ᠴᠧᠨ ᠯᠢ ᠶᠢᠨ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠵᠢᠴᠢ ᠲᠦᠷᠦᠯ ᠵᠦᠢᠯ ᠢ ᠵᠣᠬᠢᠴᠠᠭᠤᠯᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2018-04-26
     2 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 401ᠬᠤᠷᠠᠯ ᠤᠨ ᠭᠡᠷ ᠲᠤ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠵᠢᠴᠢ ᠲᠦᠷᠦᠯ ᠵᠦᠢᠯ ᠢ ᠵᠣᠬᠢᠴᠠᠭᠤᠯᠬᠤ ᠬᠤᠷᠠᠯ ᠶᠢ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ  ᠰᠣᠳᠣᠯᠣᠨ ᠰᠢᠢᠳᠪᠦᠷᠢᠯᠡᠵᠦ᠂ ᠲᠡᠷᠡᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠣᠯᠲᠠ ᠪᠠᠶᠢᠷᠢᠯᠠᠭᠤᠯᠣᠯᠲᠠ ᠬᠢᠪᠡ᠃ ᠰᠢᠶᠠᠨ ᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠫᠦ᠋ ᠰᠢ ᠸᠠᠨ᠂ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠭᠢᠯᠡᠭᠴᠢ ᠭᠦᠸᠧ ᠸᠧᠨ ᠵᠢᠶᠦ᠋ᠨ᠂ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ᠂ ᠬᠦᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠣᠯᠣᠰ ᠤᠨ ᠭᠠᠵᠠᠷ ᠰᠢᠷᠣᠢ ᠡᠬᠢ ᠪᠠᠶᠠᠯᠢᠭ᠂ ᠲᠠᠷᠢᠶᠠᠯᠠᠩ ᠮᠠᠯ ᠠᠵᠣ ᠠᠬᠤᠢ᠂  ᠣᠢ ᠰᠢᠭᠤᠢ᠂ ᠤᠰᠤᠨ ᠤ ᠶᠠᠪᠤᠳᠠᠯ᠂ ᠠᠵᠤ ᠠᠬᠤᠶ ᠮᠡᠳᠡᠭᠡ ᠵᠠᠩᠭᠢᠴᠢᠯᠠᠯᠲᠠ᠂ ᠣᠷᠴᠢᠨ ᠬᠠᠮᠠᠭᠠᠯᠠᠯᠲᠠ᠂ ᠴᠠᠬᠢᠯᠭᠠᠨ ᠬᠠᠩᠭᠠᠯᠭ᠎ᠠ ᠵᠡᠷᠭᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠣᠯᠣᠨ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ᠱᠧᠩ ᠯᠧ ᠪᠠᠯᠭᠠᠰᠣ ᠶᠢᠨ ᠬᠠᠷᠢᠭᠤᠴᠠᠯᠭᠠᠲᠠᠨ ᠤ ᠰᠢᠨ᠎ᠡ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠠᠬᠢᠴᠠ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠱᠧᠩ ᠯᠧ ᠤᠳᠤ ᠦᠶ ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠯ ᠤᠨ ᠲᠣᠭᠤᠷᠢᠭ ᠤᠨ ᠬᠠᠷᠢᠭᠤᠴᠠᠯᠭᠠᠲᠠᠨ ᠤ 2018 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃      ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠴᠧᠨ ᠯᠢ ᠶᠢᠨ ᠮᠡᠳᠡᠭᠦᠯᠦᠯᠲᠡ ᠳᠤᠮᠳᠠ ᠳᠤᠷᠠᠳᠤᠭᠰᠠᠨ ᠠᠰᠠᠭᠤᠳᠠᠯ ᠢ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ᠂ ᠰᠢᠶᠠᠩ ᠪᠠᠯᠭᠠᠰᠤᠨ ᠤ ᠬᠢᠨ ᠲᠠᠢ ᠰᠤᠳᠤᠯᠤᠨ ᠶᠠᠷᠢᠯᠴᠠᠵᠤ᠂ ᠡᠭᠦᠨ ᠤ ᠬᠠᠮᠲᠤ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠨᠢᠭᠡᠴᠡ ᠶᠢᠨ ᠬᠠᠷᠢᠭᠤᠴᠠᠯᠭᠠᠲᠠᠨ ᠲᠠᠢ ᠪᠣᠳᠠᠲᠠᠶ ᠲᠦᠷᠦᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ ᠢ ᠶᠠᠷᠢᠯᠴᠠᠪᠠ᠃      ᠴᠧᠨ ᠯᠢ ᠶᠢᠨ ᠱᠠᠭᠠᠷᠳᠠᠭᠰᠠᠨ ᠨᠢ᠂ ᠡᠯ᠎ᠡ ᠡᠭᠦᠷᠭᠡ ᠴᠢᠳᠠᠪᠬᠢᠲᠣ ᠰᠠᠯᠠᠭ᠎ᠠ ᠮᠥᠴᠢᠷ ᠵᠢᠴᠢ ᠰᠢᠶᠠᠩ ᠪᠠᠯᠭᠠᠰᠣ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠠᠵᠢᠯ ᠪᠣᠯᠣᠨ ᠭᠤᠣᠯᠳᠠᠯᠭ᠎ᠠ ᠲᠠᠢ ᠲᠥᠷᠥᠯ ᠵᠦᠢᠯ ᠤᠨ ᠦᠢᠯᠡᠴᠢᠯᠡᠭᠡᠨ ᠤ ᠪᠠᠲᠣᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠣ᠂ ᠨᠠᠷᠢᠨ ᠬᠢᠨᠠᠮᠠᠭᠠᠶ ᠵᠠᠳᠠᠯᠤᠨ ᠰᠢᠨᠵᠢᠯᠡᠵᠦ᠂ ᠭᠤᠣᠯᠳᠠᠯᠭ᠎ᠠ ᠲᠠᠢ ᠠᠵᠢᠯ ᠪᠣᠯᠣᠨ ᠲᠦᠷᠦᠯ ᠵᠦᠢᠯ ᠤᠨ ᠠᠬᠢᠯᠲᠠ ᠶᠢ ᠬᠢᠵᠠᠭᠠᠷᠯᠠᠵᠣ ᠪᠠᠶᠢᠭ᠎ᠠ  ᠬᠦᠴᠢᠷ ᠠᠰᠠᠭᠤᠳᠠᠯ ᠢ ᠰᠢᠢᠳᠪᠦᠷᠢᠯᠡᠵᠦ᠂ ᠢᠯᠠᠩᠭᠤᠶ᠎ᠠ ᠡᠷᠡᠭᠦᠯᠵᠢᠭᠦᠯᠭᠡ ᠶᠢᠨ ᠲᠣᠰᠠᠯᠠᠬᠤ ᠪᠠᠭᠠᠵᠢ ᠶᠢᠨ ᠠᠵᠤ ᠦᠢᠯᠡᠰ ᠤᠨ ᠬᠦᠷᠢᠶᠡᠯᠡᠩ᠂ ᠲᠤᠭ᠎ᠠ ᠪᠦᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ ᠭᠦᠢᠯᠭᠡᠭᠡᠨ ᠤ ᠵᠢᠵᠢᠭ ᠪᠠᠯᠭᠠᠰᠤ᠂ ᠵᠢᠩ ᠳ᠋ᠦᠩ ︽ᠠᠽᠢᠶ᠎ᠠ ᠨᠢᠭᠡᠳᠦᠭᠡᠷ ᠨᠡᠷᠡᠮᠵᠢᠲᠦ︾ ᠨᠣᠮᠧᠷ ᠵᠡᠷᠭᠡ ᠰᠢᠨ᠎ᠡ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠬᠤᠯᠪᠣᠭᠳᠠᠯ ᠪᠦᠬᠦᠢ ᠠᠵᠢᠯ ᠤᠨ ᠠᠬᠢᠯᠳᠠ ᠳᠤ ᠠᠩᠬᠠᠷᠣᠯ ᠲᠠᠯᠪᠢᠬᠤ ᠬᠡᠷᠡᠭᠲᠡᠢ᠃ ᠰᠢᠨ᠎ᠡ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ᠂ ᠵᠠᠩᠭᠢᠯᠠᠭ᠎ᠠ ᠶᠢᠨ ᠴᠠᠭ ᠢ ᠡᠵᠡᠮᠰᠢᠵᠦ᠂ ᠠᠵᠢᠯ ᠤᠨ ᠠᠬᠢᠴᠠ ᠪᠠᠨ ᠲᠦᠷᠭᠡᠳᠬᠡᠨ᠂ ᠠᠵᠢᠯ ᠤᠨ ᠵᠢᠷᠤᠮ ᠤᠨ ᠬᠠᠤᠯᠢ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠰᠢᠶᠠᠩ  ᠪᠠᠯᠭᠠᠰᠣ ᠵᠠᠪᠠᠯ ᠬᠠᠷᠢᠭᠤᠴᠠᠯᠭᠠᠲᠤ ᠰᠡᠳᠬᠢᠯᠭᠡ ᠪᠣᠯᠣᠨ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠵᠣᠬᠢᠴᠠᠯᠴᠠᠨ ᠬᠤᠷᠰᠢᠬᠤ ᠶᠢ ᠴᠢᠩᠭᠠᠳᠬᠠᠵᠤ᠂ ᠠᠵᠢᠯ ᠢᠶᠠᠨ ᠥᠷᠨᠢᠭᠦᠯᠬᠦ ᠶᠢ ᠲᠡᠷᠢᠭᠦᠨ ᠳᠤ ᠲᠠᠯᠪᠢᠵᠣ᠂ ᠰᠢᠨ᠎ᠡ ᠲᠣᠭᠤᠷᠢᠭ ᠤᠨ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠡᠬᠢᠯᠡᠭᠦᠯᠵᠦ᠂ ᠡᠷᠲᠡᠬᠡᠨ ᠠᠰᠢᠭᠯᠠᠯᠲᠠ   ᠳᠤ ᠣᠷᠣᠭᠤᠯᠬᠤ ᠶᠢ ᠪᠠᠲᠣᠯᠠᠬᠤ ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ  ᠤ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号