ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ ᠨᠠᠷ ᠴᠢᠩ ᠱᠦᠢ ᠾᠧ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-04-26
      3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠰᠢᠤᠢ ᠬᠠᠶ ᠫᠢᠩ ᠨᠠᠷ ᠴᠢᠩ ᠱᠦᠢ ᠾᠧ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠼᠠᠢ ᠢᠦᠢ ᠳ᠋ᠦᠩ᠂ ᠰᠢᠶᠠᠨ ᠤ ᠳᠡᠳ᠋ ᠳᠠᠷᠤᠭ᠎ᠠ ᠱᠢ ᠶᠦᠩ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠴᠣᠣ ᠫᠠᠢ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠧᠩ ᠯᠢ ᠡᠬᠢ ᠪᠠᠶᠠᠯᠢᠭ ᠤᠨ ᠪᠦᠯᠦᠭᠯᠡᠯ ᠤᠨ ᠬᠤᠩ ᠴᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠴᠢᠩ ᠱᠦᠢ ᠾᠧ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠵᠢᠴᠢ ᠯᠣᠣ ᠨᠢᠦ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠲᠤ ᠬᠦᠷᠦᠨ ᠲᠤᠬᠠᠶ ᠶᠢᠨ ᠭᠠᠵᠠᠷ ᠲᠤ  ᠨᠢ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠦᠷᠢᠶᠡᠯᠡᠩ ᠲᠣᠭᠤᠷᠢᠭ ᠤᠨ ᠪᠡᠯᠡ ᠣᠷᠣᠭᠤᠯᠤᠭᠰᠠᠨ ᠪᠠᠶᠢᠳᠠᠯ᠂ ᠠᠵᠤ ᠦᠢᠯᠡᠰ ᠤᠨ ᠪᠠᠶᠢᠷᠢᠰᠢᠯ ᠤᠨ ᠲᠥᠯᠥᠪᠵᠢᠭᠦᠯᠭᠡ ᠶᠢ ᠲᠠᠨᠢᠯᠴᠠᠭᠤᠯᠵᠤ᠂ ᠰᠢᠤᠢ ᠬᠠᠶ ᠫᠢᠩ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ᠂ ᠮᠡᠷᠭᠡᠵᠢᠯ  ᠰᠤᠳᠤᠯᠤᠨ ᠨᠡᠬᠡᠬᠡᠯᠲᠡ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠭᠠᠭᠰᠠᠨ ᠤ ᠳᠠᠷᠠᠭ᠎ᠠ᠂ ᠠᠵᠤ ᠠᠬᠤᠶᠢᠯᠠᠯ ᠤᠳ ᠣᠷᠣᠨ ᠨᠤᠲᠤᠭ ᠤᠨ ᠡᠬᠢ ᠪᠠᠶᠠᠯᠢᠭ ᠤᠨ ᠳᠠᠪᠠᠭᠤᠯᠢᠭ ᠢ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠦᠢᠯᠡᠳᠬᠦᠨ ᠤ ᠵᠠᠬ᠎ᠠ ᠳᠡᠯᠭᠡᠭᠦᠷ ᠢ ᠢᠳᠡᠪᠬᠢᠲᠡᠶ ᠥᠷᠭᠡᠳᠬᠡᠵᠦ᠂ ᠣᠷᠣᠨ ᠨᠤᠲᠤᠭ ᠤᠨ ᠠᠵᠤ ᠠᠬᠤᠶ ᠶᠢᠨ ᠨᠡᠩ ᠴᠢᠨᠠᠭᠰᠢᠳᠠ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠣᠷᠢᠭᠵᠢᠭᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号