ᠴᠢᠩ ᠱᠦᠢ ᠾᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-04-26
      3 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠶᠢᠰᠦᠳᠦᠭᠡᠷ ᠬᠤᠭᠤᠴᠠᠭᠠᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ᠃      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠯᠠᠨ ᠹᠧᠩ ᠬᠤᠷᠠᠯ ᠢ ᠡᠷᠭᠢᠯᠡᠪᠡ᠃      ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠡᠰᠢᠭᠦᠳ ᠬᠤᠷᠠᠯ ᠳᠤ ᠣᠷᠣᠯᠴᠠᠵᠤ᠂ ᠰᠠᠨᠠᠯ ᠵᠥᠪᠯᠡᠯᠭᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ᠂ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ ᠵᠠᠩ ᠵᠢᠶᠦ᠋ᠨ ᠠᠴᠠ ᠲᠡᠷᠢᠭᠦᠯᠡᠭᠴᠢ ᠰᠢ ᠶᠢᠨ ᠫᠢᠩ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨᠠᠬᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠠᠩᠬᠠᠳᠤᠭᠠᠷ ᠤᠳᠠᠭᠠᠨ ᠤ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠶᠠᠷᠢᠭᠰᠠᠨ ᠦᠭᠡ ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠨ ᠬᠤᠭᠤᠴᠠᠭᠠᠨ ᠤ ᠭᠤᠷᠪᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠪᠠ︔ ᠰᠣᠶᠣᠯ ᠲᠡᠦᠬᠡ ᠶᠢᠨ ᠵᠥᠪᠯᠡᠯ ᠤᠨ ᠡᠷᠬᠢᠯᠡᠭᠴᠢ ᠵᠠᠩ ᠴᠢᠤᠸᠠᠨ ᠽᠠᠢ ᠠᠴᠠ ᠸᠠᠩ ᠶᠠᠩ ᠨᠥᠬᠦᠷ ᠤᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠭᠦᠰᠬᠦ ᠬᠤᠷᠠᠯ ᠳᠡᠭᠡᠷ᠎ᠡ ᠬᠡᠯᠡᠭᠰᠡᠨ ᠦᠭᠡ ᠶᠢ ᠵᠠᠷᠯᠠᠨ ᠤᠩᠰᠢᠪᠠ︔ ᠠᠯᠪᠠᠨ ᠭᠡᠷ ᠤᠨ ᠠᠵᠢᠯᠲᠠᠨ ᠠᠴᠠ ᠤᠯᠤᠰ ᠲᠦᠷᠦ ᠶᠢᠨ ᠵᠥᠪᠯᠡᠯᠭᠡᠨ ᠤ ᠴᠢᠩ ᠱᠦᠢ ᠾᠧ ᠰᠢᠶᠠᠨ ᠤ ᠬᠤᠷᠢᠶ᠎ᠠ ᠶᠢᠨ 2018 ᠣᠨ ᠤ ᠠᠵᠢᠯ ᠤᠨ ᠭᠤᠣᠯ ᠠᠭᠤᠯᠭ᠎ᠠ ᠶᠢ ᠵᠠᠷᠯᠠᠨ ᠤᠩᠰᠢᠪᠠ᠃ ᠪᠦᠬᠦ ᠪᠠᠶᠢᠩᠭᠤ ᠶᠢᠨ ᠭᠡᠰᠢᠭᠦᠨ ᠭᠠᠷ ᠡᠷᠭᠦᠨ ᠪᠠᠲᠤᠯᠠᠬᠤ ᠬᠡᠯᠪᠡᠷᠢ ᠪᠠᠷ ᠤᠯᠤᠰ ᠲᠥᠷᠥ ᠶᠢᠨ ᠵᠥᠪᠯᠡᠯᠭᠡᠨ ᠤ ᠴᠢᠩ ᠱᠦᠢ ᠾᠧ ᠰᠢᠶᠠᠨ ᠤ ᠬᠤᠷᠢᠶ᠎ᠠ ᠶᠢᠨ 2018 ᠣᠨ ᠤ ᠠᠵᠢᠯ ᠤᠨ ᠭᠤᠣᠯ ᠠᠭᠤᠯᠭ᠎ᠠ ᠶᠢ ᠪᠠᠲᠤᠯᠠᠪᠠ᠃
 
ᠢᠷᠡᠯᠲᠡ᠄ ᠴᠢᠩ ᠱᠦᠢ ᠾᠧ ᠰᠢᠶᠠᠨ ‍ᠤ‌ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号