ᠵᠠᠩ ᠯᠢᠨ ᠯᠢᠨ 2017 ᠣᠨ ᠤ ᠬᠥᠯᠥᠰᠥᠨ ᠠᠵᠢᠯᠴᠢᠨ ᠤ ᠴᠠᠯᠢᠩ ᠢ ᠣᠯᠭᠤᠬᠤ ᠶᠢ ᠪᠠᠲᠣᠯᠠᠬᠤ ᠠᠵᠢᠯ ᠢ ᠲᠤᠬᠠᠶ  ᠶᠢᠨ ᠭᠠᠵᠠᠷ ᠲᠤᠨᠢ ᠰᠣᠯᠪᠢᠴᠠᠵᠣ ᠬᠢᠨᠠᠨ ᠰᠢᠯᠭᠠᠬᠤ ᠲᠣᠬᠢᠷᠠᠭᠤᠯᠣᠨ ᠪᠠᠶᠢᠷᠢᠯᠠᠭᠤᠯᠬᠤ ᠬᠤᠷᠠᠯ ᠢ ᠡᠷᠬᠢᠯᠡᠨ ᠬᠤᠷᠠᠯᠳᠣᠭᠤᠯᠵᠠᠢ
ᠨᠡᠶᠢᠲᠡᠯᠡᠭᠰᠡᠨ ᠴᠠᠭ᠄
2018-04-26
     3ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠯᠢᠨ ᠯᠢᠨ ᠰᠢᠶᠠᠨ ᠤ ᠨᠠᠮ ᠵᠠᠰᠠᠭ ᠤᠨ ᠠᠯᠪᠠᠨ ᠠᠰᠠᠷ ᠤᠨ 401ᠬᠤᠷᠠᠯ ᠤᠨ ᠭᠡᠷ ᠲᠤ 2017 ᠣᠨ ᠤ ᠬᠥᠯᠥᠰᠥᠨ ᠠᠵᠢᠯᠴᠢᠨ ᠤ ᠴᠠᠯᠢᠩ ᠣᠯᠭᠤᠬᠤ ᠶᠢ ᠪᠠᠲᠣᠯᠠᠬᠤ ᠠᠵᠢᠯ ᠢ ᠲᠤᠬᠠᠶ ᠶᠢᠨ ᠭᠠᠵᠠᠷ ᠲᠤᠨᠢ ᠰᠣᠯᠪᠢᠴᠠᠵᠣ ᠬᠢᠨᠠᠨ ᠰᠢᠯᠭᠠᠬᠤ ᠶᠢ ᠲᠣᠬᠢᠷᠠᠭᠤᠯᠣᠨ ᠪᠠᠶᠢᠷᠢᠯᠠᠭᠤᠯᠬᠤ ᠬᠤᠷᠠᠯ ᠢ ᠡᠷᠬᠢᠯᠡᠨ ᠬᠤᠷᠠᠯᠳᠣᠭᠤᠯᠵᠠᠢ᠃ ᠮᠠᠯ ᠠᠵᠤ ᠠᠬᠤᠶ ᠶᠢᠨ ᠬᠡᠯᠲᠡᠰ᠂ ᠬᠢᠨᠠᠨ ᠪᠠᠶᠢᠴᠠᠭᠠᠬᠤ ᠵᠥᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ᠂ ᠰᠣᠷᠭᠠᠨ ᠬᠦᠮᠦᠵᠢᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠂ ᠵᠡᠮ ᠨᠡᠪᠲᠡᠷᠡᠯᠭᠡ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠢ᠂ ᠤᠰᠤᠨ ᠤ ᠶᠠᠪᠤᠳᠠᠯ᠂ ᠴᠧᠩ ᠹᠠ ᠺᠣᠮᠫᠠᠨᠢ ᠵᠡᠷᠭᠡ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠰᠢᠶᠠᠨ ᠤ ᠬᠥᠯᠥᠰᠥᠨ ᠠᠵᠢᠯᠴᠢᠨ ᠤ ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ ᠪᠠᠶᠢᠷᠢᠯᠠᠭᠤᠯᠤᠭᠰᠠᠨ ᠪᠠᠶᠢᠨ᠎ᠠ︔ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠣᠨ ᠵᠠᠮ ᠬᠠᠷᠢᠯᠴᠠᠭᠠᠨ ᠤ ᠰᠠᠯᠠᠭ᠎ᠠ ᠮᠥᠴᠢᠷ 2017 ᠣᠨ ᠤ ᠤᠯᠤᠰ ᠠᠴᠠ ᠰᠢᠯᠵᠢᠭᠦᠯᠦᠨ ᠰᠢᠢᠳᠪᠦᠷᠢᠯᠡᠭᠦᠯᠦᠭᠰᠡᠨ ᠭᠤᠷᠪᠠᠨ ᠴᠠᠯᠢᠩ ᠦᠷᠢᠲᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ 2017 ᠣᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠬᠤᠯᠪᠣᠭᠳᠠᠬᠤ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠬᠥᠯᠥᠰᠥᠨ ᠠᠵᠢᠯᠴᠢᠨ ᠤ ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠭᠤᠣᠯ ᠤᠳᠤᠷᠢᠳᠤᠯᠭ᠎ᠠ ᠨᠠᠷ ᠪᠣᠳᠠᠲᠤ ᠪᠠᠶᠢᠳᠠᠯ ᠳᠤ ᠴᠢᠭᠯᠡᠭᠦᠯᠦᠨ ᠰᠤᠳᠤᠯᠤᠨ ᠪᠠᠶᠢᠷᠢᠯᠠᠭᠤᠯᠵᠤ᠂ ᠤᠯᠠᠮ ᠨᠢᠭᠡ ᠠᠯᠬᠤᠮ ᠬᠠᠷᠢᠭᠤᠴᠠᠯᠭ᠎ᠠ ᠶᠢ ᠪᠣᠲᠠᠲᠠᠶᠢᠵᠢᠭᠤᠯᠵᠣ᠂ ᠤᠯᠤᠰ ᠲᠦᠷᠤ ᠶᠢᠨ ᠵᠣᠭᠰᠣᠴᠠ ᠪᠠᠨ ᠦᠨᠳᠦᠷ ᠪᠠᠶᠢᠯᠭᠠᠵᠣ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠣᠷᠬᠢᠭᠳᠠᠭᠤᠯᠣᠭᠰᠠᠨ ᠢ ᠪᠠᠶᠢᠴᠠᠭᠠᠨ᠂ ᠲᠣᠲᠠᠭᠰᠠᠨ ᠢ ᠨᠥᠬᠦᠪᠥᠷᠢᠯᠡᠵᠦ᠂ ᠬᠦᠯᠦᠰᠦᠨ ᠠᠵᠢᠯᠴᠢᠨ ᠤ ᠴᠠᠯᠢᠩ ᠣᠯᠭᠤᠬᠤ ᠶᠢ ᠪᠠᠲᠣᠯᠠᠬᠤ ᠡᠯ᠎ᠡ ᠵᠦᠢᠯ ᠤᠨ ᠲᠦᠷᠢᠮ ᠪᠣᠯᠣᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠬᠡᠷᠡᠭᠲᠡᠶ᠃ ᠰᠢᠶᠠᠨ ᠤ ᠬᠥᠮᠦᠨ ᠤ  ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠰᠢᠶᠠᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠰᠢᠶᠠᠨ ᠤ ᠬᠦᠯᠦᠰᠦᠨ ᠠᠵᠢᠯᠴᠢᠨ ᠤ ᠴᠠᠯᠢᠩ ᠣᠯᠭᠤᠬᠤ ᠶᠢ ᠪᠠᠲᠣᠯᠠᠬᠤ ᠤᠷᠳᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠬᠡᠷᠡᠭᠵᠢᠭᠦᠯᠬᠦ ᠰᠠᠨᠠᠯ ᠢ ᠲᠣᠭᠲᠠᠭᠠᠨ᠎ᠠ᠃ ᠭᠤᠷᠪᠠ ᠳᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠲᠣᠭᠲᠠᠭᠠᠭᠰᠠᠨ 2017 ᠣᠨ ᠳᠤ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠳᠦᠷᠦᠯ ᠵᠦᠢᠯ ᠳᠤ ᠤᠯᠠᠮ ᠨᠢᠭᠡ ᠠᠯᠬᠤᠮ ᠣᠷᠬᠢᠭᠳᠠᠭᠤᠯᠣᠭᠰᠠᠨ ᠢ ᠪᠠᠶᠢᠴᠠᠭᠠᠨ᠂ ᠲᠣᠲᠠᠭᠰᠠᠨ ᠢ ᠨᠥᠬᠦᠪᠥᠷᠢᠯᠡᠵᠦ᠂ ᠠᠵᠢᠯᠯᠠᠬᠤ ᠡᠬᠡ ᠲᠠᠩᠰᠠ᠂ ᠬᠡᠷᠡᠭ ᠵᠠᠷᠭᠤ ᠶᠢᠨ ᠳᠠᠩᠰᠠ ᠡᠪᠬᠡᠮᠡᠯ ᠤᠨ ᠲᠡᠮᠳᠡᠭᠯᠡᠯ ᠢ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠪᠡᠯᠡᠳᠬᠡᠨ᠂ ᠴᠠᠭ ᠬᠤᠭᠤᠴᠠᠭ᠎ᠠ ᠶᠣᠰᠣᠭᠠᠷ ᠴᠢᠩᠭ᠎ᠠ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃ ᠲᠦᠷᠪᠡ ᠳᠤ᠂ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠰᠢᠶᠠᠨ ᠤ ᠥᠷᠢ ᠰᠢᠷᠢ ᠶᠢ ᠢᠯᠭᠠᠷᠠᠭᠤᠯᠬᠤ ᠠᠯᠪᠠᠨ ᠭᠡᠷ ᠲᠦᠷᠦᠭᠦᠯᠡᠵᠦ᠂ ᠵᠠᠰᠠᠭ ᠤᠨ ᠣᠷᠳᠣᠨ ᠤ ᠰᠢᠮᠳᠠᠭᠤᠯᠣᠨ ᠪᠠᠶᠢᠴᠠᠭᠠᠬᠤ ᠲᠠᠰᠤᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠣᠷᠠᠨ᠂ 2017 ᠣᠨ ᠤ ᠪᠣᠢ ᠪᠦᠬᠦᠢ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠤᠨ ᠥᠷᠢ ᠰᠢᠷᠢ ᠶᠢ ᠢᠯᠭᠠᠷᠠᠭᠤᠯᠬᠤ ᠠᠵᠢᠯ ᠤᠨ ᠪᠡᠯᠡᠳᠬᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ ᠲᠠᠪᠤ ᠳᠤ᠂ ᠰᠢᠢᠳᠬᠡᠬᠦ ᠡᠷᠴᠢᠮ ᠢᠶᠠᠨ ᠴᠢᠩᠭᠠᠳᠬᠠᠵᠣ᠂ ᠰᠢᠶᠠᠨ ᠤ ᠵᠠᠰᠠᠭ ᠤᠨ ᠣᠷᠳᠣᠨ ᠨᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠱᠠᠭᠠᠷᠳᠠᠯᠭ᠎ᠠ ᠳᠤ ᠬᠦᠷᠬᠦ ᠦᠭᠡᠢ ᠪᠠᠶᠢᠭ᠎ᠠ ᠡᠭᠦᠷᠭᠡ ᠴᠢᠳᠠᠪᠬᠢᠲᠣ ᠰᠠᠯᠠᠭ᠎ᠠ ᠮᠦᠴᠢᠷ ᠢ ᠪᠦᠬᠦ ᠰᠢᠶᠠᠨ ᠤ ᠬᠡᠪᠴᠢᠶᠡᠨ ᠳᠣᠲᠣᠷ᠎ᠠ ᠵᠠᠷᠯᠠᠨ ᠨᠡᠶᠢᠲᠡᠯᠡᠨ᠎ᠡ᠃ ᠵᠢᠷᠭᠤᠭ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠣ᠂2017 ᠣᠨ ᠤ ᠬᠥᠯᠥᠰᠥᠨ ᠠᠵᠢᠯᠴᠢᠨ ᠤ ᠴᠠᠯᠢᠩ ᠣᠯᠭᠤᠬᠤ ᠶᠢ ᠪᠠᠲᠣᠯᠠᠬᠤ ᠠᠵᠢᠯ ᠤᠨ ᠲᠣᠬᠠᠢ ᠶᠢᠨ ᠭᠠᠵᠠᠷ ᠲᠤᠨᠢ ᠰᠣᠯᠪᠢᠴᠠᠯ ᠬᠢᠨᠠᠨ ᠰᠢᠯᠭᠠᠬᠤ  ᠪᠡᠯᠡᠳᠬᠡᠯ ᠠᠵᠢᠯ ᠢ ᠰᠠᠶᠢᠲᠣᠷ ᠬᠢᠬᠦ  ᠬᠡᠷᠡᠭᠲᠡᠶ ᠭᠡᠪᠡ᠃
 
ᠢᠷᠡᠯᠲᠡ᠄ ᠬᠤᠷᠢᠨᠭᠡᠷ ᠰᠢᠶᠠᠨ  ᠤ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号