᠡᠭ ᠤᠨ ᠰᠢᠨ᠎ᠡ ᠮᠠᠶ᠋ᠢᠭ ᠤᠨ ᠨᠡᠶᠢᠯᠡᠮᠡᠯ ᠮᠠᠲ᠋ᠧᠷᠢᠶᠠᠯ ᠢ ᠠᠵᠤ ᠦᠢᠯᠡᠰᠵᠢᠭᠦᠯᠬᠦ ᠪᠠ ᠲᠤᠮᠤ ᠳ᠋ᠢᠶᠠᠮᠧᠲᠷ ᠤᠨ ᠬᠠᠭᠠᠰ ᠳᠠᠮᠵᠢᠭᠤᠯᠤᠭᠴᠢ ᠶᠢᠨ ᠴᠠᠬᠢᠭᠤᠷ ᠤᠨ ᠲᠠᠩ ᠲᠠᠯᠠᠰᠲᠤ ᠶᠢ ᠠᠵᠤ ᠦᠢᠯᠡᠰᠵᠢᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠨ᠂ ᠵᠦᠩ ᠬᠤᠸᠠᠨ ᠭᠡᠷᠡᠯ ᠴᠡᠨᠡᠭ ᠤᠨ ᠲᠠᠪᠤᠳᠤᠭᠠᠷ ᠬᠤᠭᠤᠴᠠᠭ᠎ᠠ᠂ ᠱᠧᠨ ᠵᠸᠦ ᠴᠠᠬᠢᠭᠤᠷ ᠤᠨ ᠦᠢᠯᠡᠰ ᠤᠨ ᠲᠦᠮᠡᠨ ᠲᠣᠨ ᠤ ᠳᠡᠰ ᠤᠨ ᠤᠯᠠᠨ ᠲᠠᠯᠠᠰᠲᠤ ᠴᠠᠬᠢᠭᠤᠷ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠥᠯᠬᠢᠨ ᠠᠬᠢᠭᠤᠯᠵᠤ᠂ ᠪᠦᠷᠢᠨ ᠪᠦᠲᠦᠨ ᠭᠡᠷᠡᠯ ᠴᠡᠨᠡᠭ ᠤᠨ ᠮᠠᠲ᠋ᠧᠷᠢᠶᠠᠯ ᠢ ᠦᠢᠯᠡᠳᠪᠦᠷᠢᠯᠡᠬᠦ ᠪᠠ ᠬᠡᠷᠡᠭᠯᠡᠬᠦ ᠠᠵᠤ ᠦᠢᠯᠡᠰ ᠤᠨ  ᠬᠡᠯᠬᠢᠶᠡᠵᠢᠯ ᠢ ᠪᠠᠶᠢᠭᠤᠯᠣᠨ᠎ᠠ᠃ ᠪᠠᠯ ᠴᠢᠯᠠᠭᠤ ᠶᠢᠨ ᠠᠯᠺᠧᠨ᠂ ᠹᠦᠯᠤᠱ᠂ ᠨᠡᠭᠦᠷᠡᠰᠦᠲᠥ᠋ᠷᠥᠭᠴᠢ ᠰᠢᠷᠬᠡᠭ᠂ ᠨᠡᠭᠦᠷᠡᠰᠦᠲᠥ᠋ᠷᠥᠭᠴᠢᠲᠦ ᠴᠠᠬᠢᠭᠤᠷ ᠵᠡᠷᠭᠡ ᠰᠢᠨ᠎ᠡ ᠬᠡᠯᠪᠡᠷᠢ ᠶᠢᠨ ᠨᠡᠭᠦᠷᠡᠰᠦᠲᠥ᠋ᠷᠥᠭᠴᠢ ᠮᠠᠲ᠋ᠧᠷᠢᠶᠠᠯ ᠢᠶᠠᠷ ᠭᠤᠣᠯᠳᠠᠯᠭ᠎ᠠ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠪᠠᠯ ᠴᠢᠯᠠᠭᠤᠨ ᠪᠢᠯᠢᠭ ᠲᠦᠢᠯ ᠤᠨ ᠮᠠᠲ᠋ᠧᠷᠢᠶᠠᠯ᠂ ᠴᠢᠨ ᠳ᠋ᠠ ᠨᠡᠭᠦᠷᠡᠰᠦᠲᠥ᠋ᠷᠥᠭᠴᠢ ᠰᠢᠷᠬᠡᠭ᠂  ᠲᠠᠨ ᠭᠦ᠋ ᠰᠢᠨᠵᠢᠯᠡᠭᠡ ᠮᠡᠷᠭᠡᠵᠢᠯ ᠤᠨ ᠹᠦᠯᠤᠱ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠪᠠᠶᠢᠭᠤᠯᠵᠤ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠵᠣ᠂ ᠪᠠᠯ ᠴᠢᠯᠠᠭᠤᠨ ᠠᠯᠺᠧᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠬᠡᠷᠡᠭᠯᠡᠭᠡᠨ ᠳᠤ ᠣᠷᠣᠭᠤᠯᠬᠤ ᠵᠡᠷᠭᠡ ᠪᠦᠬᠦ ᠠᠵᠤ ᠦᠢᠯᠡᠰ ᠤᠨ  ᠬᠡᠯᠬᠢᠶᠡᠵᠢᠯ ᠤᠨ ᠲᠦᠷᠦᠯ ᠵᠦᠢᠯ ᠢ ᠢᠳᠡᠪᠬᠢᠲᠡᠶ ᠲᠠᠲᠠᠨ ᠣᠷᠣᠭᠤᠯᠵᠣ᠂ ᠤᠯᠠᠨ ᠡᠰᠢᠵᠢᠭᠰᠡᠨ  ᠠᠵᠣ ᠦᠢᠯᠡᠰ ᠤᠨ ᠬᠦᠭᠵᠢᠯᠲᠡ ᠶᠢᠨ ᠪᠠᠶᠢᠷᠢᠯᠠᠭᠤᠯᠣᠯᠲᠠ  ᠶᠢ ᠪᠤᠢ ᠪᠣᠯᠭᠠᠨ᠎ᠠ᠃      ᠭᠤᠷᠪᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠳᠠᠬᠢ ᠪᠦᠬᠦ ᠠᠵᠤ ᠦᠢᠯᠡᠰ ᠤᠨ ᠬᠡᠯᠬᠢᠶᠡᠵᠢᠯ ᠤᠨ ᠲᠡᠰ ᠳᠡᠪᠰᠢᠬᠦ ᠶᠢ ᠲᠦᠯᠬᠢᠨ ᠠᠬᠢᠭᠤᠯᠣᠨ᠎ᠠ᠃  ᠬᠤᠯᠪᠣᠭᠳᠠᠯ ᠪᠦᠬᠦᠢ ᠬᠦᠷᠢᠶᠡᠨ ᠤ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢ ᠲᠣᠭᠲᠠᠭᠠᠵᠤ ᠬᠡᠷᠡᠭᠵᠢᠭᠦᠯᠬᠦ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠸᠧ ᠲᠧ ᠮᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠡᠨᠡᠭ ᠦᠢᠯᠡᠳᠬᠦ ᠵᠢᠴᠢ ᠪᠦᠬᠦᠯᠢ ᠲᠡᠷᠭᠡ ᠤᠭᠰᠠᠷᠠᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠰᠢᠨ᠎ᠡ ᠲᠦᠷᠦᠯ ᠵᠦᠢᠯ ᠢ ᠢᠳᠡᠪᠬᠢᠲᠡᠶ ᠣᠷᠣᠭᠤᠯᠣᠨ᠂ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠬᠤᠯᠪᠣᠭᠳᠠᠯᠳᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ ᠳᠡᠭᠡᠷ᠎ᠡ ᠳᠡᠯᠭᠡᠷᠡᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠢ ᠰᠠᠭᠤᠷᠢᠰᠢᠭᠤᠯᠬᠤ ᠵᠡᠷᠭᠡ ᠲᠠᠯ᠎ᠠ ᠪᠠᠷ ᠴᠣᠯ ᠴᠠᠬᠢᠯᠭᠠᠨ ᠬᠥᠳᠡᠯᠭᠡᠭᠦᠷᠲᠦ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠶᠢᠨ ᠪᠦᠬᠦᠯᠢ ᠲᠡᠷᠭᠡ ᠦᠢᠯᠡᠳᠬᠦ   ᠪᠠᠷ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠪᠣᠯᠭᠠᠭᠰᠠᠨ ᠤᠶᠤᠨᠲᠤ ᠲᠡᠭᠦᠰᠬᠡᠯ ᠲᠦᠬᠦᠭᠡᠷᠦᠮᠵᠢ ᠶᠢ ᠦᠢᠯᠡᠳᠬᠦ ᠪᠠ ᠮᠠᠰᠢᠨ ᠲᠡᠷᠭᠡᠨ ᠤ ᠴᠠᠬᠢᠯᠭᠠᠨ ᠭᠠᠷᠭᠠᠬᠤ ᠰᠢᠰᠲ᠋ᠧᠮᠵᠢ  ᠂ ᠬᠥᠳᠡᠯᠭᠡᠬᠦ ᠪᠠ ᠡᠵᠡᠮᠰᠢᠬᠦ᠂ ᠴᠠᠬᠢᠯᠭᠠᠨ ᠮᠠᠰᠢᠨ ᠪᠠ ᠡᠵᠡᠮᠰᠢᠯ ᠤᠨ ᠰᠢᠰᠲ᠋ᠧᠮᠵᠢ  ᠂ ᠬᠥᠳᠡᠯᠭᠡᠭᠴᠢ ᠬᠦᠴᠦᠨ ᠤ ᠶᠡᠷᠦᠩᠬᠡᠶ ᠪᠦᠲᠦᠴᠡ᠂ ᠪᠥᠬᠦ ᠲᠡᠷᠭᠡᠨ ᠤ ᠡᠵᠡᠮᠰᠢᠬᠦ ᠰᠢᠰᠲ᠋ᠧᠮᠵᠢ  ᠵᠡᠷᠭᠡ ᠭᠤᠣᠯ ᠲᠤᠨᠤᠭ ᠰᠡᠯᠪᠢᠭᠡᠰᠦ ᠭᠤᠣᠯᠯᠠᠭᠴᠢ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷ᠎ᠠ ᠶᠢ ᠭᠤᠣᠯᠳᠠᠯᠭ᠎ᠠ ᠲᠠᠢ ᠳᠡᠮᠵᠢᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠡᠷᠭᠢᠯᠳᠦᠨ ᠡᠵᠡᠩᠨᠡᠬᠦ ᠵᠠᠭᠪᠤᠷ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠰᠠᠭᠤᠷᠢ ᠢᠵᠢ ᠪᠦᠷᠢᠳᠦᠭᠦᠯᠬᠦ ᠪᠠᠲᠣᠯᠠᠭ᠎ᠠ ᠶᠢᠨ ᠬᠠᠩᠭᠠᠯᠭ᠎ᠠ ᠶᠢ ᠥᠷᠭᠦᠯᠵᠢᠯᠡᠨ ᠨᠡᠮᠡᠭᠳᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ 7 ᠲᠦᠷᠦᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠪᠦᠬᠦᠯᠢ ᠲᠡᠷᠭᠡᠨ ᠤ ᠣᠭᠰᠠᠷᠠᠨ ᠦᠢᠯᠡᠳᠪᠦᠷᠢᠯᠡᠬᠦ ᠶᠢ ᠲᠠᠲᠠᠨ ᠣᠷᠣᠭᠤᠯᠵᠣ᠂ ᠬᠤᠸᠠ ᠶᠢᠥ ᠺᠣᠪᠠᠯᠲ ᠶᠢᠨ ᠦᠢᠯᠡᠰ  ᠤᠨ ᠭᠤᠷᠪᠠᠨ ᠡᠰᠢᠲᠦ ᠠᠷᠭ᠎ᠠ ᠲᠦᠢᠯ ᠤᠨ ᠮᠠᠲ᠋ᠧᠷᠢᠶᠠᠯ᠂ ᠬᠤᠸᠠ  ᠴᠣᠸᠠᠩ ᠤᠨ ᠰᠢᠨ᠎ᠡ ᠮᠠᠲ᠋ᠧᠷᠢᠶᠠᠯ ᠵᠡᠰ ᠤᠨ ᠢᠯᠲᠠᠰᠣ᠂ ᠢ ᠸᠧᠢ ᠯᠢᠲ᠋ᠢ ᠴᠠᠬᠢᠯᠭᠠᠨ ᠴᠡᠨᠡᠭ ᠵᠡᠷᠭᠡ ᠲᠦᠷᠦᠯ ᠵᠦᠢᠯ ᠢ ᠲᠠᠲᠠᠨ ᠣᠷᠣᠭᠤᠯᠵᠣ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠨᠡᠮᠡᠭᠳᠡᠭᠦᠯᠵᠦ᠂ ᠥᠷᠢᠰᠥᠯᠳᠦᠭᠡᠨ ᠤ ᠳᠠᠪᠠᠭᠤᠯᠢᠭ ᠢᠯᠡᠷᠬᠡᠶ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠪᠠ ᠬᠡᠷᠡᠭᠯᠡᠭᠡᠨ ᠤ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠪᠠᠷᠠᠭᠤᠨ ᠬᠤᠶᠢᠲᠤ ᠣᠷᠣᠨ ᠤ ᠴᠢᠬᠤᠯᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃    ᠳᠥᠷᠪᠡ ᠳᠤ᠂ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠠᠮᠵᠢᠯᠴᠠᠭᠠᠨ ᠤ ᠲᠡᠰ ᠳᠡᠪᠰᠢᠬᠦ ᠶᠢ ᠠᠬᠢᠭᠤᠯᠤᠨ᠎ᠠ᠃ ︽ᠳᠤᠮᠳᠠᠳᠤ ᠤᠯᠤᠰ ᠤᠨ ᠶᠦᠨ ᠬᠥ᠋︾   ᠶᠢᠨ ᠪᠦᠲᠦᠭᠡᠨ ᠪᠠᠶᠢᠭᠤᠯᠤᠯᠲᠠ ᠶᠢᠨ ᠲᠣᠬᠢᠶᠠᠯ ᠪᠠ ᠤᠳᠤ ᠪᠠᠶᠢᠭ᠎ᠠ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠰᠠᠷᠠᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠳᠤ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠣ᠂  ᠴᠣᠸᠠᠩ ᠸᠧᠢ ᠪᠦᠯᠦᠭᠯᠡᠯ ᠢ ᠨᠡᠭᠦᠯᠭᠡᠬᠦ ᠲᠦᠷᠦᠯ ᠵᠦᠢᠯ   ᠤᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠵᠤ᠂ ᠰᠢᠩᠭᠡᠨ ᠲᠠᠯᠠᠰᠲᠤ ᠮᠣᠨᠢᠲ᠋ᠣᠷ ᠤᠨ ᠰᠡᠯᠪᠢᠭ ᠲᠣᠨᠤᠭ᠂ ᠦᠢᠯᠡᠴᠢᠯᠡᠭᠡᠨ ᠤ ᠮᠠᠰᠢᠨ ᠦᠢᠯᠡᠳᠬᠦ ᠵᠡᠷᠭᠡ ᠮᠡᠳᠡᠭᠡ ᠵᠠᠩᠭᠢ  ᠪᠣᠢ ᠪᠣᠯᠭᠠᠬᠤ᠂ ᠢᠵᠢ ᠪᠦᠷᠢᠳᠦᠭᠦᠯᠬᠦ ᠠᠵᠤ ᠦᠢᠯᠡᠰ ᠢ ᠬᠠᠮᠲᠣ ᠲᠤᠨᠢ ᠣᠷᠣᠭᠤᠯᠵᠣ᠂ ᠠᠵᠤ ᠦᠢᠯᠡᠰ ᠤᠨ ᠬᠡᠯᠬᠢᠶᠡᠨ ᠤ ᠬᠠᠮᠵᠢᠯᠴᠠᠨ ᠬᠥᠭᠵᠢᠭᠦᠯᠬᠦ᠂ ᠴᠣᠭᠯᠠᠷᠠᠨ ᠬᠦᠭᠵᠢᠭᠦᠯᠬᠦ ᠶᠢ ᠲᠦᠷᠭᠡᠳᠬᠡᠨ ᠠᠬᠢᠭᠤᠯᠣᠨ᠎ᠠ︔  ᠬᠡᠷᠡᠭᠯᠡᠭᠡᠨ ᠤ ᠡᠯᠧᠺᠲᠷᠣᠨ᠂ ᠦᠢᠯᠡᠴᠢᠯᠡᠭᠡᠨ ᠤ ᠮᠠᠰᠢᠨ ᠦᠢᠯᠡᠳᠬᠦ᠂ ᠤᠶᠤᠯᠢᠭ ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠮᠠᠶ᠋ᠢᠭ ᠤᠨ ᠮᠣᠨᠢᠲ᠋ᠣᠷ ᠵᠡᠷᠭᠡ ᠠᠵᠤ ᠠᠬᠤᠶᠢᠯᠠᠯ ᠪᠠ ᠲᠥᠷᠥᠯ ᠵᠦᠢᠯ  ᠢ ᠢᠳᠡᠪᠬᠢᠲᠡᠢ ᠲᠠᠲᠠᠨ ᠣᠷᠣᠭᠤᠯᠵᠣ᠂ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂  ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠰᠤᠳᠤᠯᠤᠨ ᠨᠡᠭᠡᠭᠡᠬᠦ ᠲᠥᠪ᠂ ᠡᠵᠡᠩᠨᠡᠨ ᠪᠣᠷᠣᠯᠠᠭᠤᠯᠬᠤ ᠲᠥᠪ᠂ ᠦᠢᠯᠡᠴᠢᠯᠡᠭᠡᠨ ᠤ ᠲᠥᠪ ᠢ ᠮᠠᠨ ᠤ ᠬᠤᠲᠠ ᠳᠤ ᠰᠢᠯᠵᠢᠭᠦᠯᠦᠨ ᠠᠪᠴᠢᠷᠠᠬᠤ ᠶᠢ ᠵᠣᠷᠢᠭᠵᠢᠭᠤᠯᠣᠨ᠂ ᠪᠠᠷᠠᠭᠤᠨ ᠬᠤᠶᠢᠲᠤ ᠣᠷᠣᠨ ᠢ ᠪᠦᠷᠬᠦᠭᠰᠡᠨ ᠡᠯᠧᠺᠲᠷᠣᠨ ᠮᠡᠳᠡᠭᠡ ᠵᠠᠩᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠣᠨ᠎ᠠ᠃     ᠲᠠᠪᠤ ᠳᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠤᠷᠴᠢᠯᠵᠢᠭᠤᠯᠬᠤ ᠤᠨ ᠲᠡᠰ ᠳᠡᠪᠰᠢᠬᠦ ᠶᠢ ᠠᠬᠢᠭᠤᠯᠤᠨ᠎ᠠ  ᠃ ᠠᠵᠤ ᠦᠢᠯᠡᠳᠪᠦᠷᠢ ᠶᠢᠨ ᠣᠷᠴᠢᠯ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠦᠩ ᠵᠢᠶᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ᠂  ‍ᠿ ᠱᠧᠩ ᠬᠢᠮᠢ ᠶᠢᠨ ᠠᠵᠤ ᠦᠢᠯᠡᠳᠪᠦᠷᠢ ᠶᠢᠨ ᠶᠡᠭᠡ ᠨᠡᠭᠦᠷᠡᠰᠦᠨ ᠴᠢᠯᠠᠭᠤ ᠮᠤᠯᠤᠺᠥ᠋ᠢᠯ ᠰᠢᠭᠰᠢᠭᠦᠷ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ  ᠢ ᠬᠡᠷᠡᠭᠵᠢᠭᠦᠯᠦᠨ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ   ᠶᠢ 68 %   ᠠᠴᠠ ᠳᠡᠭᠡᠭᠰᠢ ᠪᠣᠯᠭᠠᠬᠤ ᠪᠠᠷ ᠬᠦᠴᠦᠯᠡᠨ ᠴᠢᠷᠮᠠᠶᠢᠨ᠎ᠠ  ᠃       ﹇ᠬᠦᠲᠦᠯᠦᠭᠴᠢ﹈  ᠠᠵᠣ ᠦᠢᠯᠡᠳᠪᠦᠷᠢ ᠶᠢᠨ ᠠᠵᠣ ᠠᠬᠤᠢ ᠶᠢᠨ ᠦᠨᠳᠦᠷ ᠴᠢᠨᠰᠠᠭᠠᠲᠣ ᠬᠦᠭᠵᠢᠯᠲᠡ ᠶᠢᠨ ᠲᠠᠯ᠎ᠠ ᠪᠠᠷ ᠮᠠᠨ ᠤ ᠬᠤᠲᠠ ᠪᠠᠰᠠ ᠶᠠᠮᠠᠷ ᠭᠤᠣᠯᠳᠠᠯᠭ᠎ᠠ ᠲᠠᠢ ᠡᠭᠦᠷᠭᠡ ᠪᠠᠶᠢᠬᠤ ᠪᠣᠢ︖     ﹇ᠵᠣᠴᠢᠨ﹈ ᠠᠵᠤ ᠦᠢᠯᠡᠳᠪᠦᠷᠢ ᠶᠢᠨ ᠠᠵᠤ ᠠᠬᠤᠶ ᠶᠢᠨ ᠦᠨᠳᠦᠷ ᠴᠢᠨᠰᠠᠭᠠᠲᠣ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠮᠠᠨ ᠤ ᠵᠥᠪᠯᠡᠯ ᠨᠡᠶᠢᠲᠡ 8 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ ︽ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠤᠯᠠᠮ ᠨᠢᠭᠡ ᠠᠯᠬᠤᠮ ᠲᠦᠷᠭᠡᠳᠬᠡᠨ  ᠂ ᠤᠯᠠᠮᠵᠢᠯᠠᠯᠲᠤ ᠠᠵᠤ ᠦᠢᠯᠡᠰ ᠤᠨ ᠳᠤᠮᠳᠠ ᠳᠡᠭᠡᠳᠦ ᠳᠡᠰ ᠲᠡᠰᠢ ᠳᠡᠪᠰᠢᠨ ᠣᠷᠣᠬᠤ ᠶᠢ ᠠᠬᠢᠭᠤᠯᠬᠤ ᠬᠡᠷᠡᠭᠲᠡᠶ︾ ᠪᠠ ︽ᠰᠢᠨ᠎ᠡ ᠬᠥᠳᠡᠯᠭᠡᠭᠦᠷ ᠢ ᠤᠯᠠᠮ ᠨᠢᠭᠡ ᠠᠯᠬᠤᠮ ᠪᠤᠶᠢᠵᠢᠭᠤᠯᠤᠨ ᠬᠥᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠬᠦᠷᠢᠶ᠎ᠡ ᠲᠡᠰᠢ ᠬᠦᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ︾  ᠭᠡᠬᠦ ᠬᠤᠶᠠᠷ ᠠᠭᠤᠯᠭ᠎ᠠ ᠶᠢ ᠭᠠᠷᠭᠠᠪᠠᠯ ᠪᠠᠰᠠ ᠵᠢᠷᠭᠤᠭᠠᠨ ᠲᠠᠯ᠎ᠠ ᠪᠠᠶᠢᠨ᠎ᠠ᠃ ᠡᠭᠦᠨ ᠳᠤ ︽ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠤᠨ ᠪᠦᠯᠦᠭᠴᠢᠯᠡᠬᠦ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ︾᠂ ︽ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠵᠤ ᠠᠬᠤᠶᠢᠯᠠᠯ ᠢ ᠬᠠᠪᠰᠣᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠭᠤᠨ ᠳ᠋ᠦᠩᠰᠢᠭᠤᠷ ᠤᠨ ᠲᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠪᠠ ᠵᠠᠭᠤᠨ ᠬᠦᠴᠦᠷᠬᠡᠭ ᠳᠤᠮᠳᠠ ᠪᠠᠭ᠎ᠠ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠬᠤ ᠬᠡᠷᠡᠭᠲᠡᠶ︾᠂ ︽ᠠᠷᠠᠯᠵᠢᠶᠠᠴᠢᠨ ᠤᠷᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠦᠢᠯᠡᠳᠬᠦ ᠦᠢᠯᠡᠰ ᠤᠨ ᠦᠷᠭᠦᠯᠵᠢᠯᠡᠨ ᠬᠦᠭᠵᠢᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ︾᠂ ︽ᠰᠢᠨᠵᠢᠯᠡᠭᠡ ᠮᠡᠷᠭᠡᠵᠢᠯ ᠤᠨ  ᠰᠢᠨ᠎ᠡ ᠶᠢ ᠡᠭᠦᠳᠬᠦ ᠪᠠ ᠨᠡᠷᠡᠳᠦ ᠲᠡᠮᠳᠡᠭᠲᠦ ᠶᠢᠨ ᠰᠢᠨ᠎ᠡ ᠶᠢ ᠡᠭᠦᠳᠬᠦ ᠶᠢ ᠣᠯᠠᠮ ᠨᠢᠭᠡ ᠠᠯᠬᠤᠮ ᠴᠢᠩᠭᠠᠳᠬᠠᠵᠤ᠂ ᠤᠶᠤᠨᠲᠤ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ᠂ ᠳᠡᠭᠡᠳᠦ ᠲᠡᠰ ᠤᠨ ᠬᠡᠯᠪᠡᠷᠢ ᠶᠢᠨ ᠠᠵᠤ ᠦᠢᠯᠡᠳᠪᠦᠷᠢ ᠶᠢ ᠬᠦᠭᠵᠢᠭᠦᠯᠬᠦ ᠬᠡᠷᠡᠭᠲᠡᠶ︾᠂ ︽ᠪᠣᠬᠢᠷᠲᠤᠯ ᠥᠬᠡᠶ ᠪᠠᠷ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠨ᠂ ᠡᠬᠢ ᠪᠠᠶᠠᠯᠢᠭ ᠢ ᠠᠷᠪᠢᠯᠠᠬᠤ ᠬᠡᠯᠪᠡᠷᠢ᠂ ᠣᠷᠴᠢᠨ ᠠᠬᠤᠶ ᠨᠥᠬᠦᠷᠰᠡᠭ ᠬᠡᠯᠪᠡᠷᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ︾᠂ ︽ᠠᠶᠣᠯᠭᠦᠢ ᠦᠢᠯᠡᠳᠪᠦᠷᠢᠯᠡᠯ ᠤᠨ ᠵᠠᠷᠴᠢᠮ ᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ  ᠠᠶᠣᠯᠭᠦᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ︾ ᠵᠡᠷᠭᠡ ᠪᠠᠭᠲᠠᠨ᠎ᠠ᠃ ᠡᠨᠡ ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ  ᠪᠠᠷ ᠳᠠᠮᠵᠢᠵᠣ᠂  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ  ᠵᠦᠪᠯᠡᠬᠦ ᠳᠤ ᠣᠷᠣᠯᠴᠠᠬᠤ ᠳᠤ ᠳᠣᠷᠠᠳᠣᠭᠰᠠᠨ ︽ᠠᠵᠤ ᠠᠬᠤᠶ ᠶᠢᠨ ᠴᠢᠨᠠᠷ ᠰᠠᠶᠢᠲᠠᠶ  ᠬᠥᠭᠵᠢᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂  ᠣᠷᠣᠨ ᠤ ᠲᠥᠪ ᠤᠨ ᠣᠨᠴᠠᠯᠢᠭ ᠪᠦᠬᠦᠢ   ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮᠵᠢ   ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠣᠨ᠎ᠠ᠃      ﹇ᠬᠠᠮᠢᠷᠠᠷᠣᠭᠴᠢ﹈  ᠬᠦᠬᠡᠬᠤᠲᠠ ᠶᠢᠨ ᠠᠵᠣ ᠠᠬᠤᠢ ᠮᠡᠳᠡᠭᠡ ᠵᠠᠩᠭᠢᠴᠢᠯᠠᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠭᠦᠸᠧ ᠶᠥᠩ ᠽᠠᠢ ᠨᠦᠬᠦᠷ ᠪᠠ ᠠᠵᠣ ᠠᠬᠤᠢ ᠶᠢᠨ ᠡᠷᠭᠢᠯᠲᠡ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ ᠵᠠᠩ ᠫᠧᠩ ᠨᠦᠬᠦᠷ ᠲᠤ ᠲᠠᠯᠠᠷᠬᠠᠵᠣ ᠪᠠᠶᠢᠨ᠎ᠠ᠃ ᠰᠦᠯᠵᠢᠶᠡᠨ ᠠᠨᠳᠠ ᠨᠠᠷ ᠤᠨ ᠠᠩᠬᠠᠷᠣᠯ ᠲᠠᠯᠪᠢᠵᠤ ᠣᠷᠣᠯᠴᠠᠭᠰᠠᠨ ᠳᠤ ᠮᠠᠰᠢ ᠪᠠᠶᠠᠷᠯᠠᠵᠣ ᠪᠠᠶᠢᠨ᠎ᠠ᠂ ᠲᠣᠰ ᠬᠤᠭᠤᠴᠠᠭᠠᠨ ᠤ ᠰᠣᠷᠪᠣᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠲᠠ ᠣᠯᠠᠨ ᠳᠤ ᠪᠠᠨ ᠳᠠᠬᠢᠨᠲᠠ ᠲᠠᠯᠠᠷᠬᠠᠯ ᠳᠡᠪᠰᠢᠭᠦᠯᠦᠶ᠎ᠡ᠃
ᠢᠷᠡᠯᠲᠡ᠄ ᠬᠥᠬᠡᠬᠤᠲᠠ  ᠶᠢᠨ ᠠᠷᠠᠳ  ᠤᠨ ᠵᠠᠰᠠᠭ  ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ