ᠲᠡᠭᠡᠳᠦ ᠱᠠᠲᠤᠨ ᠠᠴᠠ ᠢᠤᠢ ᠴᠢᠤᠸᠠᠨ ᠲᠤᠭᠤᠷᠢᠭ ᠤᠨ ᠴᠡᠪᠡᠷ ᠡᠨᠧᠷᠬᠢ ᠰᠤᠯᠢᠬᠤ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2018-04-26
      ᠡᠪᠦᠯ ᠤᠨ ᠤᠯᠠᠷᠢᠯ ᠤᠨ ᠲᠤᠯᠠᠭᠠᠯᠠᠮᠵᠢ ᠶᠢᠨ ᠬᠤᠭᠤᠴᠠᠭᠠᠨ ᠤ ᠠᠭᠠᠷ ᠤᠨ ᠪᠣᠬᠢᠷᠲᠤᠯ ᠢ ᠢᠳᠡᠪᠬᠢᠲᠡᠢ ᠠᠷᠭᠠᠴᠠᠵᠤ᠂ ᠲᠦᠯᠡᠰᠢᠨ ᠨᠡᠭᠦᠷᠡᠰᠦ ᠶᠢᠨ ᠰᠤᠯᠠ ᠰᠢᠲᠠᠭᠠᠯᠭ᠎ᠠ ᠶᠢ ᠪᠦᠳᠦᠮᠵᠢᠲᠡᠢ ᠪᠠᠭᠤᠷᠠᠭᠤᠯᠤᠨ᠂ ᠮᠠᠨ ᠤ ᠲᠤᠭᠤᠷᠢᠭ ᠤᠨ ᠲᠠᠯᠠᠪᠠᠢ ᠶᠢᠨ ᠰᠤᠷᠪᠤᠯᠵᠢ ᠶᠢᠨ ᠪᠤᠬᠢᠷᠲᠤᠯ ᠢ ᠤᠯᠠᠮ ᠨᠢᠭᠡ ᠠᠯᠬᠤᠮ ᠬᠢᠵᠠᠭᠠᠷᠯᠠᠵᠤ᠂ ᠮᠠᠨ ᠤ ᠲᠤᠭᠤᠷᠢᠭ ᠤᠨ ᠰᠠᠭᠤᠭᠠᠯᠢ ᠠᠷᠠᠳ ᠤᠨ ᠲᠤᠯᠠᠭᠠᠯᠠᠮᠵᠢ ᠶᠢᠨ  ᠴᠡᠪᠡᠷᠰᠢᠭᠦᠯᠦᠯᠲᠡ ᠶᠢᠨ ᠠᠵᠢᠯ ᠢ ᠢᠳᠡᠪᠬᠢᠲᠡᠢ ᠶᠠᠪᠤᠭᠳᠠᠭᠤᠯᠵᠠᠢ᠃ ᠣᠳᠣ ᠲᠦᠷᠦᠭᠦᠦ ᠤᠳᠠᠭᠠᠨ ᠤ ᠲᠤᠯᠠᠭᠠᠯᠠᠬᠤ ᠤᠯᠠᠷᠢᠯ ᠲᠡᠭᠦᠰᠮᠡᠷ ᠪᠤᠯᠵᠤ᠂ ᠮᠠᠨ ᠤ ᠲᠤᠭᠤᠷᠢᠭ ᠤᠨ ᠠᠩᠬᠠᠳᠤᠭᠠᠷ ᠱᠠᠳᠤᠨ ᠤ ᠴᠡᠪᠡᠷ ᠡᠨᠧᠷᠬᠢ ᠶᠢᠨ ᠰᠤᠯᠢᠯᠲᠠ ᠶᠢᠨ ᠠᠵᠢᠯ  ᠲᠦᠷ ᠵᠠᠭᠤᠷ᠎ᠠ ᠵᠤᠭᠰᠤᠵᠤ ᠂ ᠡᠭᠦᠨ ᠤ ᠬᠠᠮᠲᠤ ᠬᠤᠲᠠ ᠶᠢᠨ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳᠤᠯᠲᠠ ᠶᠢᠨ ᠲᠤᠪᠴᠢᠶ᠎ᠠ ᠵᠡᠷᠭᠡ ᠪᠠᠶᠢᠭᠤᠯᠭ᠎ᠠ ᠶᠢᠨ ᠠᠵᠢᠯᠲᠠᠳ ᠤᠨ ᠰᠢᠯᠭᠠᠨ ᠠᠪᠬᠤ ᠲᠤᠭᠤᠶᠢᠯᠠᠩ ᠮᠠᠨ ᠤ ᠲᠤᠭᠤᠷᠢᠭ ᠤᠨ ᠴᠡᠪᠡᠷ ᠡᠨᠧᠷᠬᠢ ᠶᠢᠨ ᠰᠤᠯᠢᠯᠲᠠ ᠶᠢᠨ ᠠᠵᠢᠯ ᠢ ᠰᠢᠯᠭᠠᠨ ᠠᠪᠴᠠᠢ᠃      ᠮᠠᠨ ᠤ ᠲᠤᠭᠤᠷᠢᠭ ᠤᠨ ᠲᠤᠰ ᠤᠳᠠᠭᠠᠨ ᠤ ᠰᠢᠯᠭᠠᠨ ᠠᠪᠬᠤ ᠠᠵᠢᠯ ᠢ ᠬᠤᠲᠠ ᠶᠢᠨ ᠤᠷᠴᠢᠨ ᠠᠬᠤᠢ ᠶᠢᠨ ᠬᠠᠮᠠᠭᠠᠯᠠᠯᠲᠠ ᠶᠢᠨ ᠲᠤᠪᠴᠢᠶ᠎ᠠ ᠶᠢᠨ ᠶᠡᠷᠦᠩᠬᠡᠢ ᠢᠨᠵᠧᠨᠧᠷ ᠼᠠᠢ ᠢᠤᠢ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠠᠵᠢᠯᠲᠠᠳ ᠮᠠᠨ ᠤ ᠲᠤᠭᠤᠷᠢᠭ ᠤᠨ ᠴᠡᠪᠡᠷ ᠡᠨᠧᠷᠬᠢ ᠰᠤᠯᠢᠬᠤ ᠴᠢᠬᠤᠯᠠᠲᠠᠢ ᠰᠢᠶᠠᠩ ᠪᠠᠯᠭᠠᠰᠤ ᠲᠤᠰᠬᠤᠨ᠂ ᠵᠡᠭᠡᠯᠢ ᠭᠤᠳᠤᠮᠵᠢ ᠳᠤ ᠪᠠᠶᠢᠴᠠᠭᠠᠯᠲᠠ ᠬᠢᠵᠦ᠂ ᠮᠠᠨ ᠤ ᠲᠤᠭᠤᠷᠢᠭ ᠤᠨ ᠴᠡᠪᠡᠷ ᠡᠨᠧᠷᠬᠢ ᠶᠢᠨ ᠰᠤᠯᠢᠯᠲᠠ ᠶᠢᠨ ᠠᠵᠢᠯ ᠤᠨ ᠶᠠᠪᠤᠭᠳᠠᠭᠰᠠᠨ ᠪᠠᠶᠢᠳᠠᠯ᠂ ᠦᠷ᠎ᠡ ᠪᠦᠳᠦᠮᠵᠢ ᠪᠠ ᠰᠠᠭᠤᠭᠠᠯᠢ ᠠᠷᠠᠳ ᠤᠨ ᠰᠠᠨᠠᠯ ᠢ ᠤᠶᠢᠯᠠᠭᠠᠵᠤ᠂ ᠨᠠᠷᠢᠯᠢᠭ ᠲᠡᠮᠳᠡᠭᠯᠡᠯ ᠬᠢᠵᠡᠢ᠃
 
ᠢᠷᠡᠯᠲᠡ᠄ ᠢᠤᠢ ᠴᠢᠤᠸᠠᠨ ᠲᠤᠭᠤᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号