ᠣᠷᠴᠢᠮᠬᠠᠨ᠂ ︽ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠣᠶᠣᠯ ᠤᠨ ᠠᠵᠣ | ᠦᠢᠯᠡᠰ ᠤᠨᠬᠦ᠋ᠭᠵᠢᠯᠲᠡ ᠶᠢ ᠣᠯᠠᠮ ᠨᠢᠭᠡ ᠠᠯᠬᠤᠮ ᠠᠬᠢᠭᠤᠯᠬᠤ ᠲᠣᠬᠠᠢ ᠬᠡᠷᠡᠭᠵᠢᠬᠦᠯᠬᠦ ᠰᠠᠨᠠᠯ︾ | ︵ᠳᠥᠭᠦᠮᠴᠢᠯᠡᠭᠡᠳ ︽ᠰᠠᠨᠠᠯ︾ ᠭᠡᠨ᠎ᠡ︶ᠨᠡᠶᠢᠲᠡᠯᠡᠭᠲᠡᠪᠡ᠃ ︽ᠰᠠᠨᠠᠯ︾ ᠳᠤ ᠵᠢᠭᠠᠨ ᠭᠠᠷᠭᠠᠭᠰᠠᠨ ᠨᠢ᠂2020 ᠣᠨ | ᠬᠦᠷᠲᠡᠯ᠎ᠡ᠂ ᠬᠦᠬᠡᠬᠤᠲᠠ ᠶᠢ ᠳᠡᠡᠯᠡᠬᠡᠢ ᠶᠢᠨ ᠲᠠᠯᠠᠨᠣᠲᠤᠭ ᠤᠨ ᠰᠢᠨ᠎ᠡ ᠶᠢ ᠡᠭᠦᠳᠬᠦ ᠪᠠ ᠰᠣᠯᠢᠯᠴᠠᠭᠠᠨ ᠤ ᠲᠥᠪ | ᠪᠣᠯᠭᠠᠨ᠎ᠠ᠃ | ᠰᠣᠶᠣᠯ ᠤᠨ ᠠᠵᠣ ᠦᠢᠯᠡᠰ ᠤᠨ ᠬᠦᠭᠵᠢᠯᠲᠡ ᠶᠢ ᠣᠯᠠᠮ ᠨᠢᠭᠡ ᠠᠯᠬᠤᠮ ᠰᠢᠯᠢᠳᠡᠭᠵᠢᠬᠦᠯᠵᠦ᠂ ᠰᠣᠶᠣᠯ ᠤᠨ | ᠠᠵᠣᠦᠢᠯᠡᠰ ᠤᠨ ᠥᠰᠦᠯᠲᠡ ᠶᠢᠨ ᠬᠤᠷᠳᠣᠴᠠ ᠠᠵᠣ ᠠᠬᠤᠢ ᠶᠢᠨ ᠥᠰᠦᠯᠲᠡ ᠶᠢᠨ ᠬᠤᠷᠳᠣᠴᠠ ᠶᠢ ᠳᠠᠪᠠᠨ᠂ | ᠰᠣᠶᠣᠯ ᠵᠢᠴᠢᠬᠤᠯᠪᠣᠭᠳᠠᠯ ᠪᠦᠬᠦᠢ ᠠᠵᠣ ᠦᠢᠯᠡᠰ ᠤᠨ ᠨᠡᠮᠡᠭᠳᠡᠯ ᠥᠷᠲᠡᠭ ᠪᠦᠬᠦ ᠬᠤᠲᠠ ᠶᠢᠨGDP ᠶᠢᠨ | ᠬᠠᠷᠢᠴᠠᠯ ᠤᠨ5% ᠢᠬᠡᠲᠦᠷᠡᠵᠦ᠂ ᠠᠭᠠᠵᠢᠮ ᠢᠶᠠᠷ ᠲᠣᠰ ᠬᠤᠲᠠ ᠶᠢᠨ ᠣᠯᠣᠰ ᠠᠷᠠᠳ ᠤᠨ ᠠᠵᠣ ᠠᠬᠤᠢ | ᠶᠢᠨ ᠳᠣᠯᠭᠠᠭᠤᠷᠢ ᠠᠵᠣ ᠦᠢᠯᠡᠰᠪᠣᠯᠣᠨᠠ᠃ | ︽ᠰᠠᠨᠠᠯ︾ ᠶᠣᠰᠣᠭᠠᠷ ᠪᠣᠯ᠂ ᠬᠦᠬᠡᠬᠤᠲᠠ ᠰᠣᠶᠣᠯ ᠤᠨ ᠠᠵᠣ ᠦᠢᠯᠡᠰ ᠤᠨ ᠬᠦᠭᠵᠢᠯᠲᠡ ᠶᠢᠨ ᠲᠣᠰᠬᠠᠢ | ᠲᠦᠷᠦᠯᠤᠨ ᠪᠡᠯᠡ ᠮᠥᠩᠭᠦ᠂ ᠭᠠᠶᠢᠯᠢ ᠳᠠᠲᠠᠪᠣᠷᠢ ᠢ ᠬᠦᠩᠭᠡᠯᠡᠵᠦ ᠬᠡᠯᠳᠦᠷᠢᠬᠦᠯᠬᠦ᠂ ᠭᠠᠵᠠᠷ ᠰᠢᠷᠣᠢ ᠶᠢᠨ ᠲᠥᠷᠦ ᠶᠢᠨ | ᠪᠣᠳᠣᠯᠭ᠎ᠠ᠂ ᠰᠣᠶᠣᠯᠤᠨ ᠠᠵᠣ ᠠᠬᠤᠶᠢᠯᠠᠯ ᠤᠨ ᠨᠠᠶᠢᠳᠠᠪᠣᠷᠢᠵᠢᠭᠤᠯᠣᠨ ᠬᠦᠭᠵᠢᠬᠦᠯᠬᠦ ᠶᠢ ᠳᠡᠮᠵᠢᠬᠦ᠂ ᠰᠣᠶᠣᠯ ᠤᠨ | ᠠᠵᠣ ᠠᠬᠤᠶᠢᠯᠠᠯ ᠤᠨ ᠶᠡᠭᠡ ᠪᠠᠷᠬᠢᠵᠦ ᠬᠦᠴᠦᠷᠭᠡᠭᠵᠢᠬᠦ ᠶᠢ ᠳᠡᠮᠵᠢᠬᠦ᠂ ᠰᠣᠶᠣᠯ ᠤᠨ ᠠᠵᠣ ᠦᠢᠯᠡᠰ ᠤᠨ | ᠲᠦᠪᠯᠡᠷᠡᠭᠦᠯᠦᠨ ᠬᠦᠭᠵᠢᠬᠦ ᠶᠢ ᠳᠡᠮᠵᠢᠬᠦ᠂ ᠰᠣᠶᠣᠯ ᠤᠨᠠᠵᠣ ᠠᠬᠤᠶᠢᠯᠠᠯ ᠤᠨ ᠣᠣᠯ ᠪᠦᠲᠦᠭᠡᠯ ᠤᠨ | ᠦᠢᠯᠡᠳᠪᠦᠷᠢᠯᠡᠯ ᠢ ᠵᠣᠷᠢᠭᠵᠢᠭᠤᠯᠬᠤ᠂ ᠪᠠᠭ᠎ᠠ ᠵᠢᠵᠢᠭ ᠰᠣᠶᠣᠯ ᠤᠨ ᠠᠵᠣᠠᠬᠤᠶᠢᠯᠠᠯ ᠢ ᠲᠦᠷᠭᠡᠨ | ᠬᠦᠭᠵᠢᠬᠦᠯᠬᠦ ᠶᠢ ᠵᠣᠷᠢᠭᠵᠢᠭᠤᠯᠬᠤ᠂ ᠰᠣᠶᠣᠯ ᠤᠨ ᠠᠵᠣ ᠠᠬᠤᠶᠢᠯᠠᠯ ᠤᠨ ᠭᠠᠳᠠᠭᠠᠲᠣ ᠬᠠᠷᠢᠯᠴᠠᠭᠠᠨ | ᠣᠬᠠᠮᠳᠣᠷᠠᠯᠴᠠᠭᠠ ᠶᠢ ᠵᠣᠷᠢᠭᠵᠢᠭᠤᠯᠬᠤ᠂ ᠪᠣᠳᠠᠰ ᠤᠨ ᠪᠣᠰᠣ ᠰᠣᠶᠣᠯ ᠤᠨ ᠥᠪ ᠤᠨ ᠬᠠᠮᠠᠭᠠᠯᠠᠯᠲᠠ ᠶᠢᠨ | ᠡᠷᠴᠢᠮ ᠵᠶ᠋ᠠᠨᠴᠢᠩᠭᠠᠳᠬᠠᠬᠤ᠂ ᠠᠷᠠᠳ ᠠᠴᠠ ᠡᠷᠬᠢᠯᠡᠬᠦ ᠮᠦᠵᠠᠢ ᠶᠢᠨ ᠬᠦᠭᠵᠢᠯᠲᠡ ᠪᠠ ᠴᠢᠳᠠᠪᠣᠷᠢᠲᠠᠨ ᠤ ᠲᠥᠷᠦ | ᠶᠢᠨ ᠪᠣᠳᠣᠯᠭ᠎ᠠ ᠵᠡᠷᠭᠡ12ᠲᠥᠷᠦᠯ ᠤᠨ ᠠᠭᠤᠯᠭ᠎ᠠ ᠶᠢ ᠲᠣᠬᠢᠷᠠᠭᠤᠯᠣᠨ᠎ᠠ᠃ | ᠡᠭᠦᠨ ᠳᠤ ︽ᠰᠠᠨᠠᠯ︾ ᠳᠤ᠂ ᠬᠦᠬᠡᠬᠤᠲᠠ ᠶᠢᠨ ᠲᠣᠰ ᠱᠠᠲᠣᠨ ᠳᠤ ᠵᠢᠯ ᠪᠣᠯᠭᠠᠨ ᠰᠣᠶᠣᠯ ᠤᠨ ᠠᠵᠣ | ᠦᠢᠯᠡᠰ ᠤᠨᠬᠦ᠋ᠭᠵᠢᠯᠲᠡ ᠶᠢᠨ ᠲᠣᠰᠬᠠᠢ ᠲᠥᠷᠦᠯ ᠤᠨ ᠪᠡᠯᠡ ᠮᠥᠩᠭᠦ8000 ᠲᠥᠮᠡᠨ ᠲᠥᠭᠦᠷᠢᠭ ᠲᠣᠬᠢᠷᠠᠭᠤᠯᠵᠣ᠂ | ᠬᠤᠵᠢᠮ ᠵᠢᠯ ᠠᠴᠠ ᠵᠢᠯᠠᠬᠢᠨ ᠨᠡᠮᠡᠭᠲᠡᠬᠦᠯᠬᠦ ᠪᠦᠭᠡᠳ ᠡᠳ᠋ ᠤᠨ ᠵᠠᠰᠠᠭ ᠤᠨ ᠲᠦᠰᠦᠯ ᠳᠤ ᠵᠢᠭᠰᠠᠭᠠᠨ | ᠣᠷᠣᠭᠤᠯᠣᠨ᠎ᠠ᠃ ᠨᠥᠬᠦᠴᠡᠯ ᠳᠤ ᠨᠡᠶᠢᠴᠡᠭᠰᠡᠨᠰᠣᠶᠣᠯ ᠤᠨ ᠠᠵᠣ ᠠᠬᠤᠶᠢᠯᠠᠯ ᠪᠠᠩᠬᠢ ᠶᠢᠨ ᠵᠢᠭᠡᠯᠡᠯᠭᠡ ᠪᠠᠷ ᠬᠤᠲᠠ | ᠶᠢᠨ ᠳᠡᠰ ᠵᠢᠴᠢ ᠲᠡᠭᠦᠨ ᠠᠴᠠ ᠳᠡᠭᠡᠭᠰᠢᠬᠢ ᠭᠤᠣᠯᠳᠠᠯᠭᠠᠲ᠋ᠠᠢ ᠰᠣᠶᠣᠯ ᠤᠨ ᠠᠵᠣ ᠦᠢᠯᠡᠰ ᠤᠨ ᠲᠦᠷᠦᠯ ᠵᠦᠢᠯ | ᠤᠨ ᠪᠣᠳᠠᠳᠣ ᠲᠤᠭᠠᠴᠠᠭ᠎ᠠ ᠮᠦᠩᠭᠦ ᠶᠢᠨ ᠬᠦᠦ ᠮᠥᠩᠭᠦ ᠳᠤ ᠨᠥᠬᠦᠪᠦᠷᠢ ᠥᠭᠭᠦᠨ᠎ᠡ᠃ |